ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠳᠣᠭᠤᠰᠢᠯᠠᠭᠠᠯᠤᠨ | ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ · ᠪᠤᠭᠤᠲᠤ ᠶᠢᠨ i ᠠᠵᠤ | ᠠᠬᠤᠶᠢᠯᠠᠯ︾ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠥᠷᠭᠡᠨ ᠢᠶᠠᠷ ᠬᠡᠷᠡᠭᠯᠡᠬᠦ ᠶᠢ ᠠᠬᠢᠭᠤᠯᠵᠤ᠂ ᠦᠢᠯᠡᠴᠢᠯᠡᠭᠡᠨ ᠤ ᠠᠵᠤ ᠠᠬᠤᠶᠢᠯᠠᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ | ᠬᠤᠷᠢᠶᠠᠨ ᠤ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠬᠡᠷ ᠠᠴᠠ ᠪᠥᠬᠦ ᠬᠤᠰᠢᠭᠤᠨ ᠤ ︽ᠥᠪᠥᠷ ᠮᠣᠩᠭᠤᠯ ᠤᠨ | ᠠᠵᠤ ᠠᠬᠤᠶᠢᠯᠠᠯ ᠳᠤ ᠨᠡᠪᠲᠡᠷᠡᠬᠦ · ᠪᠤᠭᠤᠲᠤ ᠶᠢᠨ i ᠠᠵᠤ ᠠᠬᠤᠶᠢᠯᠠᠯ︾ ᠤᠨ ᠲᠠᠪᠴᠠᠩ ᠤᠨ ᠲᠤᠰᠬᠠᠶ ᠰᠡᠳᠦᠪᠲᠦ | ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠡᠯ᠎ᠡ ᠰᠤᠮᠤ ᠰᠢᠶᠠᠩ ᠪᠠᠯᠭᠠᠰᠤ᠂ | ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠢᠭᠡᠳ | ᠠᠵᠢᠯᠲᠠᠳ ᠪᠣᠯᠪᠠᠰᠤᠷᠠᠭᠤᠯᠤᠯ ᠳᠤ ᠣᠷᠣᠯᠴᠠᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ · | ᠪᠤᠭᠤᠲᠤ ᠶᠢᠨ i ᠠᠵᠤ ᠠᠬᠤᠶᠢᠯᠠᠯ︾ ᠤᠨ ᠲᠠᠪᠴᠠᠩ ᠪᠣᠯ ᠪᠤᠭᠤᠲᠤ ᠬᠤᠲᠠ ᠶᠢᠨ ᠪᠠᠶᠢᠭᠤᠯᠤᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠨᠢᠭᠡ ᠥᠷᠲᠡᠭᠡ ᠮᠠᠶ᠋ᠢᠭ ᠤᠨ ᠡᠯᠧᠺᠲᠷᠤᠨ ᠦᠢᠯᠡᠴᠢᠯᠡᠭᠡᠨ ᠤ ᠲᠠᠪᠴᠠᠩ | ᠮᠥᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ | ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠠᠵᠤ | ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠬᠦᠷᠭᠡᠬᠦ᠂ ᠬᠦᠰᠡᠯ ᠱᠠᠭᠠᠷᠳᠠᠯᠭ᠎ᠠ ᠶᠢ ᠥᠨᠳᠥᠷ | ᠪᠦᠲᠦᠮᠵᠢᠲᠡᠶ ᠪᠠᠷ ᠭᠦᠢᠴᠡᠳᠭᠡᠬᠦ ᠵᠡᠷᠭᠡ ᠳᠥᠭᠦᠮ ᠳᠥᠲᠡ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢ ᠰᠢᠯᠤᠭᠤᠳᠬᠠᠬᠤ | ᠴᠢᠬᠤᠯᠠ ᠠᠴᠢᠶᠠᠯᠠᠪᠤᠷᠢ ᠮᠥᠨ᠃ ᠲᠣᠰ ᠲᠠᠪᠴᠠᠩ ᠢ ᠰᠠᠶᠢᠲᠤᠷ ᠠᠰᠢᠭᠯᠠᠬᠤ ᠨᠢ ᠮᠠᠨ ᠤ ᠬᠤᠰᠢᠭᠤᠨ ᠤ ᠠᠵᠤ | ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠪᠤᠭᠤᠲᠤ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠵᠣᠬᠢᠴᠠᠭᠤᠯᠬᠤ ᠦᠢᠯᠡᠴᠢᠯᠡᠭᠡᠨ ᠤ ᠰᠠᠯᠠᠭᠠᠨ ᠤ ᠯᠢ | ᡁᠢ ᠶᠢᠨ ᠨᠥᠬᠦᠷ ᠤᠷᠢᠯᠭ᠎ᠠ ᠪᠠᠷ ᠲᠤᠰᠬᠠᠶ ᠰᠡᠳᠦᠪᠲᠦ ᠵᠢᠯᠣᠭᠤᠳᠣᠯᠭ᠎ᠠ ᠬᠢᠵᠦ᠂ ᠲᠠᠪᠴᠠᠩ ᠤᠨ ᠴᠢᠳᠠᠮᠵᠢ ᠶᠢᠨ | ᠬᠡᠰᠡᠭ᠂ ᠠᠵᠢᠯᠯᠠᠬᠤ ᠶᠠᠪᠤᠴᠠ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ᠭᠥᠢᠴᠡᠳᠬᠡᠬᠦ ᠵᠢᠷᠤᠮᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ | ᠲᠠᠶᠢᠯᠤᠮᠵᠢ ᠬᠢᠬᠦ ᠶᠢᠨ ᠬᠠᠮᠲᠤ᠂ ᠲᠤᠬᠠᠶ ᠶᠢᠨ ᠲᠠᠯᠠᠪᠤᠷ ᠲᠤ ᠳᠠᠩᠰᠠᠯᠠᠭᠤᠯᠤᠨ ᠲᠡᠮᠳᠡᠭᠯᠡᠬᠦ᠂ ᠲᠥᠷᠥ ᠶᠢᠨ | ᠪᠣᠳᠣᠯᠭ᠎ᠠ ᠶᠢ ᠪᠠᠶᠢᠴᠠᠭᠠᠨ ᠯᠠᠪᠯᠠᠬᠤ᠂ ᠠᠰᠠᠭᠤᠳᠠᠯ ᠢ ᠲᠤᠰᠢᠶᠠᠬᠤ ᠵᠡᠷᠭᠡ ᠠᠵᠢᠯᠯᠠᠭᠠᠨ ᠤ ᠠᠯᠬᠤᠮ ᠳᠠᠷᠠᠭ᠎ᠠ ᠶᠢᠨ | ᠲᠣᠭᠤᠷᠢᠨ ᠳᠤ ᠪᠣᠯᠪᠠᠰᠤᠷᠠᠭᠤᠯᠤᠯ ᠳᠤ ᠣᠷᠣᠯᠴᠠᠭᠰᠠᠳ ᠢ ᠬᠠᠪᠰᠤᠷᠤᠨ ᠲᠠᠪᠴᠠᠩ ᠤᠨ ᠬᠡᠷᠡᠭᠯᠡᠯᠲᠡ ᠶᠢᠨ ᠠᠷᠭ᠎ᠠ | ᠵᠠᠮ ᠢ ᠲᠦᠷᠭᠡᠨ ᠡᠵᠡᠮᠰᠢᠭᠦᠯᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠰᠠᠯᠠᠭ᠎ᠠ | ᠮᠥᠴᠢᠷ ᠤᠨ ᠬᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠳᠠᠩᠰᠠᠯᠠᠯᠲᠠ ᠶᠢᠨ ᠨᠣᠷᠮ᠎ᠠ ᠪᠠ | ᠲᠠᠪᠴᠠᠩ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ︔ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠳᠤ | ᠲᠦᠰᠢᠭᠯᠡᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠴᠤᠤᠷᠢᠶᠠᠲᠤᠨ ᠳᠠᠭᠠᠵᠤ᠂ | ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠦᠷᠭᠡᠬᠦ᠂ ᠠᠰᠠᠭᠤᠳᠠᠯ ᠢ ᠥᠨᠳᠥᠷ ᠪᠦᠲᠦᠮᠵᠢᠲᠡᠢ | ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠡᠷᠡᠭ ᠢ | ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠶᠢᠬᠤ ᠦᠵᠡᠭᠳᠡᠯ ᠢ ᠡᠷᠡᠰ ᠬᠤᠷᠢᠭᠯᠠᠵᠤ᠂ ᠡᠭᠦᠷᠭᠡ ᠲᠤᠰᠢᠶᠠᠯ ᠢᠶᠠᠨ | ᠭᠦᠢᠴᠡᠳ ᠭᠦᠢᠴᠡᠳᠬᠡᠭᠰᠡᠨ ᠦᠭᠡᠢ ᠠᠴᠠ ᠪᠤᠯᠵᠤ ᠳᠡᠭᠡᠳᠦ ᠱᠠᠲᠤᠨ ᠠᠴᠠ ᠨᠡᠷ᠎ᠡ ᠵᠢᠭᠠᠵᠤ ᠰᠢᠮᠳᠠᠭᠤᠯᠤᠨ | ᠰᠢᠢᠳᠪᠦᠷᠢᠯᠡᠭᠦᠯᠬᠦ ᠠᠴᠠ ᠵᠠᠶᠢᠯᠠᠰᠬᠢᠬᠦ ᠬᠡᠷᠡᠭᠲᠡᠢ᠃ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠬᠡᠷ ᠨᠢ ᠬᠢᠨᠠᠨ | ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠲᠠᠪᠴᠠᠩ ᠢ ᠦᠨᠡᠨ ᠬᠦ ᠠᠵᠤ ᠠᠬᠤᠶᠢᠯᠠᠯ ᠳᠤ ᠦᠢᠯᠡᠴᠢᠯᠡᠬᠦ ︽ | ᠰᠡᠳᠬᠢᠯ ᠤᠨ ᠬᠤᠯᠪᠤᠭᠠᠰᠤ︾ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ | ᠲᠦᠯᠬᠢᠭᠴᠢ︾ ᠪᠣᠯᠭᠠᠬᠤ ᠶᠢ ᠠᠬᠢᠭᠤᠯᠤᠨ᠎ᠠ᠃ |