ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ | ᠢᠶᠠᠨ ᠬᠠᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠪᠠᠭᠠᠳᠤᠷᠴᠤᠳ ᠢᠶᠠᠨ | ᠬᠦᠨᠳᠦᠳᠭᠡᠬᠦ᠂ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠨᠡᠶᠢᠭᠡᠮ ᠤᠨ | ᠠᠭᠤᠷ ᠠᠮᠢᠰᠬᠤᠯ ᠢ ᠪᠤᠢ ᠪᠤᠯᠭᠠᠬᠤ ᠵᠢᠨᠲ᠋ᠥ᠋ᠯᠥᠭᠡ᠂ 4 ᠰᠠᠷ᠎ᠠ ᠶᠢᠨ 3 ᠤ ᠡᠳᠦᠷ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠤᠯᠠᠮᠵᠢᠯᠠᠨ | ᠵᠠᠯᠭᠠᠮᠵᠢᠯᠠᠬᠤ · 2025 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠤ︾ | ᠠᠵᠢᠯᠯᠠᠭ᠎ᠠ ᠲᠠᠢ ᠤᠶᠠᠯᠳᠤᠭᠤᠯᠤᠨ᠂ ︽ᠬᠤᠪᠢᠰᠬᠠᠯ ᠤᠨ ᠤᠳᠤᠮᠰᠢᠯ ᠢ ᠡᠭᠦᠷᠢᠳᠡ ᠤᠯᠠᠮᠵᠢᠯᠠᠵᠤ᠂ ᠤᠯᠤᠰ ᠢᠶᠠᠨ | ᠬᠦᠴᠦᠷᠬᠡᠭᠵᠢᠭᠦᠯᠬᠦ ᠳᠤ ᠰᠢᠨ᠎ᠡ ᠭᠠᠪᠢᠶ᠎ᠠ ᠪᠠᠶᠢᠭᠤᠯᠤᠶ᠎ᠠ︾ ᠭᠡᠬᠦ ᠭᠤᠣᠯ ᠰᠡᠳᠦᠪᠲᠦ ᠠᠬᠠᠮᠠᠳ ᠴᠡᠷᠢᠭ ᠤᠨ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠡᠯ᠎ᠡ ᠰᠤᠮᠤ ᠰᠢᠶᠠᠩ ᠪᠠᠯᠭᠠᠰᠤ ︵ᠨᠡᠶᠢᠭᠡᠮ | ᠲᠣᠭᠤᠷᠢᠭ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ᠂ | ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠳᠤ ᠣᠷᠣᠯᠴᠠᠵᠠᠶ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠭᠡᠰᠢᠭᠦᠨ ᠯᠢ ᡁᠢ ᠫᠧᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ︾ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃ ᠣᠨᠣᠯ ᠪᠠ ᠦᠢᠯᠡᠳᠦᠯᠭᠡ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠦᠨᠵᠡᠭᠡᠶ ᠪᠥᠭᠡᠳ ᠣᠶᠢᠯᠠᠭᠠᠮᠵᠢᠲᠠᠶ ᠬᠡᠯᠡ ᠭᠡᠯᠡᠯᠭᠡ ᠪᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠴᠢᠬᠤᠯᠠ | ᠴᠢᠨᠠᠷ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠤᠭᠴᠠᠯᠠᠬᠤ | ᠲᠤᠬᠠᠶ ᠶᠠᠷᠢᠪᠠ᠃ ᠤᠯᠠᠨ ᠢ ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ | ᠠᠭᠤᠯᠤᠭᠳᠠᠬᠤᠨ᠂ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠵᠡᠯ ᠰᠠᠨᠠᠭᠠᠨ ᠤ | ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠨᠢ ᠴᠢᠩᠭᠠᠳᠬᠠᠪᠠ᠃ | ᠳᠠᠷᠠᠭ᠎ᠠ ᠨᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠤᠯᠠᠨ ᠢ ᠵᠣᠬᠢᠶᠠᠨ ᠪᠠᠶᠢᠭᠤᠯᠵᠤ | ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ | ᠲᠢᠩᠬᠢᠮ ᠢᠶᠠᠷ ᠲᠣᠭᠤᠷᠢᠨ ᠦᠵᠡᠭᠰᠡᠨ ᠪᠥᠭᠡᠳ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ | ᠪᠣᠰᠣᠯᠭ᠎ᠠ ᠶᠢᠨ ᠬᠡᠷᠡᠭ ᠤᠨ ᠲᠤᠬᠠᠢ ᠰᠣᠨᠣᠰᠪᠠ᠃ ᠲᠠᠶᠢᠯᠪᠤᠷᠢᠯᠠᠭᠴᠢ ᠶᠢᠨ ᠨᠠᠷᠢᠨ ᠲᠠᠶᠢᠯᠪᠤᠷᠢᠯᠠᠯᠳᠠ ᠶᠢ | ᠰᠤᠨᠤᠰᠬᠤ ᠪᠠᠷ ᠲᠠᠮᠵᠢᠨ᠂ ᠤᠯᠠᠨ ᠢ ᠳᠠᠭᠠᠭᠤᠯᠤᠨ ᠲᠡᠷᠡ ᠬᠦ ᠰᠡᠳᠬᠢᠯ ᠵᠢᠷᠦᠬᠡ ᠶᠢ ᠲᠤᠭᠳᠤᠯᠤᠭᠤᠯᠤᠮ᠎ᠠ ᠲᠡᠦᠬᠡ ᠶᠢ | ᠡᠷᠭᠢᠴᠡᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠲᠤᠷᠠᠰᠴᠤ᠂ ᠬᠤᠪᠢᠰᠬᠠᠯ ᠤᠨ ᠵᠣᠷᠢᠭ | ᠰᠠᠨᠠᠭ᠎ᠠ ᠶᠢ ᠪᠠᠳᠠᠷᠠᠭᠤᠯᠪᠠ᠃ |