4 ᠰᠠᠷ᠎ᠠ ᠶᠢᠨ 5 ᠤ ᠡᠳᠦᠷ ᠠᠴᠠ ᠡᠬᠢᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ 374.905 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ 2003.635 ᠲᠦᠮᠡᠨ ᠮᠥ ᠨᠤᠲᠤᠭ ᠪᠡᠯᠴᠢᠭᠡᠷ ᠢ ᠠᠮᠠᠷᠠᠭᠤᠯᠬᠤ ᠬᠤᠭᠤᠴᠠᠭᠠᠨ ᠳᠤ | ᠤᠷᠤᠭᠤᠯᠵᠤ᠂ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠢ | ᠠᠮᠠᠷᠠᠭᠤᠯᠬᠤ ᠠᠵᠢᠯ ᠳᠤ ᠴᠢᠭᠯᠡᠭᠦᠯᠦᠨ ᠤᠷᠢᠳᠴᠢᠯᠠᠨ ᠪᠠᠶᠢᠷᠢᠯᠠᠭᠤᠯᠵᠤ᠂ ᠬᠠᠮᠵᠢᠯᠴᠠᠨ ᠬᠦᠴᠦᠯᠡᠵᠦ᠂ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠲᠣᠭᠤᠷᠢᠨ ᠪᠠᠶᠢᠴᠠᠭᠠᠵᠤ ᠬᠢᠨᠠᠨ | ᠬᠠᠮᠢᠶᠠᠷᠬᠤ᠂ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠵᠢᠯᠣᠭᠤᠴᠢ ᠥᠬᠡᠶ ᠨᠢᠰᠬᠡᠯ ᠢᠶᠠᠷ ᠬᠢᠨᠠᠨ | ᠬᠡᠮᠵᠢᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ | ᠰᠠᠶᠢᠲᠤᠷ ᠠᠰᠢᠭᠯᠠᠨ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ ᠪᠠ ᠨᠤᠲᠤᠭ | ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠨᠤᠲᠤᠭ ᠪᠡᠯᠴᠢᠭᠡᠷ ᠤᠨ ᠰᠡᠯᠭᠦᠨ ᠰᠡᠷᠭᠦᠬᠦ ᠶᠢ ᠠᠬᠢᠭᠤᠯᠪᠠ᠃ | 4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠳᠠᠷᠬᠠᠨ ᠰᠤᠮᠤ ᠶᠢᠨ ᠴᠠᠭᠠᠨ ᠤᠪᠤᠭ᠎ᠠ | ᠭᠠᠴᠠᠭᠠᠨ ᠤ ᠮᠠᠯᠴᠢᠨ ᠯᠢᠦ ᠶᠢᠨ ᠵᠦ ᠬᠦᠷᠢᠶᠡᠨ ᠳᠣᠲᠣᠷᠠᠬᠢ ᠡᠪᠡᠰᠦ ᠪᠣᠷᠳᠤᠭ᠎ᠠ ᠪᠠᠨ ᠲᠡᠭᠰᠢᠯᠡᠨ ᠣᠪᠣᠭᠠᠯᠠᠵᠤ | ᠪᠠᠶᠢᠪᠠ᠂ ᠬᠡᠳᠦᠨ ᠡᠳᠦᠷ ᠤᠨ ᠡᠮᠦᠨ᠎ᠡ ᠲᠡᠷᠡ ᠭᠠᠳᠠᠷ ᠣᠷᠣᠨ ᠠᠴᠠ 5 ᠲᠣᠨ ᠰᠢᠬᠠᠮ ᠡᠪᠡᠰᠦ ᠪᠣᠷᠳᠤᠭ᠎ᠠ | ᠬᠤᠳᠠᠯᠳᠤᠨ ᠠᠪᠴᠢᠷᠠᠵᠤ᠂ ᠡᠳᠡᠭᠡᠷ ᠡᠪᠡᠰᠦ ᠪᠣᠷᠳᠤᠭ᠎ᠠ ᠨᠢ ᠮᠠᠯ ᠤᠨ ᠨᠤᠲᠤᠭ ᠪᠡᠯᠴᠢᠭᠡᠷ ᠢ ᠠᠮᠠᠷᠠᠭᠤᠯᠬᠤ | ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠡᠵᠦ᠂ ᠥᠪᠡᠷ ᠤᠨ ᠮᠠᠯ ᠤᠨ ᠨᠤᠲᠤᠭ ᠪᠡᠯᠴᠢᠭᠡᠷ ᠢ ᠠᠮᠠᠷᠠᠭᠤᠯᠬᠤ | ᠬᠤᠭᠤᠴᠠᠭᠠᠨ ᠳᠠᠬᠢ ᠰᠢᠮ᠎ᠡ ᠲᠡᠵᠢᠭᠡᠯ ᠤᠨ ᠬᠠᠩᠭᠠᠯᠭ᠎ᠠ ᠶᠢ ᠪᠠᠲᠤᠯᠠᠬᠤ ᠪᠣᠯᠤᠨ᠎ᠠ᠃ ︽ᠮᠠᠨ ᠤ ᠬᠢ 7000 | ᠭᠠᠷᠤᠢ ᠮᠦ ᠨᠤᠳᠤᠭ ᠪᠡᠯᠴᠢᠭᠡᠷ ᠲᠠᠢ᠂ 200 ᠰᠢᠬᠠᠮ ᠬᠤᠨᠢ ᠲᠠᠢ᠂ ᠪᠠᠰᠠ ᠨᠢᠭᠡ ᠪᠦᠯᠦᠭ ᠦᠬᠡᠷ ᠪᠠ | ᠠᠳᠤᠭᠤ ᠲᠠᠢ ᠪᠣᠯᠬᠤᠷ ᠥᠩᠭᠡᠷᠡᠭᠰᠡᠨ ᠵᠢᠯ ᠤᠳ ᠤᠨ ᠪᠠᠶᠢᠳᠠᠯ ᠠᠴᠠ ᠦᠵᠡᠪᠡᠯ᠂ ᠡᠳᠡᠭᠡᠷ ᠡᠪᠡᠰᠦ ᠪᠣᠷᠳᠤᠭ᠎ᠠ ᠨᠢ | ᠦᠨᠳᠦᠰᠦᠨ ᠳᠤ ᠪᠠᠨ ᠨᠤᠲᠤᠭ ᠪᠡᠯᠴᠢᠭᠡᠷ ᠢ ᠠᠮᠠᠷᠠᠭᠤᠯᠬᠤ ᠬᠤᠭᠤᠴᠠᠭᠠᠨ ᠳᠤ ᠭᠡᠷᠡᠭᠯᠡᠵᠦ ᠬᠦᠷᠦᠨ᠎ᠡ︾ ᠬᠡᠵᠦ | ᠯᠢᠦ ᠶᠢᠨ ᠵᠦ ᠬᠡᠯᠡᠪᠡ᠃ | ᠬᠠᠪᠤᠷ ᠤᠨ ᠤᠯᠠᠷᠢᠯ ᠪᠣᠯ ᠡᠪᠡᠰᠦ ᠪᠡᠯᠴᠢᠭᠡᠷ ᠤᠨ ᠤᠷᠭᠤᠴᠠ ᠬᠠᠮᠤᠭ ᠤᠨ ᠬᠡᠪᠡᠷᠡᠭ ᠪᠥᠭᠡᠳ ᠬᠠᠮᠠᠭᠠᠯᠠᠬᠤ | ᠴᠢᠬᠤᠯᠠ ᠲᠠᠢ ᠴᠠᠭ ᠬᠤᠭᠤᠴᠠᠭ᠎ᠠ ᠪᠠᠶᠢᠵᠤ᠂ ᠨᠤᠲᠤᠭ ᠪᠡᠯᠴᠢᠭᠡᠷ ᠢ ᠠᠮᠠᠷᠠᠭᠤᠯᠬᠤ ᠨᠢ ᠡᠪᠡᠰᠦ ᠪᠡᠯᠴᠢᠭᠡᠷ ᠢ | ᠭᠦᠢᠴᠡᠳ ᠨᠣᠭᠤᠭᠠᠷᠠᠭᠤᠯᠬᠤ ᠪᠠ ᠡᠪᠡᠰᠤᠨ ᠤ ᠤᠷᠭᠤᠯᠳᠠ ᠳᠤ ᠠᠰᠢᠭᠲᠠᠢ ᠶᠤᠮ᠃ 2025 ᠣᠨ ᠤ ᠬᠠᠪᠤᠷ ᠤᠨ | ᠤᠯᠠᠷᠢᠯ ᠤᠨ ᠪᠡᠯᠴᠢᠭᠡᠷ ᠡᠪᠡᠰᠦ ᠶᠢ ᠨᠤᠭᠤᠭᠠᠷᠠᠭᠤᠯᠵᠤ ᠨᠤᠲᠤᠭ ᠪᠡᠯᠴᠢᠭᠡᠷ ᠢ ᠠᠮᠠᠷᠠᠭᠤᠯᠬᠤ ᠬᠤᠭᠤᠴᠠᠭ᠎ᠠ ᠨᠢ 4 | ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ᠂ ᠨᠡᠶᠢᠲᠡ 45 ᠡᠳᠦᠷ᠃ 3 ᠰᠠᠷ᠎ᠠ ᠠᠴᠠ | ᠡᠬᠢᠯᠡᠨ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ | ᠵᠤᠭᠰᠤᠭᠠᠵᠤ ᠨᠤᠲᠤᠭ ᠪᠡᠯᠴᠢᠭᠡᠷ ᠢ ᠠᠮᠠᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠲᠤᠬᠠᠶ ᠶᠢᠨ ᠭᠠᠵᠠᠷ ᠲᠤᠨᠢ ᠡᠷᠦᠬᠡ ᠳᠤ ᠣᠷᠣᠬᠤ᠂ ᠨᠤᠲᠤᠭ ᠪᠡᠯᠴᠢᠭᠡᠷ ᠤᠨ ᠬᠠᠮᠢᠶᠠᠷᠤᠭᠴᠢ ᠶᠢ ᠰᠤᠷᠪᠤᠯᠵᠢᠯᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠴᠢᠭᠡᠷᠯᠡᠭᠦᠯᠬᠦ ᠶᠢ ᠵᠤᠭᠰᠤᠭᠠᠵᠤ ᠨᠤᠲᠤᠭ ᠪᠡᠯᠴᠢᠭᠡᠷ ᠢ ᠠᠮᠠᠷᠠᠭᠤᠯᠬᠤ | ᠲᠥᠷᠥ ᠶᠢᠨ ᠪᠣᠳᠣᠯᠭ᠎ᠠ ᠶᠢ ᠤᠬᠠᠭᠤᠯᠵᠤ᠂ ᠡᠭᠦᠨ ᠳᠤ᠂ ᠦᠬᠡᠷᠬᠤᠳᠳᠤᠭ ᠪᠠᠯᠭᠠᠰᠤ ᠪᠡᠯᠴᠢᠭᠡᠷᠯᠡᠭᠦᠯᠬᠦ ᠶᠢ | ᠵᠤᠭᠰᠤᠭᠠᠵᠤ ᠨᠤᠲᠤᠭ ᠪᠡᠯᠴᠢᠭᠡᠷ ᠢ ᠠᠮᠠᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠵᠢᠯᠣᠭᠤᠴᠢ ᠥᠬᠡᠶ ᠨᠢᠰᠬᠡᠯ ᠵᠡᠷᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠪᠥᠬᠦ ᠣᠷᠣᠨ ᠪᠦᠰᠡ ᠳᠤ ᠥᠨᠴᠥᠭ ᠪᠤᠯᠤᠩ ᠥᠬᠡᠶ ᠬᠢᠨᠠᠨ ᠡᠵᠡᠮᠳᠡᠬᠦ ᠶᠢ | ᠪᠡᠶᠡᠯᠡᠭᠦᠯᠵᠦ᠂ ᠣᠶᠤᠨᠴᠢ ᠮᠠᠯᠵᠢᠯ ᠤᠨ ᠲᠠᠯᠠᠪᠠᠶ᠂ ︽ᠬᠤᠶᠠᠷ ᠭᠠᠵᠠᠷ ᠭᠤᠷᠪᠠᠨ ᠲᠠᠯ᠎ᠠ︾ ᠶᠢᠨ ᠣᠨᠳᠣᠤ ᠭᠠᠵᠠᠷ ᠲᠤ | ᠣᠷᠣᠯᠠᠨ ᠲᠡᠵᠢᠭᠡᠬᠦ ᠵᠡᠷᠭᠡ ᠲᠤᠷᠰᠢᠯᠲᠠ ᠶᠢᠨ ᠲᠥᠷᠥᠯ ᠵᠦᠢᠯ ᠳᠤ ᠲᠦᠰᠢᠭᠯᠡᠨ ᠬᠠᠰᠢᠶᠠᠯᠠᠨ ᠲᠡᠵᠢᠭᠡᠬᠦ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠳᠡᠯᠭᠡᠷᠡᠭᠦᠯᠵᠦ᠂ ᠤᠯᠠᠮᠵᠢᠯᠠᠯᠲᠤ ᠮᠠᠯ ᠠᠵᠤ ᠠᠬᠤᠶ ᠶᠢ ᠠᠮᠢ | ᠠᠬᠤᠶ ᠶᠢᠨ ᠨᠥᠬᠦᠷᠰᠡᠭ ᠬᠡᠯᠪᠡᠷᠢ ᠳᠠᠰᠢ ᠬᠤᠪᠢᠷᠠᠭᠤᠯᠬᠤ ᠶᠢ ᠠᠬᠢᠭᠤᠯᠪᠠ᠃ | ᠳᠠᠷᠬᠠᠨ ᠰᠤᠮᠤ ᠨᠤᠲᠤᠭ ᠪᠡᠯᠴᠢᠭᠡᠷ ᠢ ᠠᠮᠠᠷᠠᠭᠤᠯᠬᠤ ᠬᠤᠭᠤᠴᠠᠭᠠᠨ ᠳᠤ ᠬᠡᠷᠡᠭᠰᠡᠬᠦ ᠡᠪᠡᠰᠦ ᠪᠣᠷᠳᠤᠭ᠎ᠠ ᠶᠢ | ᠲᠣᠬᠢᠷᠠᠭᠤᠯᠤᠨ ᠬᠤᠳᠠᠯᠳᠤᠨ ᠠᠪᠬᠤ᠂ ᠨᠥᠭᠡᠴᠡᠯᠡᠬᠦ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠪᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠡᠪᠡᠰᠦ | ᠪᠡᠯᠴᠢᠭᠡᠷ ᠤᠨ ᠨᠣᠭᠤᠭᠠᠷᠠᠬᠤ ᠬᠤᠭᠤᠴᠠᠭᠠᠨ ᠳᠠᠬᠢ ᠨᠤᠲᠤᠭ ᠪᠡᠯᠴᠢᠭᠡᠷ ᠢ ᠠᠮᠠᠷᠠᠭᠤᠯᠬᠤ ᠠᠵᠢᠯ ᠤᠨ ᠰᠠᠭᠤᠷᠢ ᠶᠢ | ᠪᠠᠲᠤᠳᠬᠠᠪᠠ᠃ ︽ᠪᠢᠳᠡ ᠡᠨᠡ ᠵᠢᠯ ᠡᠷᠲᠡᠬᠡᠨ ᠬᠥᠳᠡᠯᠦᠯᠴᠡᠵᠦ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ | ᠸᠢᠴᠠᠲ ᠤᠨ ᠴᠤᠭᠯᠠᠷᠠᠯ᠂ ᠰᠢᠭᠤᠳ ᠡᠷᠦᠬᠡ ᠳᠤ ᠣᠷᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠥᠷᠭᠡᠨ ᠢᠶᠠᠷ ᠬᠢᠵᠡᠶ᠂ ᠡᠭᠦᠨ ᠠᠴᠠ ᠭᠠᠳᠠᠨ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠᠷ | ᠲᠠᠮᠵᠢᠨ 2000 ᠲᠣᠨ ᠰᠢᠬᠠᠮ ᠨᠥᠬᠦᠪᠥᠷᠢ ᠲᠡᠵᠢᠭᠡᠯ ᠪᠣᠷᠳᠤᠭ᠎ᠠ ᠭᠤᠶᠤᠴᠢᠯᠠᠵᠤ᠂ ᠮᠠᠯᠴᠢᠨ ᠲᠠᠷᠢᠶᠠᠴᠢᠨ ᠢ | ᠬᠠᠪᠰᠤᠷᠤᠨ ᠪᠡᠯᠴᠢᠭᠡᠷᠯᠡᠭᠦᠯᠬᠦ ᠶᠢ ᠵᠤᠭᠰᠤᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ︾ | ᠬᠡᠵᠦ ᠳᠠᠷᠬᠠᠨ ᠰᠤᠮᠤ ᠶᠢᠨ ᠳᠡᠳ᠋ ᠰᠤᠮᠤᠨ ᠳᠠᠷᠤᠭ᠎ᠠ ᠬᠠᠨ ᠳ᠋ᠠ ᠲᠠᠨᠢᠯᠴᠠᠭᠤᠯᠵᠤ᠂ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠠᠮᠠᠷᠠᠭᠤᠯᠬᠤ ᠠᠵᠢᠯ ᠵᠢᠩᠬᠢᠨᠢ ᠪᠠᠷ ᠡᠬᠢᠯᠡᠭᠰᠡᠨ ᠤ ᠳᠠᠷᠠᠭ᠎ᠠ᠂ ᠳᠠᠷᠬᠠᠨ ᠰᠤᠮᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠤᠳᠤᠭ ᠪᠡᠯᠴᠢᠭᠡᠷ ᠢ ᠠᠮᠠᠷᠠᠭᠤᠯᠬᠤ ᠲᠥᠷᠥ ᠶᠢᠨ | ᠪᠣᠳᠣᠯᠭ᠎ᠠ ᠶᠢ ᠪᠣᠳᠠᠲᠠᠶ ᠨᠠᠶᠢᠳᠠᠪᠤᠷᠢᠵᠢᠭᠤᠯᠤᠨ᠎ᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ ᠨᠤᠳᠤᠭ ᠪᠡᠯᠴᠢᠭᠡᠷ ᠢ ᠠᠮᠠᠷᠠᠭᠤᠯᠬᠤ | ᠬᠤᠭᠤᠴᠠᠭ᠎ᠠ ᠬᠦᠷᠴᠦ ᠢᠷᠡᠬᠦ ᠠᠴᠠ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠬᠠᠭᠤᠯᠭ᠎ᠠ ᠶᠢᠨ | ᠳᠡᠪᠲᠡᠷ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠠᠯᠪᠠᠨ ᠵᠠᠷᠯᠠᠯ ᠲᠠᠷᠬᠠᠭᠠᠬᠤ᠂ ︽ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠬᠤᠭᠤᠴᠠᠭᠠᠨ ᠳᠤ ᠮᠠᠯᠴᠢᠳ ᠲᠤ ᠦᠭᠬᠦ ᠨᠢᠭᠡ ᠬᠤᠪᠢ | ᠵᠠᠬᠢᠳᠠᠯ︾᠂ ᠲᠣᠳᠣᠷᠬᠠᠶ ᠺᠠᠷᠲ ᠨᠠᠭᠠᠬᠤ᠂ ᠤᠬᠠᠭᠤᠯᠭ᠎ᠠ ᠶᠢᠨ ᠸᠢᠳᠢᠣ᠋ ᠵᠣᠬᠢᠶᠠᠬᠤ ᠵᠡᠷᠭᠡ ᠣᠯᠠᠨ ᠵᠦᠢᠯ ᠤᠨ ᠠᠷᠭ᠎ᠠ | ᠵᠠᠮ ᠢᠶᠠᠷ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠤᠬᠠᠭᠤᠯᠭ᠎ᠠ ᠬᠢᠵᠦ᠂ ᠮᠠᠯᠴᠢᠨ | ᠲᠠᠷᠢᠶᠠᠴᠢᠨ ᠳᠤ ᠮᠡᠳᠡᠬᠦᠯᠬᠦ ᠬᠡᠮᠵᠢᠶ᠎ᠡ ᠶᠢ ᠶᠡᠭᠡ ᠪᠠᠷ ᠲᠡᠭᠡᠭᠰᠢᠯᠡᠬᠦᠯᠪᠡ᠃ ᠡᠪᠡᠰᠦ ᠪᠡᠯᠴᠢᠭᠡᠷ ᠨᠤᠭᠤᠭᠠᠷᠠᠵᠤ ᠨᠤᠳᠤᠭ | ᠪᠡᠯᠴᠢᠭᠡᠷ ᠢ ᠠᠮᠠᠷᠠᠭᠤᠯᠬᠤ ᠬᠤᠭᠤᠴᠠᠭᠠᠨ ᠳᠤ ᠪᠡᠯᠴᠢᠭᠡᠷᠯᠡᠬᠦᠯᠬᠦ ᠶᠢ ᠬᠤᠷᠢᠭᠯᠠᠪᠠ᠃ ︽ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠮᠢᠶᠠᠷᠬᠤ ᠲᠣᠭᠲᠠᠴᠠ ᠪᠠ ᠬᠢᠨᠠᠨ ᠬᠠᠮᠢᠶᠠᠷᠬᠤ ᠠᠷᠭ᠎ᠠ ᠪᠠᠷᠢᠯ ᠤᠨ | ᠰᠢᠨ᠎ᠡ ᠶᠢ ᠡᠭᠦᠳᠴᠦ᠂ 6 ᠲᠣᠭᠤᠷᠢᠨ ᠪᠠᠶᠢᠴᠠᠭᠠᠬᠤ ᠳᠤᠭᠤᠶᠢᠯᠠᠩ ᠬᠤᠪᠢᠶᠠᠨ ᠬᠡᠰᠡᠭ ᠬᠤᠪᠢᠶᠠᠨ ᠲᠣᠭᠤᠷᠢᠨ | ᠪᠠᠶᠢᠴᠠᠭᠠᠵᠤ᠂ ᠡᠯ᠎ᠡ ᠰᠤᠮᠤ ᠰᠢᠶᠠᠩ ᠪᠠᠯᠭᠠᠰᠤ ᠲᠠᠢ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ᠂ ︿ | ᠣᠭᠲᠠᠷᠭᠤᠶ ᠠᠴᠠ ᠦᠵᠡᠬᠦ᠂ ᠭᠠᠵᠠᠷ ᠳᠡᠭᠡᠷ᠎ᠡ ᠲᠣᠭᠤᠷᠢᠨ ᠪᠠᠶᠢᠴᠠᠭᠠᠬᠤ﹀ ᠵᠡᠷᠭᠡ ᠠᠷᠭ᠎ᠠ ᠪᠠᠷᠢᠯ ᠢᠶᠠᠷ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ | ᠠᠮᠠᠷᠠᠭᠤᠯᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠢᠭᠡᠳ ᠨᠤᠲᠤᠭ ᠪᠡᠯᠴᠢᠭᠡᠷ ᠤᠨ ᠨᠥᠬᠦᠪᠥᠷᠢ | ᠱᠠᠩᠨᠠᠯ ᠲᠠᠢ ᠬᠤᠯᠪᠣᠭᠳᠠᠭᠤᠯᠬᠤ ᠲᠦᠷᠢᠮ ᠢ ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ | ᠠᠵᠢᠯᠯᠠᠭ᠎ᠠ ᠳᠤ ᠴᠢᠭᠯᠡᠭᠦᠯᠦᠨ᠂ ᠢᠲᠡᠭᠡᠮᠵᠢ ᠬᠤᠬᠢᠷᠠᠯ ᠳᠤ ᠤᠴᠠᠷᠠᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠲᠣᠭᠲᠠᠭᠠᠪᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠠᠮᠠᠷᠠᠭᠤᠯᠬᠤ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠵᠠᠭᠠᠯᠳᠤᠯᠭ᠎ᠠ ᠬᠢᠵᠦ | ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠵᠠᠬᠢᠳᠠᠯ ᠤᠨ ᠬᠠᠶᠢᠷᠴᠠᠭ ᠢ ᠢᠯᠡ ᠪᠠᠷ ᠨᠡᠶᠢᠳᠡᠯᠡᠵᠦ᠂ ᠨᠡᠶᠢᠲᠡᠯᠡᠵᠦ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ ᠰᠢᠢᠳᠪᠦᠷᠢᠯᠡᠨ᠎ᠡ︾ | ᠬᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦᠢ ᡁᠢ ᠭᠠᠩ ᠭᠡᠯᠡᠪᠡ᠃ |