ᠲᠤᠯᠠᠢ ᠡᠪᠡᠳᠴᠢᠨ ᠪᠣᠯ ᠦᠷᠭᠦᠯᠵᠢ ᠲᠣᠬᠢᠶᠠᠯᠳᠤᠳᠠᠭ ᠡᠪᠡᠳᠴᠢᠨ ᠤ ᠨᠢᠭᠡ ᠵᠦᠢᠯ ᠪᠠᠶᠢᠵᠤ᠂ ᠴᠠᠭ ᠢᠮᠠᠭᠲᠠ | ᠬᠥᠮᠥᠰ ᠤᠨ ᠪᠡᠶ᠎ᠡ ᠶᠢᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠳᠠᠭ᠃ ᠵᠢᠯ ᠪᠦᠷᠢ ᠶᠢᠨ 4 ᠰᠠᠷ᠎ᠠ ᠶᠢᠨ 20 ᠤ | ᠡᠳᠦᠷ ᠢ ︽ᠪᠦᠭᠦ ᠠᠷᠠᠳ ᠢᠶᠠᠷ ᠢᠶᠠᠨ ᠲᠤᠯᠠᠢ ᠡᠪᠡᠳᠴᠢᠨ ᠢ ᠠᠩᠬᠠᠷᠬᠤ ᠡᠳᠦᠷ︾ ᠢᠶᠠᠷ ᠲᠣᠭᠲᠠᠭᠠᠭᠰᠠᠨ ᠪᠠᠶᠢᠨ᠎ᠠ᠃ | ᠦᠨᠡᠨ ᠳᠡᠭᠡᠨ ᠡᠨᠡ ᠡᠳᠦᠷ ᠢᠶᠠᠷ ᠲᠣᠭᠲᠠᠭᠠᠭᠰᠠᠨ ᠨᠢ ᠪᠠᠰᠠ ᠨᠢᠭᠡ ᠵᠦᠢᠯ ᠤᠨ ᠤᠨᠴᠠᠭᠠᠢ ᠠᠭᠤᠯᠭ᠎ᠠ ᠲᠠᠢ᠂ ᠳᠠᠷᠤᠢ | ᠥᠨᠳᠥᠷ ᠰᠢᠭᠡᠰᠦᠨ ᠬᠦᠴᠢᠯᠳᠦ ᠴᠢᠰᠤᠨ ᠭᠡᠮ ᠤᠨ ᠣᠨᠣᠰᠢᠯᠠᠯᠲᠠ ᠶᠢᠨ ᠬᠢᠵᠠᠭᠠᠷ ᠬᠡᠮᠵᠢᠭᠳᠡᠯ ᠨᠢ 420umol/L | ᠪᠣᠯᠣᠨ᠎ᠠ᠃ ᠮᠠᠨ ᠤ ᠤᠯᠤᠰ ᠤᠨ ᠡᠪᠡᠳᠴᠢᠨ ᠡᠮᠭᠡᠭ ᠢ ᠬᠢᠵᠠᠭᠠᠷᠯᠠᠬᠤ ᠲᠥᠪ ᠤᠨ ᠮᠡᠳᠡᠭᠦᠯᠦᠯᠲᠡ ᠶᠢ ᠦᠨᠳᠦᠰᠦᠯᠡᠪᠡᠯ ᠂ | ᠪᠦᠭᠦ ᠤᠯᠤᠰ ᠤᠨ ᠲᠤᠯᠠᠢ ᠡᠪᠡᠳᠴᠢᠨ ᠳᠤ ᠨᠡᠷᠪᠡᠭᠳᠡᠭᠰᠡᠳ ᠨᠡᠶᠢᠲᠡ 8000 ᠲᠦᠮᠡ ᠶᠢ ᠳᠠᠪᠠᠭᠰᠠᠨ ᠪᠥᠭᠡᠳ ᠵᠢᠯ | ᠪᠦᠷᠢ 9.7% ᠶᠢᠨ ᠨᠣᠷᠮ᠎ᠠ ᠪᠠᠷ ᠮᠠᠰᠢ ᠲᠦᠷᠭᠡᠨ ᠨᠡᠮᠡᠭᠳᠡᠵᠦ ᠪᠠᠶᠢᠨ᠎ᠠ᠃ ᠵᠢᠱᠢᠯᠲᠡ ᠪᠠᠷ 2030 ᠣᠨ | ᠪᠤᠯᠬᠤ ᠳᠤ ᠤᠯᠤᠰ ᠤᠨ ᠳᠣᠲᠣᠭᠠᠳᠤ ᠶᠢᠨ ᠴᠢᠰᠤᠨ ᠤ ᠰᠢᠭᠡᠰᠦᠨ ᠬᠦᠴᠢᠯ ᠥᠨᠳᠥᠷ ᠭᠡᠮ ᠪᠠ ᠲᠤᠯᠠᠢ | ᠡᠪᠡᠳᠴᠢᠨ ᠳᠤ ᠨᠡᠷᠪᠡᠭᠳᠡᠭᠰᠡᠨ ᠬᠥᠮᠥᠨ ᠤ ᠲᠤᠭ᠎ᠠ 2.4 ᠳ᠋ᠦᠩᠰᠢᠭᠤᠷ ᠲᠤ ᠬᠦᠷᠬᠦ ᠪᠣᠯᠣᠨ᠎ᠠ᠃ ᠪᠢᠳᠡ ᠲᠤᠯᠠᠢ | ᠡᠪᠡᠳᠴᠢᠨ ᠢ ᠬᠡᠷᠬᠢᠨ ᠰᠡᠷᠭᠡᠶᠢᠯᠡᠪᠡᠯ ᠵᠣᠬᠢᠬᠤ ᠪᠤᠢ︖ | ᠡᠩ ᠲᠡᠷᠢᠭᠦᠨ ᠳᠤ᠂ ᠲᠣᠭᠲᠠᠭᠰᠠᠨ ᠬᠤᠭᠤᠴᠠᠭ᠎ᠠ ᠲᠠᠢ ᠪᠠᠷ ᠴᠢᠰᠤᠨ ᠰᠢᠭᠡᠰᠦᠨ ᠬᠦᠴᠢᠯ ᠤᠨ | ᠥᠳᠬᠡᠴᠡ ᠶᠢ ᠪᠠᠶᠢᠴᠠᠭᠠᠨ᠎ᠠ᠃ ᠲᠤᠯᠠᠢ ᠡᠪᠡᠳᠴᠢᠨ ᠪᠣᠯ ᠬᠡᠷᠦᠬᠦ ᠡᠪᠡᠳᠴᠢᠨ ᠤ ᠡᠭᠡᠯᠢᠯᠡᠭᠡ ᠶᠢᠨ ᠴᠢᠨᠠᠷᠲᠠᠢ | ᠡᠪᠡᠳᠴᠢᠨ᠂ ᠮᠥᠨ ᠴᠦ ᠤᠳᠠᠭᠠᠨ ᠴᠢᠨᠠᠷᠲᠠᠢ ᠰᠣᠯᠢᠯᠴᠠᠭ᠎ᠠ ᠶᠢᠨ ᠴᠢᠨᠠᠷᠲᠠᠢ ᠡᠪᠡᠳᠴᠢᠨ ᠮᠥᠨ᠃ 40 | ᠨᠠᠰᠤᠨ ᠠᠴᠠ ᠳᠡᠭᠡᠭᠰᠢᠬᠢ ᠡᠷᠡᠭᠲᠡᠶᠢᠴᠦᠳ᠂ ᠢᠯᠠᠩᠭᠤᠶ᠎ᠠ ᠮᠠᠷᠢᠶ᠎ᠠ ᠲᠠᠢ ᠬᠥᠮᠥᠰ ᠬᠠᠭᠠᠰ ᠵᠢᠯ ᠠᠴᠠ ᠨᠢᠭᠡ ᠵᠢᠯ | ᠠᠯᠤᠰᠯᠠᠬᠤ ᠪᠦᠷᠢ ᠨᠢᠭᠡ ᠤᠳᠠᠭ᠎ᠠ ᠴᠢᠰᠤᠨ ᠤ ᠰᠢᠭᠡᠰᠦᠨ ᠬᠦᠴᠢᠯ ᠤᠨ ᠪᠠᠶᠢᠴᠠᠭᠠᠯᠲᠠ ᠬᠢᠵᠦ᠂ ᠴᠢᠰᠤᠨ ᠤ | ᠰᠢᠭᠡᠰᠦᠨ ᠬᠦᠴᠢᠯ ᠨᠢ ᠬᠡᠪ ᠤᠨ ᠬᠡᠮᠵᠢᠶ᠎ᠡ ᠠᠴᠠ ᠥᠨᠳᠥᠷ ᠪᠤᠶᠤ ᠬᠡᠪ ᠤᠨ ᠳᠡᠭᠡᠳᠦ ᠬᠢᠵᠠᠭᠠᠷ ᠲᠤ ᠪᠠᠶᠢᠬᠤ ᠶᠢ | ᠣᠯᠵᠤ ᠮᠡᠳᠡᠪᠡᠯ᠂ ᠳᠠᠷᠦ᠋ᠢᠬᠠᠨ ᠲᠤᠰᠬᠠᠢ ᠰᠠᠯᠠᠭ᠎ᠠ ᠳᠤ ᠬᠦᠷᠴᠦ ᠡᠮᠨᠡᠭᠦᠯᠭᠦ ᠬᠡᠷᠡᠭᠲᠡᠢ᠃ ᠤᠷᠲᠤ ᠬᠤᠭᠤᠴᠠᠭᠠᠨ ᠤ | ᠰᠢᠭᠡᠰᠦᠨ ᠬᠦᠴᠢᠯ ᠥᠨᠳᠥᠷ ᠴᠢᠰᠤᠨ ᠭᠡᠮ ᠨᠢ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ ᠢ | ᠡᠭᠦᠰᠬᠡᠬᠦ ᠪᠠᠷ ᠪᠠᠷᠠᠬᠤ ᠦᠭᠡᠢ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠢ ᠨᠥᠯᠥᠭᠡᠯᠡᠨ᠎ᠡ᠃ ᠤᠷᠲᠤ | ᠬᠤᠭᠤᠴᠠᠭ᠎ᠠ ᠪᠠᠷ ᠴᠢᠰᠤᠨ ᠤ ᠰᠢᠭᠡᠰᠦᠨ ᠬᠦᠴᠢᠯ ᠥᠨᠳᠥᠷᠵᠢᠬᠦ ᠭᠡᠮ ᠨᠢ ᠪᠠᠰᠠ ᠤᠳᠠᠭᠠᠨ ᠴᠢᠨᠠᠷᠲᠠᠢ ᠪᠥᠭᠡᠷᠡᠨ ᠤ | ᠠᠵᠢᠯᠯᠠᠭ᠎ᠠ ᠶᠢᠨ ᠳᠣᠷᠦ᠋ᠢᠲᠠᠯ ᠢ ᠡᠭᠦᠰᠬᠡᠵᠦ᠂ ᠬᠡᠰᠡᠭ ᠨᠢ ᠰᠢᠭᠡᠰᠦᠨ ᠬᠤᠣᠷᠳᠠᠯᠭ᠎ᠠ ᠶᠢᠨ ᠭᠡᠮ ᠪᠣᠯᠵᠤ ᠬᠥᠭᠵᠢᠳᠡᠭ᠃ | ᠬᠡᠰᠡᠭ ᠡᠪᠡᠳᠴᠢᠲᠡᠨ ᠳᠤ ᠰᠢᠭᠡᠰᠦᠨ ᠬᠦᠴᠢᠯ ᠤᠨ ᠴᠢᠨᠠᠷᠲᠠᠢ ᠪᠥᠭᠡᠷᠡᠨ ᠤ ᠴᠢᠯᠠᠭᠤᠵᠢᠯ ᠡᠭᠦᠰᠴᠦ᠂ ᠤᠯᠠᠮ ᠨᠢᠭᠡ | ᠠᠯᠬᠤᠮ ᠪᠥᠭᠡᠷᠡᠨ ᠳᠤ ᠤᠰᠤ ᠬᠤᠷᠠᠬᠤ ᠪᠠ ᠪᠥᠭᠡᠷᠡᠨ ᠤ ᠠᠵᠢᠯᠯᠠᠭ᠎ᠠ ᠳᠣᠷᠦ᠋ᠢᠲᠠᠨᠠ᠃ ᠰᠢᠭᠡᠰᠦᠨ ᠬᠦᠴᠢᠯ | ᠥᠨᠳᠥᠷ ᠴᠢᠰᠤᠨ ᠭᠡᠮ ᠨᠢ ᠶᠡᠷᠦ ᠨᠢ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡᠨ | ᠲᠢᠲᠢᠮ ᠤᠨ ᠡᠪᠡᠳᠴᠢᠨ ᠵᠡᠷᠭᠡ ᠰᠣᠯᠢᠯᠴᠠᠭ᠎ᠠ ᠶᠢᠨ ᠴᠢᠨᠠᠷᠲᠠᠢ ᠡᠪᠡᠳᠴᠢᠨ ᠲᠠᠢ ᠬᠠᠮᠲᠤ ᠪᠠᠰᠠ ᠲᠠᠷᠢᠬᠢᠨ ᠤ ᠰᠠ | ᠳᠠᠭᠠᠷᠢᠬᠤ ᠠᠶᠤᠯ ᠢ ᠨᠡᠮᠡᠭᠳᠡᠭᠦᠯᠳᠡᠭ᠃ ᠣᠶᠢᠷ᠎ᠠ ᠶᠢᠨ ᠵᠢᠯ ᠠᠴᠠ ᠲᠤᠯᠠᠢ ᠡᠪᠡᠳᠴᠢᠲᠡᠨ ᠳᠤ ᠵᠠᠯᠠᠭᠤᠵᠢᠬᠤ ᠬᠠᠨᠳᠤᠰᠢ | ᠢᠯᠡᠷᠡᠪᠡ᠃ | ᠬᠤᠶᠠᠳᠤᠭᠠᠷ ᠲᠤ᠂ ᠡᠷᠡᠭᠦᠯ ᠢᠳᠡᠭᠡᠨ ᠤᠮᠳᠠᠭᠠᠨ ᠢ ᠠᠩᠬᠠᠷᠬᠤ ᠬᠡᠷᠡᠭᠲᠡᠢ᠃ ᠲᠤᠯᠠᠢ ᠡᠪᠡᠳᠴᠢᠨ ᠨᠢ ᠡᠳᠦᠷ | ᠲᠤᠲᠤᠮ ᠤᠨ ᠢᠳᠡᠭᠡᠨ ᠤᠮᠳᠠᠭᠠᠨ ᠲᠠᠢ ᠮᠠᠰᠢ ᠨᠢᠭᠲᠠ ᠬᠠᠷᠢᠴᠠᠭ᠎ᠠ ᠲᠠᠢ᠂ ᠬᠡᠲᠦᠷᠡᠲᠡᠯ᠎ᠡ ᠢᠳᠡᠵᠦ ᠤᠤᠭᠤᠬᠤ ᠠᠴᠠ | ᠵᠠᠶᠢᠯᠠᠰᠬᠢᠬᠦ᠂ ᠴᠢᠳᠠᠬᠤ ᠶᠢᠨ ᠳᠣᠲᠣᠷ᠎ᠠ ᠫᠦᠷᠢᠨ ᠤ ᠠᠭᠤᠯᠤᠭᠳᠠᠴᠠ ᠨᠡᠯᠢᠶᠡᠳ ᠥᠨᠳᠥᠷ ᠢᠳᠡᠭᠡᠨ ᠢᠳᠡᠬᠦ ᠠᠴᠠ | ᠵᠠᠶᠢᠯᠠᠰᠬᠢᠬᠤ ᠬᠡᠷᠡᠭᠲᠡᠢ᠃ ᠡᠭᠦᠨ ᠤ ᠬᠠᠮᠲᠤ ᠢᠯᠡᠭᠦᠦ ᠤᠰᠤ ᠤᠤᠭᠤᠵᠤ ︵ᠡᠳᠦᠷ ᠪᠦᠷᠢ ᠨᠠᠭᠠᠲᠤ ᠵᠠᠬ᠎ᠠ ᠳᠠᠭᠠᠨ | 2000ml︶᠂ ᠡᠳᠦᠷ ᠪᠦᠷᠢ ᠭᠦᠢᠴᠡᠳ ᠬᠡᠮᠵᠢᠶᠡᠨ ᠤ ᠰᠢᠭᠡᠰᠦ ᠭᠠᠳᠠᠭᠰᠢᠯᠠᠭᠤᠯᠬᠤ ᠶᠢ ᠪᠠᠲᠤᠯᠠᠵᠤ᠂ ᠰᠢᠭᠡᠰᠦᠨ | ᠬᠦᠴᠢᠯ ᠬᠤᠷᠠᠬᠤ ᠠᠴᠠ ᠵᠠᠶᠢᠯᠠᠰᠬᠢᠨ᠎ᠡ᠃ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠲᠠ ᠶᠢ ᠳᠠᠭᠠᠯᠳᠤᠨ᠂ | ᠤᠯᠠᠮ ᠠᠷᠪᠢᠨ ᠵᠢᠮᠢᠰ ᠤᠨ ᠰᠢᠬᠢᠷ ᠢ ᠰᠢᠩᠭᠡᠬᠡᠨ ᠠᠪᠬᠤ ᠨᠢ ᠮᠥᠨ ᠴᠦ ᠲᠤᠯᠠᠢ ᠡᠪᠡᠳᠴᠢᠨ ᠢ ᠣᠯᠠᠨ ᠡᠭᠦᠰᠬᠡᠬᠦ | ᠨᠢᠭᠡᠨ ᠴᠢᠬᠤᠯᠠ ᠰᠢᠯᠲᠠᠭᠠᠨ ᠪᠣᠯᠵᠠᠢ᠃ ᠵᠢᠮᠢᠰ ᠤᠨ ᠰᠢᠬᠢᠷ ᠥᠨᠳᠥᠷ ᠢᠳᠡᠭᠡᠨ ᠢ ᠰᠢᠩᠭᠡᠬᠡᠨ ᠠᠪᠬᠤ ᠶᠢ | ᠬᠢᠵᠠᠭᠠᠷᠯᠠᠬᠤ ᠨᠢ ᠰᠢᠭᠡᠰᠦᠨ ᠬᠦᠴᠢᠯ ᠥᠨᠳᠥᠷ ᠴᠢᠰᠤᠨ ᠭᠡᠮ ᠢ ᠬᠢᠵᠠᠭᠠᠷᠯᠠᠬᠤ ᠪᠤᠶᠤ ᠴᠢᠨᠠᠭᠰᠢᠯᠠᠪᠠᠯ ᠪᠠᠭᠤᠷᠠᠭᠤᠯᠬᠤ | ᠪᠣᠯᠣᠨ᠎ᠠ᠃ | ᠭᠤᠷᠪᠠᠳᠤᠭᠠᠷ ᠲᠤ᠂ ᠠᠵᠢᠯᠯᠠᠵᠤ ᠠᠮᠠᠷᠠᠬᠤ ᠪᠠᠨ ᠤᠶᠠᠯᠳᠤᠭᠤᠯᠬᠤ ᠬᠡᠷᠡᠭᠲᠡᠢ᠃ ᠡᠩ ᠤᠨ ᠦᠶ᠎ᠡ ᠳᠤ | ᠠᠵᠢᠯᠯᠠᠵᠤ ᠠᠮᠠᠷᠠᠬᠤ ᠪᠠᠨ ᠤᠶᠠᠯᠳᠤᠭᠤᠯᠵᠤ᠂ ᠠᠮᠢᠳᠤᠷᠠᠯ ᠢᠶᠠᠨ ᠵᠢᠮ᠎ᠡ ᠶᠣᠰᠣ ᠲᠠᠢ ᠪᠠᠶᠢᠯᠭᠠᠵᠤ᠂ ᠲᠣᠭᠲᠠᠭᠰᠠᠨ | ᠴᠠᠭ ᠲᠠᠭᠠᠨ ᠠᠵᠢᠯᠯᠠᠵᠤ ᠠᠮᠠᠷᠠᠨ᠂ ᠪᠡᠶ᠎ᠡ ᠪᠠᠨ ᠪᠤᠯᠪᠠᠰᠤᠷᠠᠭᠤᠯᠵᠤ᠂ ᠪᠡᠶ᠎ᠡ ᠶᠢᠨ ᠬᠦᠨᠳᠦ ᠪᠠᠨ ᠪᠠᠲᠤᠯᠠᠵᠤ᠂ | ᠮᠠᠷᠢᠶᠠᠯᠠᠬᠤ ᠠᠴᠠ ᠵᠠᠶᠢᠯᠠᠰᠬᠢᠬᠦ ᠬᠡᠷᠡᠭᠲᠡᠢ᠃ ᠤᠶᠤᠨ ᠤ ᠭᠦᠳᠡᠯᠮᠦᠷᠢ ᠪᠣᠯᠣᠨ ᠠᠯᠪᠠᠨ ᠭᠡᠷ ᠲᠤ ᠤᠳᠠᠭᠠᠨ ᠰᠠᠭᠤᠵᠤ | ᠠᠵᠢᠯᠯᠠᠳᠠᠭ ᠬᠥᠮᠥᠰ ᠤᠷᠲᠤ ᠬᠤᠭᠤᠴᠠᠭ᠎ᠠ ᠪᠠᠷ ᠲᠠᠷᠢᠬᠢ ᠪᠠᠨ ᠬᠡᠷᠡᠭᠯᠡᠬᠦ ᠪᠤᠶᠤ ᠤᠳᠠᠭᠠᠨ ᠰᠠᠭᠤᠬᠤ ᠠᠴᠠ | ᠵᠠᠶᠢᠯᠠᠰᠬᠢᠵᠦ᠂ ᠡᠳᠦᠷ ᠪᠦᠷᠢ ᠵᠣᠬᠢᠬᠤ ᠴᠠᠭ ᠭᠠᠷᠭᠠᠵᠤ ᠬᠥᠳᠡᠯᠭᠡᠭᠡᠨ ᠬᠢᠬᠦ ᠪᠣᠯᠣᠨ ᠪᠡᠶ᠎ᠡ ᠶᠢᠨ ᠭᠦᠳᠡᠯᠮᠦᠷᠢ ᠬᠢᠬᠦ ᠶᠢ | ᠦᠷᠭᠦᠯᠵᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠲᠤ᠂ ᠲᠤᠯᠠᠢ ᠡᠪᠡᠳᠴᠢᠨ ᠳᠤ ᠨᠡᠷᠪᠡᠭᠳᠡᠭᠰᠡᠳ ᠤᠨ ᠤᠳᠠᠭᠠᠨ ᠴᠢᠨᠠᠷᠲᠠᠢ ᠡᠪᠡᠳᠴᠢᠨ ᠤ | ᠬᠠᠮᠢᠶᠠᠷᠤᠯᠲᠠ᠃ ᠮᠠᠨ ᠤ ᠤᠯᠤᠰ ᠤᠨ ᠰᠢᠨᠵᠢᠯᠡᠭᠡᠨ ᠤ ᠰᠠᠯᠠᠭᠠᠨ ᠤ ᠡᠮᠴᠢ ᠰᠤᠪᠢᠯᠠᠯᠲᠠ ᠶᠢᠨ ᠪᠦᠯᠭᠦᠮ ᠤᠨ ᠬᠢᠨ | ᠲᠤᠯᠠᠢ ᠡᠪᠡᠳᠴᠢᠲᠡᠨ ᠤ ᠥᠪᠡᠷ ᠤᠨ ᠬᠠᠮᠢᠶᠠᠷᠤᠯᠲᠠ ᠶᠢᠨ ᠵᠣᠷ ᠭᠠᠷᠭᠠᠵᠤ᠂ ᠢᠳᠡᠭᠡᠨ ᠤᠮᠳᠠᠭᠠᠨ ᠤ ᠵᠢᠯᠣᠭᠤᠳᠤᠯᠭ᠎ᠠ | ᠂ ᠰᠢᠭᠡᠰᠦᠨ ᠬᠦᠴᠢᠯ ᠤᠨ ᠬᠢᠨᠠᠨ ᠬᠡᠮᠵᠢᠯᠲᠡ᠂ ᠡᠮ ᠤᠤᠭᠤᠬᠤ ᠵᠢᠯᠣᠭᠤᠳᠤᠯᠭ᠎ᠠ᠂ ᠬᠥᠳᠡᠯᠭᠡᠭᠡᠨ ᠬᠢᠵᠦ ᠡᠮᠨᠡᠨ | ᠵᠠᠰᠠᠬᠤ᠂ ᠥᠪᠡᠷ ᠢ ᠪᠠᠨ ᠬᠠᠮᠢᠶᠠᠷᠤᠨ ᠡᠵᠡᠮᠳᠡᠬᠦ ᠵᠡᠷᠭᠡ 5 ᠲᠠᠯ᠎ᠠ ᠪᠠᠷ ᠲᠤᠰ ᠲᠤᠰ ᠡᠮᠴᠢᠯᠡᠭᠡ ᠰᠤᠪᠢᠯᠠᠯᠲᠠ ᠶᠢ | ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠶᠠᠪᠤᠭᠳᠠᠭᠤᠯᠵᠠᠢ᠃ ᠡᠪᠡᠳᠴᠢᠲᠡᠨ ᠢ ᠵᠢᠯ ᠪᠦᠷᠢ ᠨᠠᠭᠠᠲᠤ | ᠵᠠᠬ᠎ᠠ ᠳᠠᠭᠠᠨ ᠬᠤᠶᠠᠷ ᠤᠳᠠᠭ᠎ᠠ ᠨᠢᠭᠤᠷᠲᠠᠨ ᠡᠮᠨᠡᠭᠦᠯᠭᠦ ᠪᠠ ᠰᠤᠪᠢᠯᠠᠬᠤ ᠶᠢ ᠵᠢᠭᠠᠨ ᠵᠢᠯᠣᠭᠤᠳᠤᠨ᠎ᠠ᠃ | ᠡᠪᠡᠳᠴᠢᠲᠡᠨ ᠳᠤ ᠥᠪᠡᠷ ᠢ ᠪᠠᠨ ᠬᠠᠮᠢᠶᠠᠷᠬᠤ ᠶᠢ ᠵᠢᠭᠠᠵᠤ᠂ ᠡᠪᠡᠳᠴᠢᠲᠡᠨ ᠤ ᠰᠢᠭᠡᠰᠦᠨ ᠬᠦᠴᠢᠯ ᠤᠨ | ᠬᠢᠵᠠᠭᠠᠷᠯᠠᠯ ᠤᠨ ᠪᠠᠶᠢᠳᠠᠯ ᠪᠠ ᠡᠪᠡᠳᠴᠢᠨ ᠤ ᠢᠯᠡᠷᠡᠯ ᠢ ᠦᠨᠳᠦᠰᠦᠯᠡᠨ᠂ ᠡᠪᠡᠳᠴᠢᠲᠡᠨ ᠳᠤ ᠲᠥᠷᠥᠯ ᠬᠤᠪᠢᠶᠠᠨ | ᠡᠮᠴᠢᠯᠡᠭᠡ ᠬᠢᠵᠦ ᠪᠤᠢ᠃ ᠪᠤᠶ ᠪᠦᠬᠦᠢ ᠡᠪᠡᠳᠴᠢᠲᠡᠨ ᠳᠤ ᠬᠠᠨᠳᠤᠯᠭᠠᠲᠤ ᠴᠢᠨᠠᠷᠲᠠᠢ ᠪᠠᠷ ᠡᠷᠡᠭᠦᠯ ᠮᠡᠨᠳᠦ ᠶᠢᠨ | ᠬᠥᠮᠦᠵᠢᠯ ᠬᠢᠵᠦ᠂ ᠡᠪᠡᠳᠴᠢᠲᠡᠨ ᠲᠠᠢ ᠬᠠᠮᠲᠤ ᠪᠠᠷ ᠥᠪᠡᠷᠮᠢᠴᠡ ᠠᠮᠢᠳᠤᠷᠠᠯ ᠤᠨ ᠠᠷᠭ᠎ᠠ ᠮᠠᠶ᠋ᠢᠭ ᠢ ᠥᠭᠡᠷᠡᠴᠢᠯᠡᠨ | ᠰᠠᠶᠢᠵᠢᠷᠠᠭᠤᠯᠬᠤ ᠬᠠᠷᠠᠯᠲᠠ ᠶᠢ ᠲᠣᠭᠲᠠᠭᠠᠬᠤ ᠶᠢᠨ ᠬᠠᠮᠲᠤ ᠲᠠᠷᠠᠭᠠᠴᠢ ᠶᠢᠨ ᠤᠳᠠᠭᠠᠨ ᠤ ᠡᠮᠴᠢᠯᠡᠭᠡᠨ ᠤ ᠦᠶ᠎ᠡ ᠳᠤ | ᠠᠬᠢᠴᠠ ᠶᠢ ᠨᠢ ᠦᠨᠡᠯᠡᠨ ᠵᠢᠱᠢᠨ᠎ᠡ᠃ ᠡᠪᠡᠳᠴᠢᠲᠡᠨ ᠳᠤ ᠶᠠᠮᠠᠷ ᠶᠠᠮᠠᠷ ᠬᠡᠪ ᠤᠨ ᠪᠤᠰᠤ ᠪᠠᠶᠢᠳᠠᠯ ᠭᠠᠷᠪᠠᠯ ᠳᠠᠷᠦ᠋ᠢᠬᠠᠨ | ᠡᠮᠨᠡᠭᠦᠯᠭᠦ ᠶᠢ ᠬᠡᠯᠡᠵᠦ ᠥᠭᠭᠦᠨ᠎ᠡ᠃ | ᠲᠤᠯᠠᠢ ᠡᠪᠡᠳᠴᠢᠨ ᠢ ᠳᠡᠭᠡᠷᠡᠬᠢ ᠤᠯᠠᠨ ᠵᠦᠢᠯ ᠤᠨ ᠠᠷᠭ᠎ᠠ ᠪᠠᠷ ᠳᠠᠮᠵᠢᠵᠤ ᠰᠡᠷᠭᠡᠶᠢᠯᠡᠬᠦ ᠪᠠ ᠨᠠᠮᠳᠠᠭᠤᠯᠵᠤ | ᠪᠣᠯᠣᠨ᠎ᠠ᠂ ᠭᠠᠭᠴᠠ ᠬᠦ ᠡᠳᠡᠭᠡᠷ ᠨᠠᠷᠢᠨ ᠨᠢᠭᠲᠠ ᠠᠵᠢᠯ ᠢ ᠰᠠᠶᠢᠲᠤᠷ ᠬᠢᠪᠡᠯ ᠰᠠᠶ᠋ᠢ ᠲᠤᠰ ᠡᠪᠡᠳᠴᠢᠨ ᠤ ᠡᠭᠦᠰᠬᠦ | ᠨᠤᠷᠮ᠎ᠠ ᠶᠢ ᠪᠠᠭᠤᠷᠠᠭᠤᠯᠵᠤ᠂ ᠬᠥᠮᠥᠰ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠴᠢᠳᠠᠨ᠎ᠠ᠃ ︽ | ᠪᠦᠭᠦ ᠠᠷᠠᠳ ᠢᠶᠠᠷ ᠢᠶᠠᠨ ᠲᠤᠯᠠᠢ ᠡᠪᠡᠳᠴᠢᠨ ᠢ ᠠᠩᠬᠠᠷᠬᠤ ᠡᠳᠦᠷ︾ ᠨᠢ ᠨᠢᠭᠡᠨᠲᠡ ᠪᠦᠭᠦ ᠪᠥᠮᠪᠥᠷᠴᠡᠭ ᠤᠨ ᠲᠤᠯᠠᠢ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠪᠡᠯᠭᠡ ᠲᠡᠮᠳᠡᠭ ᠪᠣᠯᠵᠠᠢ᠃ ᠲᠡᠷᠡ ᠨᠢ ᠪᠢᠳᠡᠨ ᠳᠤ | ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠢᠶᠠᠨ ᠠᠩᠬᠠᠷᠬᠤ ᠶᠢ ᠰᠠᠨᠠᠭᠤᠯᠤᠭᠰᠠᠨ ᠢᠶᠠᠷ ᠪᠠᠷᠠᠬᠤ ᠦᠭᠡᠢ᠂ ᠪᠠᠰᠠ | ᠠᠨᠠᠭᠠᠬᠤ ᠤᠬᠠᠭᠠᠨ ᠤ ᠡᠲᠡᠭᠡᠳ ᠤᠨ ᠬᠢᠨ ᠤ ᠲᠤᠯᠠᠢ ᠡᠪᠡᠳᠴᠢᠨ ᠢ ᠰᠤᠳᠤᠯᠬᠤ ᠪᠠ ᠡᠮᠨᠡᠨ ᠵᠠᠰᠠᠬᠤ ᠲᠠᠯ᠎ᠠ ᠪᠠᠷ ᠬᠢ | ᠲᠠᠰᠤᠷᠠᠯᠲᠠ ᠦᠭᠡᠢ ᠳᠠᠪᠰᠢᠯᠲᠠ ᠶᠢ ᠬᠠᠷᠠᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ | ᠳᠠᠭᠠᠯᠳᠤᠨ᠂ ᠲᠤᠯᠠᠢ ᠡᠪᠡᠳᠴᠢᠨ ᠭᠡᠳᠡᠭ ᠡᠨᠡ ᠬᠦ ᠡᠷᠲᠡ ᠤᠵᠠᠭᠤᠷ ᠠᠴᠠ ᠪᠠᠨ ᠪᠠᠶᠢᠭᠰᠠᠨ ᠡᠪᠡᠳᠴᠢᠨ ᠢ | ᠡᠴᠦᠰ ᠲᠡᠭᠡᠨ ᠬᠢᠵᠠᠭᠠᠷᠯᠠᠵᠤ᠂ ᠨᠡᠩ ᠣᠯᠠᠨ ᠡᠪᠡᠳᠴᠢᠲᠡᠨ ᠢ ᠡᠷᠡᠭᠦᠯᠵᠢᠭᠦᠯᠵᠦ ᠴᠢᠳᠠᠬᠤ ᠨᠢ ᠳᠠᠮᠵᠢᠭ ᠦᠭᠡᠢ᠃ |