ᠠᠷᠠᠳ ᠲᠦᠮᠡᠨ ᠳᠤ ᠦᠢᠯᠡᠴᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ | ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ︽ | 12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ | ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠶᠠᠪᠤᠳᠠᠯ | ᠪᠦᠬᠦᠨ ᠳᠤ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠵᠤ᠂ ︽12345︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠰᠢᠢᠳᠪᠦᠷᠢᠯᠡᠬᠦ ᠶᠠᠰᠤ | ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠥᠨ᠎ᠡ᠃ ᠡᠨᠡ ᠵᠢᠯ ᠤᠨ ᠨᠢᠭᠡᠳᠦᠭᠡᠷ ᠤᠯᠠᠷᠢᠯ ᠠᠴᠠ ᠨᠠᠰᠢ᠂ | ᠨᠡᠶᠢᠲᠡ 36 ᠬᠤᠪᠢ ᠬᠠᠯᠠᠮᠰᠢᠯ ᠤᠲᠠᠰᠤ ᠶᠢᠨ ᠲᠤᠰᠬᠠᠭᠰᠠᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ | ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠬᠦᠢᠴᠡᠳᠬᠡᠵᠦ ᠳᠠᠭᠤᠰᠬᠠᠭᠰᠠᠨ ᠨᠣᠷᠮ᠎ᠠ ᠨᠢ ᠴᠥᠮ 100% | ᠪᠠᠶᠢᠵᠤ᠂ ᠬᠠᠨᠤᠮᠵᠢᠲᠠᠶ ᠨᠣᠷᠮ᠎ᠠ ᠨᠢ 91.66% ᠳᠤ ᠬᠥᠷᠴᠥ᠂ ᠬᠤᠭᠤᠴᠠᠭ᠎ᠠ ᠬᠡᠲᠦᠷᠡᠲᠡᠯ᠎ᠡ ᠭᠦᠢᠴᠡᠳᠬᠡᠭᠰᠡᠨ | ᠥᠬᠡᠶ ᠠᠰᠠᠭᠤᠳᠠᠯ ᠦᠭᠡᠢ᠃ | ᠳᠣᠰᠬᠠᠯ ᠳᠤ ᠲᠠᠷᠤᠢ ᠲᠦᠷᠭᠡᠨ ᠬᠠᠷᠢᠭᠤ ᠥᠭᠬᠦ ᠶᠢ ᠬᠡᠷᠡᠭᠵᠢᠭᠦᠯᠵᠦ᠂ ᠭᠤᠮᠣᠳᠠᠯ ᠱᠠᠭᠠᠷᠳᠠᠯᠭ᠎ᠠ ᠶᠢ ᠴᠠᠭ | ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠬᠦ ᠶᠢ ᠦᠨᠡᠨ ᠬᠦ ᠪᠠᠳᠣᠯᠠᠪᠠ᠃ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠵᠢᠯᠲᠠᠨ ᠢ ᠬᠠᠯᠠᠮᠰᠢᠯ ᠤᠲᠠᠰᠤ ᠶᠢᠨ | ᠲᠠᠪᠴᠠᠩ ᠳᠤ ᠳᠠᠩᠰᠠᠯᠠᠭᠤᠯᠵᠤ᠂ ᠲᠤᠰᠬᠠᠶ ᠬᠥᠮᠦᠨ ᠢᠶᠠᠷ ︽12345︾ ᠬᠠᠯᠠᠮᠰᠢᠯ ᠤᠲᠠᠰᠤ ᠶᠢᠨ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠭᠦᠯᠬᠦ ᠶᠢ ᠬᠠᠷᠢᠭᠤᠴᠠᠭᠤᠯᠵᠤ᠂ ᠳᠠᠭᠠᠭᠠᠨ ᠭᠦᠢᠴᠡᠳᠬᠡᠬᠦ | ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ | ᠴᠢᠩᠭᠠᠷᠠᠭᠤᠯᠤᠨ᠂ ᠬᠠᠯᠠᠮᠰᠢᠯ ᠤᠲᠠᠰᠤ ᠶᠢᠨ ᠲᠠᠪᠴᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠣᠬᠤᠷ ᠮᠡᠳᠡᠭᠡ ᠶᠢ | ᠭᠥᠯᠢᠶᠡᠨ ᠠᠪᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠭᠠᠷ ᠤᠨ ᠥᠰᠥᠭ ᠵᠢᠷᠤᠵᠤ ᠭᠥᠯᠢᠶᠡᠨ ᠠᠪᠴᠤ | ᠰᠢᠢᠳᠪᠦᠷᠢᠯᠡᠵᠦ᠂ ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ︽ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ | ᠂ ᠶᠠᠪᠤᠳᠠᠯ ᠪᠦᠬᠦᠨ ᠳᠤ ᠬᠠᠷᠢᠭᠤ ᠥᠭᠬᠦ︾ ᠶᠢ ᠪᠡᠶᠡᠯᠡᠭᠦᠯᠵᠦ᠂ ᠪᠣᠳᠠᠲᠠᠶ ᠰᠢᠢᠳᠪᠦᠷᠢᠯᠡᠬᠦ᠂ ᠲᠦᠷᠭᠡᠨ ᠰᠢᠢᠳᠪᠦᠷᠢᠯᠡᠬᠦ | ᠦᠷ᠎ᠡ ᠪᠦᠲᠦᠮᠵᠢ ᠳᠤ ᠬᠦᠷᠦᠭᠦᠯᠬᠦ ᠶᠢ ᠦᠨᠡᠨᠬᠦ ᠪᠠᠳᠣᠯᠠᠪᠠ᠃ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠪᠠ᠃ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠥᠬᠡᠶ︾ ᠭᠡᠬᠦ ᠠᠵᠢᠯ ᠤᠨ | ᠣᠨᠣᠯᠵᠢᠬᠤᠨ ᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ | ᠵᠠᠭᠠᠯᠳᠤᠭᠰᠠᠨ ᠵᠦᠢᠯᠡᠰ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠵᠥᠷᠢᠴᠡᠯ | ᠵᠢᠭᠤᠷᠠᠯᠳᠤᠭᠠᠨ ᠢ ᠠᠷᠢᠯᠭᠠᠵᠤ᠂ ᠨᠢᠭᠡᠨᠲᠡ ᠰᠢᠢᠳᠪᠦᠷᠢᠯᠡᠭᠰᠡᠨ ᠠᠵᠢᠯ ᠤᠨ ᠬᠠᠭᠤᠳᠠᠰᠤ ᠶᠢ ᠴᠠᠭ ᠲᠤᠬᠠᠶ ᠳᠤᠨᠢ | ᠬᠤᠷᠢᠶᠠᠩᠭᠤᠶᠢᠯᠠᠨ ᠡᠮᠬᠢᠳᠬᠡᠵᠦ ᠲᠥᠷᠥᠯ ᠬᠤᠪᠢᠶᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠲᠤᠷᠰᠢᠯᠭ᠎ᠠ ᠪᠠᠨ | ᠳ᠋ᠦᠩᠨᠡᠬᠦ᠂ ᠵᠥᠷᠢᠶ᠎ᠡ ᠪᠠᠨ ᠡᠷᠢᠬᠦ ᠪᠠᠷ ᠳᠠᠮᠵᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠳᠣᠮᠳᠡ | ᠠᠰᠠᠭᠤᠳᠠᠯ ᠰᠢᠢᠳᠪᠥᠷᠢᠯᠡᠬᠦ ᠳᠣᠰᠣᠯᠳᠡ ᠪᠠ ᠭᠤᠤᠯᠲᠠᠯᠭ᠎ᠠ ᠶᠢ ᠣᠨᠣᠪᠴᠢᠲᠠᠶ ᠡᠷᠢᠵᠦ ᠣᠯᠬᠤ ᠳᠤ ᠲᠥᠬᠦᠮ | ᠦᠵᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠭᠦᠢᠴᠡᠳᠬᠡᠪᠡ᠃ | ᠴᠠᠭ ᠲᠤᠬᠠᠢ ᠳᠤ ᠨᠢ ᠬᠠᠷᠢᠭᠤ ᠰᠤᠷᠪᠤᠯᠵᠢᠯᠠᠬᠤ ᠨᠢ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ | ᠨᠣᠷᠮ᠎ᠠ ᠶᠢ ᠳᠡᠭᠡᠭᠰᠢᠯᠡᠭᠦᠯᠵᠡᠢ᠃ ︽12345︾ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠦᠢᠴᠡᠳᠭᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠬᠠᠶ ᠶᠢᠨ | ᠭᠠᠵᠠᠷ ᠲᠤᠨᠢ ᠰᠤᠷᠪᠤᠯᠵᠢᠯᠠᠬᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠣᠯᠠᠨ ᠲᠦᠮᠡᠨ ᠳᠤ ᠰᠢᠢᠳᠪᠦᠷᠢᠯᠡᠭᠰᠡᠨ ᠪᠠᠶᠢᠳᠠᠯ ᠪᠠ ᠰᠢᠢᠳᠪᠤᠷᠢᠯᠡᠭᠰᠡᠨ ᠦᠷ᠎ᠡ ᠳ᠋ᠦᠩ ᠢ ᠮᠡᠳᠡᠭᠳᠡᠵᠦ᠂ ᠬᠠᠷᠢᠭᠤ | ᠥᠭᠭᠦᠭᠰᠡᠨ ᠠᠭᠤᠯᠭ᠎ᠠ ᠨᠢ ᠬᠠᠤᠯᠢ ᠲᠣᠭᠲᠠᠭᠠᠯ ᠳᠤ ᠨᠡᠶᠢᠴᠡᠬᠦ᠂ ᠶᠣᠰᠣ ᠲᠠᠢ ᠪᠥᠭᠡᠳ ᠦᠨᠳᠦᠰᠦ ᠪᠠᠷᠢᠮᠲᠠ ᠲᠠᠢ | ᠪᠠᠶᠢᠬᠤ᠂ ᠨᠠᠷᠢᠨ ᠣᠨᠣᠪᠴᠢᠲᠠᠶ ᠪᠠᠶᠢᠬᠤ᠂ ᠬᠢᠯᠪᠠᠷ ᠣᠶᠢᠯᠠᠭᠠᠮᠵᠢᠲᠠᠶ ᠪᠠᠶᠢᠬᠤ ᠶᠢ ᠦᠨᠡᠨ ᠬᠦ ᠪᠠᠳᠣᠯᠠᠪᠠ︔ | ᠪᠤᠰᠤᠳᠴᠢ ᠬᠦᠴᠦᠨ ᠵᠦᠢᠯ ᠠᠴᠠ ᠪᠣᠯᠵᠣ ᠴᠠᠭ ᠲᠤᠬᠠᠶ ᠳᠤᠨᠢ ᠰᠢᠢᠳᠪᠦᠷᠢᠯᠡᠵᠦ ᠳᠡᠶᠢᠯᠬᠦ ᠥᠬᠡᠶ ᠠᠰᠠᠭᠤᠳᠠᠯ ᠢ | ᠬᠦᠯᠢᠴᠡᠩᠭᠦᠶ ᠪᠠᠷ ᠨᠡᠪᠲᠡᠷᠡᠯᠴᠡᠭᠦᠯᠵᠦ᠂ ᠤᠴᠢᠷ ᠰᠢᠯᠲᠠᠭᠠᠨ ᠢ ᠨᠢ ᠳᠣᠲᠤᠷᠬᠠᠶᠢᠯᠠᠵᠤ᠂ ᠰᠠᠶᠢᠳᠤᠷ ᠲᠠᠶᠢᠯᠪᠤᠷᠢᠯᠠᠵᠤ᠂ | ᠭᠤᠮᠣᠳᠠᠯ ᠬᠦᠰᠡᠯ ᠲᠣᠭᠠᠴᠢᠭᠴᠢ ᠶᠢᠨ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ 12345 | ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤᠨ ᠤ ︽ | ᠰᠡᠳᠬᠢᠯ ᠤᠨ ᠬᠥᠭᠦᠷᠭᠡ︾ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠥᠷᠭᠡᠨ ᠣᠯᠠᠨ | ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠪᠠᠷ ᠬᠢ ᠵᠥᠪᠯᠡᠯᠭᠡ ᠪᠠ ᠭᠤᠮᠣᠳᠠᠯ ᠱᠠᠭᠠᠷᠳᠠᠯᠭ᠎ᠠ ᠳᠤ ᠴᠠᠭ | ᠲᠤᠬᠠᠶ ᠳᠤᠨᠢ ᠬᠠᠷᠢᠭᠤᠯᠲᠠ ᠥᠭᠴᠦ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ | ᠥᠭᠴᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠢᠨ᠎ᠡ︾ ᠣᠯᠠᠨ ᠲᠦᠮᠡᠨ ᠤ ᠠᠵᠢᠯ ᠶᠠᠪᠤᠳᠠᠯ | ᠭᠥᠢᠴᠡᠳᠬᠡᠬᠦ ᠳᠤ ᠨᠠᠩ ᠤᠷᠤᠭᠰᠢᠲᠠᠶ ᠪᠣᠯᠭᠠᠵᠤ᠂ ᠣᠯᠠᠨ ᠲᠦᠮᠡᠨ ᠳᠤ ᠦᠢᠯᠡᠴᠢᠯᠡᠬᠦ ᠳᠣᠲᠣᠨᠣ ᠬᠥᠮᠦᠨ ᠪᠣᠯᠬᠤ | ᠪᠣᠯᠤᠨ᠎ᠠ᠃ |