ᠮᠠᠯ ᠪᠡᠯᠴᠢᠭᠡᠷ ᠤᠨ ᠲᠡᠩᠴᠡᠭᠦᠷᠢ ᠶᠢᠨ ᠭᠦᠨᠵᠡᠭᠡᠢ ᠠᠬᠢᠭᠤᠯᠠᠬᠤ ᠶᠢ ᠲᠠᠭᠠᠯᠳᠤᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠮᠠᠯᠴᠢᠳ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠢᠳᠡᠪᠬᠢᠲᠡᠢ ᠬᠤᠪᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ | ᠠᠬᠤᠢ ᠶᠢᠨ ᠬᠥᠭᠵᠢᠯᠲᠡ ᠬᠠᠮᠵᠢᠯᠴᠠᠨ ᠬᠠᠮᠲᠤᠪᠠᠷ ᠤᠷᠤᠭᠰᠢᠯᠠᠬᠤ᠂ ᠮᠠᠯ ᠪᠡᠯᠴᠢᠭᠡᠷ ᠢ ᠲᠡᠩᠴᠡᠭᠦᠷᠢ ᠪᠠ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠠᠷᠢᠯᠴᠠᠨ ᠠᠰᠢᠭ ᠣᠯᠭᠤᠵᠤ ᠬᠠᠮᠲᠤ ᠪᠠᠷ ᠣᠯᠵᠠ ᠬᠦᠷᠲᠡᠬᠦ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃ ︽ᠨᠠᠮᠠᠶᠢ ᠶᠢ ᠬᠠᠰᠣᠭᠤᠯᠬᠤ︾ ᠠᠴᠠ | ︽ᠪᠢ ᠬᠠᠰᠤᠬᠤ︾ ᠬᠦᠷᠲᠡᠯ᠎ᠡ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠤᠪᠢᠷᠠᠯᠲᠠ ᠨᠢ ᠠᠵᠤ ᠠᠬᠤᠢ ᠶᠢᠨ ᠦᠷ᠎ᠡ | ᠠᠰᠢᠭ ᠤᠨ ᠳᠡᠭᠡᠭᠰᠢᠯᠡᠯᠲᠡ ᠶᠢ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠴᠤ ᠲᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠶᠢ ᠨᠤᠲᠤᠭ ᠪᠡᠯᠴᠢᠭᠡᠷ ᠢ ᠰᠡᠷᠭᠦᠭᠡᠬᠦ᠂ ᠬᠠᠮᠠᠭᠠᠯᠠᠬᠤ ᠪᠠ ᠦᠷᠭᠦᠯᠵᠢᠯᠡᠨᠠᠰᠢᠭᠯᠠᠬᠤ ᠴᠢᠭᠯᠡᠯ ᠲᠡᠶᠢᠰᠢ | ᠬᠤᠪᠢᠷᠠᠭᠤᠯᠬᠤ ᠶᠢ ᠠᠬᠢᠭᠤᠯᠪᠠ᠃ | ᠢᠳᠠᠪᠬᠢ ᠪᠣᠰᠤ ᠠᠴᠠ ᠢᠳᠠᠪᠬᠢ ᠪᠤᠯᠲᠠᠯ᠎ᠠ᠂ ᠮᠠᠯᠴᠢᠳ ︽ᠭᠤᠷᠪᠠᠨ ᠳᠠᠩᠰᠠ︾ ᠪᠠᠨ ᠲᠤᠳᠤᠷᠬᠠᠢ ᠪᠤᠳᠤᠨ᠎ᠠ | ᠣᠳᠣᠬᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠪᠤᠷ ᠤᠨ ᠤᠯᠠᠷᠢᠯ ᠤᠨ ᠲᠥᠯ | ᠲᠤᠰᠴᠤ ᠪᠤᠶᠢᠵᠢᠭᠤᠯᠬᠤ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠰᠠᠶ᠋ᠢᠬᠠᠨ ᠲᠦᠷᠦᠭᠰᠡᠨ ᠨᠢᠯᠬ᠎ᠠ | ᠬᠤᠷᠠᠭ᠎ᠠ᠂ ᠨᠢᠯᠬ᠎ᠠ ᠲᠤᠭᠤᠯ ᠬᠠᠪᠤᠷ ᠤᠨ ᠡᠬᠢ ᠶᠢᠨ ᠲᠠᠯ᠎ᠠ ᠨᠤᠲᠤᠭ ᠲᠤ ᠠᠮᠢᠵᠢᠷᠠᠯ ᠤᠨ ᠬᠦᠴᠦᠨ ᠢᠶᠠᠷ | ᠪᠢᠯᠬᠠᠷᠠᠭᠤᠯᠵᠤ᠂ ᠪᠠᠰᠠ ᠮᠠᠯᠴᠢᠨ ᠲᠠᠷᠢᠶᠠᠴᠢᠨ ᠳᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠪᠠᠶᠠᠷ | ᠪᠠᠭ᠋ᠠᠳᠤᠯ ᠪᠠ ᠬᠦᠰᠡᠯ ᠡᠷᠡᠮᠡᠯᠵᠡᠯ ᠢ ᠠᠪᠴᠢᠷᠠᠨ ᠦᠭᠴᠡᠢ᠃ ᠪᠠᠶᠠᠨᠬᠤᠸᠠ ᠪᠠᠯᠭᠠᠰᠤᠨ ᠤ ᠺᠠᠢ ᠯᠢᠨ ᠾᠧ | ᠭᠠᠴᠠᠭᠠᠨ ᠤ ᠮᠠᠯᠴᠢᠨ ᠵᠠᠩ ᠵᠢᠶᠠᠨ ᠵᠢᠶᠦ᠋ᠨ ᠤ ᠭᠡᠷ ᠲᠤ ᠬᠦᠷᠬᠦ ᠳᠤ᠂ ᠬᠤᠷᠠᠭ᠎ᠠ ᠢᠰᠢᠭᠡ ᠶᠢᠨ ︽ᠮᠠᠢ ᠮᠠᠢ︾ ᠭᠡᠬᠦ | ᠲᠠᠭᠤᠨ ᠮᠠᠯᠴᠢᠳ ᠤᠨ ᠢᠨᠢᠶᠡᠳᠦ ᠶᠢᠨ ᠲᠠᠭᠤᠨ ᠲᠠᠢ ᠤᠶᠠᠯᠳᠤᠵᠤ᠂ ᠬᠠᠪᠤᠷ ᠤᠨ ᠪᠠᠶᠠᠷ ᠪᠠᠶᠠᠰᠬᠤᠯᠠᠩᠲᠤ ᠳᠠᠭᠤᠯᠠᠯ ᠢ | ᠬᠠᠩᠭᠢᠨᠠᠭᠤᠯᠪᠠ᠃ ᠲᠡᠭᠦᠨ ᠤ ᠭᠡᠷ ᠲᠤ 150 ᠭᠠᠷᠤᠢ ᠡᠮ᠎ᠡ ᠬᠤᠨᠢ ᠪᠠᠶᠢᠵᠤ᠂ 70 ᠨᠢ ᠨᠢᠭᠡᠨᠲᠡ ᠬᠤᠷᠠᠭᠠᠯᠠᠵᠠᠢ᠃ | ︽ᠥᠩᠭᠡᠷᠡᠭᠰᠡᠨ ᠳᠤ ᠪᠢᠳᠡ ᠢᠯᠡᠭᠦᠦ ᠲᠡᠵᠢᠭᠡᠪᠡᠯ ᠢᠯᠡᠭᠦᠦ ᠵᠣᠭᠤᠰ ᠣᠯᠵᠤ ᠳᠡᠶᠢᠯᠦᠨ᠎ᠡ᠂ ᠭᠡᠪᠡᠴᠦ ᠣᠳᠣ | ᠪᠡᠯᠴᠢᠭᠡᠷ ᠳᠠᠭᠠᠭᠠᠵᠤ ᠳᠡᠶᠢᠯᠬᠦ ᠦᠭᠡᠢ᠂ ᠬᠤᠨᠢ ᠨᠢ ᠴᠤ ᠦᠨ᠎ᠡ ᠬᠦᠷᠬᠦ ᠦᠭᠡᠢ᠂ ᠬᠠᠷᠢᠨ ᠤᠯᠠᠮ ᠠᠴᠠ ᠤᠯᠠᠮ | ᠠᠯᠳᠠᠭᠳᠠᠯ ᠲᠠᠢ ᠪᠠᠶᠢᠪᠠ︾ ᠭᠡᠵᠦ ᠮᠠᠯᠴᠢᠨ ᠵᠠᠩ ᠵᠢᠶᠠᠨ ᠵᠢᠶᠦ᠋ᠨ ᠰᠡᠳᠬᠢᠯ ᠳᠣᠭᠳᠣᠯᠤᠨ ᠶᠠᠷᠢᠨ᠎ᠠ᠃ | ᠬᠤᠷᠠᠭ᠎ᠠ ᠢᠰᠢᠭᠡ ᠤᠨ ︽ᠮᠠᠢ ᠮᠠᠢ︾ ᠭᠡᠬᠦ ᠳᠠᠭᠤᠨ ᠪᠠᠶᠠᠷ ᠬᠥᠷ ᠲᠠᠢ ᠬᠠᠪᠤᠷ ᠤᠨ ᠮᠠᠯᠴᠢᠨ ᠤ ᠳᠠᠭᠤᠤ ᠶᠢ | ᠬᠦᠭᠵᠢᠮᠳᠠᠪᠡ | 2023 ᠣᠨ ᠤ 5 ᠳ᠋ᠤᠭᠠᠷ ᠰᠠᠷ᠎ᠠ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ | ᠴᠤᠤᠷᠢᠶᠠᠲᠤᠨ ᠳᠠᠭᠠᠬᠤ ᠶᠢᠨ ᠬᠠᠮᠲᠤ ᠣᠷᠣᠯᠭ᠎ᠠ ᠶᠢ ᠳᠡᠭᠡᠭᠰᠢᠯᠡᠭᠦᠯᠵᠦ᠂ ᠵᠠᠩ ᠵᠢᠶᠠᠨ ᠵᠢᠶᠦ᠋ᠨ ᠭᠠᠷ ᠲᠠᠬᠢ ᠠᠯᠠᠰᠢᠨ | ᠬᠤᠨᠢ ᠪᠠᠨ ᠡᠷᠡᠰ ᠰᠢᠭᠤᠷᠬᠠᠶ ᠪᠠᠷ ᠬᠤᠳᠠᠯᠳᠤᠬᠤ ᠪᠠᠷ ᠲᠣᠭᠲᠠᠭᠠᠵᠤ᠂ ᠲᠡᠵᠢᠭᠡᠨ ᠦᠷᠡᠵᠢᠭᠦᠯᠬᠦ ᠰᠢᠨ᠎ᠡ ᠮᠣᠳᠧᠯ ᠢ | ᠡᠬᠢᠯᠡᠨ ᠬᠠᠶᠢᠨ ᠰᠦᠪᠡᠭᠴᠢᠯᠡᠪᠡ᠃ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠠ ᠲᠤᠬᠠᠶ ᠶᠢᠨ ᠭᠠᠵᠠᠷ ᠤᠨ | ᠪᠠᠶᠢᠴᠠᠭᠠᠯᠲᠠ ᠪᠠᠷ ᠳᠡᠮᠵᠢᠨ᠂ ᠲᠡᠷᠡ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠨᠢ ᠥᠪᠡᠷ ᠤᠨ | ᠥᠷᠲᠡᠭ ᠨᠢ ᠥᠨᠳᠥᠷ᠂ ᠦᠶᠡᠯᠡᠯ ᠤᠨ ᠬᠤᠭᠤᠴᠠᠭ᠎ᠠ ᠨᠢ ᠣᠷᠳᠣ ᠪᠠᠶᠢᠬᠤ ᠪᠠᠷ ᠪᠠᠷᠠᠬᠤ ᠥᠬᠡᠶ ᠪᠠᠰᠠ ᠨᠤᠲᠤᠭ | ᠪᠡᠯᠴᠢᠭᠡᠷ ᠲᠤ ᠯᠤᠲᠤ ᠶᠡᠭᠡ ᠳᠠᠷᠤᠯᠲᠠ ᠪᠣᠯᠤᠭᠰᠠᠨ ᠢ ᠣᠶᠢᠯᠭᠠᠪᠠ᠃ ᠡᠶᠢᠮᠦ ᠠᠴᠠ ᠲᠡᠷᠡ ᠲᠡᠵᠢᠭᠡᠨ ᠦᠷᠡᠵᠢᠭᠦᠯᠬᠦ | ᠡᠭᠦᠯᠳᠡᠷ ᠢᠶᠠᠨ ᠡᠷᠡᠰ ᠰᠢᠭᠤᠷᠬᠠᠶ ᠪᠠᠷ ᠰᠣᠯᠢᠵᠤ᠂ ᠥᠰᠥᠯᠲᠡ ᠶᠢᠨ ᠦᠶᠡᠯᠡᠯ ᠤᠨ ᠬᠤᠭᠤᠴᠠᠭ᠎ᠠ ᠨᠢ ᠣᠬᠤᠷ᠂ | ᠣᠯᠠᠨ ᠬᠦᠪᠦᠷᠡᠯ᠂ ᠮᠢᠬ᠎ᠠ ᠨᠢ ᠰᠢᠯᠢᠳᠡᠭ ᠰᠠᠶᠢᠨ ᠲᠠᠪᠠᠭ ᠰᠡᠭᠦᠯᠲᠦ ᠡᠮ᠎ᠡ ᠬᠤᠨᠢ ᠪᠠ ᠰᠠᠹᠣᠺ᠂ ᠳ᠋ᠦ᠋ ᠪᠥᠸᠧ᠂ | ᠭᠧᠷᠮᠠᠨ ᠤ ᠮᠧᠶ ᠯᠢ ᠬᠤᠨᠢ ᠶᠢ ᠡᠷᠯᠢᠰᠡᠵᠢᠭᠦᠯᠦᠭᠰᠡᠨ ᠠᠯᠠᠰᠢᠨ ᠬᠤᠨᠢᠨ ᠤ ᠡᠭᠦᠯᠳᠡᠷ ᠢ ᠰᠣᠩᠭᠤᠭᠰᠠᠨ ᠪᠥᠭᠡᠳ | ᠪᠣᠷᠣᠯᠠᠭᠤᠯᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠬᠤᠷᠠᠭ᠎ᠠ ᠬᠤᠳᠠᠯᠳᠤᠬᠤ ᠨᠢ ᠭᠤᠣᠯᠳᠠᠭ᠎ᠠ | ᠪᠣᠯᠭᠠᠨ᠂ ᠲᠡᠵᠢᠭᠡᠨ ᠦᠷᠡᠵᠢᠭᠦᠯᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠲᠡᠵᠢᠭᠡᠨ ᠦᠷᠡᠵᠢᠭᠦᠯᠬᠦ | ᠥᠪᠡᠷ ᠤᠨ ᠥᠷᠲᠡᠭ ᠢ ᠪᠠᠭᠤᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠪᠠᠯᠠ ᠮᠥᠩᠭᠦ ᠶᠢᠨ ᠡᠷᠭᠢᠯᠲᠡ ᠶᠢᠨ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠰᠢᠨ᠎ᠡ ᠠᠷᠭ᠎ᠠ ᠵᠠᠮ ᠢ | ᠨᠡᠭᠡᠭᠡᠭᠰᠡᠨ ᠪᠥᠭᠡᠳ ᠲᠠᠯ᠎ᠠ ᠨᠤᠲᠤᠭ ᠤᠨ ᠠᠮᠢ ᠠᠬᠤᠶ ᠶᠢᠨ ᠰᠡᠷᠭᠦᠯᠲᠡ ᠪᠠ ᠪᠣᠬᠢᠷᠲᠤᠯ ᠥᠬᠡᠶ ᠬᠥᠭᠵᠢᠯᠲᠡ ᠳᠤ | ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠰᠠᠨᠠᠭᠠᠴᠢᠯᠠᠭ᠎ᠠ ᠥᠬᠡᠶ ᠬᠠᠭᠤᠴᠢᠨ ᠢᠶᠠᠨ ᠪᠠᠷᠢᠮᠲᠠᠯᠠᠬᠤ ᠠᠴᠠ ᠰᠠᠨᠠᠭᠠᠴᠢᠯᠠᠭ᠎ᠠ ᠠᠴᠠ ᠪᠠᠨ ᠬᠤᠪᠢᠷᠠᠬᠤ ᠶᠢ | ᠬᠥᠭᠡᠭᠡᠴᠡᠯᠳᠦᠵᠦ᠂ ᠵᠠᠩ ᠵᠢᠶᠠᠨ ᠵᠢᠶᠦ᠋ᠨ ︽ᠭᠤᠷᠪᠠᠨ ᠲᠠᠩᠰᠠ︾ ᠪᠤᠳᠤᠵᠤ᠄ ︽ᠥᠩᠭᠡᠷᠡᠭᠰᠡᠨ ᠳᠤ ᠨᠢᠭᠡ | ᠠᠯᠠᠰᠢᠨ ᠬᠤᠨᠢ ᠲᠡᠵᠢᠭᠡᠨ ᠦᠷᠡᠵᠢᠭᠦᠯᠬᠦ ᠳᠤ ᠶᠡᠷᠦ ᠨᠢ ᠨᠡᠯᠢᠶᠡᠳ ᠣᠷᠳᠣ ᠬᠤᠭᠤᠴᠠᠭ᠎ᠠ ᠬᠡᠷᠡᠭᠰᠡᠨ᠎ᠡ᠂ ᠭᠡᠲᠡᠯ᠎ᠡ | ᠣᠲᠣ ᠬᠤᠷᠠᠭ᠎ᠠ ᠲᠡᠵᠢᠭᠡᠨ ᠦᠷᠡᠵᠢᠭᠦᠯᠬᠦ ᠳᠤ ᠬᠤᠳᠠᠯᠳᠤᠵᠤ᠂ ᠲᠡᠵᠢᠭᠡᠨ ᠦᠷᠡᠵᠢᠭᠦᠯᠬᠦ ᠴᠠᠭ ᠨᠢ ᠶᠡᠭᠡ ᠪᠠᠷ | ᠪᠣᠭᠤᠨᠢᠰᠴᠤ᠂ ᠤᠤᠯ ᠤᠨ ᠳᠤᠮᠳᠠᠴᠢ ᠪᠠᠷ 6 - 8 ᠰᠠᠷ᠎ᠠ ᠠᠴᠠ 2 - 4 ᠰᠠᠷ᠎ᠠ ᠪᠣᠯᠲᠠᠯ᠎ᠠ ᠪᠣᠭᠤᠨᠢᠰᠴᠤ᠂ ᠡᠨᠡ ᠬᠦ | ᠬᠤᠪᠢᠷᠠᠯᠲᠠ ᠨᠢ ᠲᠦᠢᠯ ᠤᠨ ᠶᠡᠭᠡ ᠪᠠᠷ ᠥᠪᠡᠷ ᠤᠨ ᠥᠷᠲᠡᠭ ᠢ ᠠᠷᠪᠢᠯᠠᠵᠤ ᠪᠠᠶᠢᠨ᠎ᠠ︾ ᠭᠡᠪᠡ᠃ ᠲᠡᠷᠡ ︽ | ᠲᠡᠵᠢᠭᠡᠨ ᠦᠷᠡᠵᠢᠭᠦᠯᠬᠦ ᠬᠤᠭᠤᠴᠠᠭ᠎ᠠ ᠶᠢ ᠪᠣᠭᠤᠨᠢᠰᠬᠠᠬᠤ ᠨᠢ ᠲᠡᠵᠢᠭᠡᠯ ᠪᠣᠷᠳᠤᠭ᠎ᠠ᠂ ᠬᠥᠮᠦᠨ ᠤ ᠬᠦᠴᠦ ᠵᠢᠴᠢ | ᠬᠢᠵᠢᠭ ᠡᠪᠡᠳᠴᠢᠨ ᠢ ᠰᠡᠷᠭᠡᠶᠢᠯᠡᠨᠡᠵᠡᠮᠳᠡᠬᠦ ᠦᠪᠡᠷ ᠤᠨ ᠦᠷᠲᠡᠭ ᠢ 500 - 600 ᠲᠥᠭᠦᠷᠢᠭ ᠤᠨ ᠠᠷᠪᠢᠯᠠᠵᠤ | ᠴᠢᠳᠠᠨ᠎ᠠ᠃ ᠥᠩᠭᠡᠷᠡᠭᠰᠡᠨ ᠳᠤ ︿ᠤᠳᠠᠭᠠᠨ ᠲᠡᠵᠢᠭᠡᠵᠦ᠂ ᠣᠯᠵᠠ ᠨᠢ ᠪᠠᠭ᠎ᠠ﹀᠂ ᠤᠳᠤ ︿ᠲᠡᠵᠢᠭᠡᠬᠦ ᠴᠠᠭ ᠨᠢ | ᠣᠬᠤᠷ᠂ ᠣᠯᠵᠠ ᠨᠢ ᠢᠯᠡᠭᠦᠦ﹀ ᠪᠣᠯᠵᠠᠢ᠂ ᠡᠨᠡ ᠳᠠᠩᠰᠠ ᠶᠢ ᠪᠣᠳᠤᠪᠠᠯ ᠳᠣᠲᠣᠷ᠎ᠠ ᠪᠠᠨ ᠲᠤᠭ᠎ᠠ ᠲᠠᠢ ᠪᠣᠯᠤᠨ᠎ᠠ᠃ | ᠡᠭᠦᠨ ᠤ ᠬᠠᠮᠲᠤ ᠪᠤᠰᠤᠳ ᠮᠠᠯᠴᠢᠳ ᠮᠢᠨᠦ ᠵᠣᠭᠤᠰ ᠣᠯᠵᠤ ᠴᠢᠳᠠᠬᠤ ᠶᠢ ᠦᠵᠡᠭᠡᠳ ᠪᠠᠰᠠ ᠲᠡᠵᠢᠭᠡᠨ ᠦᠷᠡᠵᠢᠭᠦᠯᠬᠦ | ᠦᠵᠡᠯᠲᠡ ᠪᠠᠨ ᠬᠤᠪᠢᠷᠠᠭᠤᠯᠳᠠᠭ᠂ ᠢᠩᠭᠢᠪᠡᠯ ᠲᠠᠯ᠎ᠠ ᠨᠤᠲᠤᠭ ᠤᠨ ᠠᠮᠢ ᠠᠬᠤᠢ ᠶᠢᠨ ᠳᠠᠷᠤᠯᠲᠠ ᠶᠢ ᠪᠠᠭᠠᠰᠬᠠᠵᠤ | ᠴᠢᠳᠠᠨ᠎ᠠ᠃︾ ᠭᠡᠵᠦ ᠬᠡᠯᠡᠪᠡ᠃ ᠵᠠᠩ ᠵᠢᠶᠠᠨ ᠵᠢᠶᠦ᠋ᠨ ᠤ ︽ᠭᠤᠷᠪᠠᠨ ᠲᠠᠩᠰᠠ︾ ᠨᠢ ᠲᠡᠭᠦᠨ ᠤ ᠬᠤᠪᠢ | ᠬᠥᠮᠦᠨ ᠳᠤ ᠠᠰᠢᠭ ᠬᠦᠷᠲᠡᠭᠡᠬᠦ ᠪᠠᠷ ᠪᠠᠷᠠᠬᠤ ᠦᠭᠡᠢ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ | ᠪᠡᠯᠴᠢᠭᠡᠷ ᠤᠨ ᠲᠡᠩᠴᠡᠭᠦᠷᠢ ᠲᠠᠢ ᠪᠠᠶᠢᠬᠤ ᠠᠵᠢᠯ ᠳᠤ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ᠠᠵᠤ | ᠠᠬᠤᠶ ᠶᠢᠨ ᠲᠠᠩᠰᠠ ᠠᠴᠠ ᠠᠮᠢ ᠠᠬᠤᠶ ᠶᠢᠨ ᠲᠠᠩᠰᠠ ᠬᠦᠷᠲᠡᠯ᠎ᠡ᠂ ᠳᠠᠬᠢᠭᠠᠳ ᠨᠡᠶᠢᠭᠡᠮ ᠤᠨ ᠲᠠᠩᠰᠠ ᠬᠦᠷᠲᠡᠯ᠎ᠡ᠂ | ᠲᠡᠭᠦᠨ ᠤ ᠬᠤᠪᠢᠷᠠᠯᠲᠠ ᠨᠢ ᠶᠠᠭ ᠮᠠᠯᠵᠢᠬᠤ ᠣᠷᠣᠨ ᠤ ᠴᠢᠨᠠᠷ ᠰᠠᠶᠢᠲᠠᠶ ᠬᠥᠭᠵᠢᠯᠲᠡ ᠬᠢᠭᠡᠳ ᠠᠮᠢ ᠠᠬᠤᠶ ᠶᠢᠨ | ᠬᠠᠮᠠᠭᠠᠯᠠᠯᠲᠠ ᠶᠢ ᠬᠠᠮᠵᠢᠯᠴᠠᠭᠤᠯᠤᠨ ᠠᠬᠢᠭᠤᠯᠤᠭᠰᠠᠨ ᠠᠮᠢᠳᠤᠯᠢᠭ ᠵᠢᠷᠤᠭᠯᠠᠯ ᠪᠣᠯᠤᠨ᠎ᠠ᠃ | ᠬᠠᠷᠢᠯᠴᠠᠨ ᠠᠰᠢᠭ ᠣᠯᠭᠤᠵᠤ ᠬᠠᠮᠲᠤ ᠪᠠᠷ ᠣᠯᠵᠠ ᠬᠦᠷᠲᠡᠬᠦ᠄ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠦᠢᠯᠡᠳᠦᠯᠭᠡ | ᠵᠠᠩ ᠵᠢᠶᠠᠨ ᠵᠢᠶᠦ᠋ᠨ ᠤ ᠬᠤᠪᠢᠷᠠᠯᠲᠠ ᠨᠢ ᠵᠥᠪᠬᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ | ᠪᠡᠯᠴᠢᠭᠡᠷ ᠤᠨ ᠲᠡᠩᠴᠡᠭᠦᠷᠢ ᠶᠢᠨ ᠠᠵᠢᠯ ᠤᠨ ᠬᠤᠷᠢᠶᠠᠩᠭᠤᠢ ᠳᠦᠷᠢ᠃ ᠣᠶᠢᠷ᠎ᠠ ᠶᠢᠨ ᠵᠢᠯ ᠤᠳ ᠲᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠮᠠᠯᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ | ᠦᠢᠯᠡᠳᠪᠦᠷᠢᠯᠡᠯ ᠤᠨ ᠦᠵᠡᠯᠲᠡ ᠶᠢ ᠨᠢ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠮᠡᠷᠭᠡᠵᠢᠯ ᠤᠨ | ᠵᠢᠯᠣᠭᠤᠳᠣᠯᠭ᠎ᠠ ᠬᠢᠬᠦ ᠪᠠ ᠵᠠᠬ᠎ᠠ ᠳᠡᠯᠭᠡᠭᠦᠷ ᠲᠠᠢ ᠵᠣᠯᠭᠠᠭᠤᠯᠬᠤ ᠪᠠᠷ ᠳᠠᠮᠵᠢᠭᠤᠯᠤᠨ᠂ ᠮᠠᠯᠴᠢᠳ ᠢ ᠬᠠᠪᠰᠤᠷᠤᠨ | ᠤᠯᠠᠮᠵᠢᠯᠠᠯᠲᠤ ︽ᠲᠩᠷᠢ ᠳᠤ ᠲᠦᠰᠢᠭᠯᠡᠨ ᠬᠤᠭᠤᠯᠠ ᠢᠳᠡᠬᠦ︾ ᠠᠴᠠ ᠰᠢᠨᠵᠢᠯᠡᠬᠦ ᠤᠬᠠᠭᠠᠨᠴᠢ ᠪᠠᠷ ᠲᠡᠵᠢᠭᠡᠨ | ᠦᠷᠡᠵᠢᠭᠦᠯᠬᠦ ᠲᠡᠶᠢᠰᠢ ᠰᠢᠯᠵᠢᠭᠦᠯᠪᠡ᠃ 2023 ᠣᠨ ᠤ 10 ᠳ᠋ᠤᠭᠠᠷ ᠰᠠᠷ᠎ᠠ ᠳᠤ ᠵᠠᠩ ᠵᠢᠶᠠᠨ ᠵᠢᠶᠦ᠋ᠨ | ᠡᠭᠦᠯᠳᠡᠷ ᠢᠶᠠᠨ ᠰᠣᠯᠢᠭᠰᠠᠨ ᠤ ᠳᠠᠷᠠᠭ᠎ᠠ᠂ ᠣᠬᠤᠷᠬᠠᠨ ᠬᠡᠳᠦᠨ ᠰᠠᠷ᠎ᠠ ᠳᠤ 110 ᠬᠤᠷᠠᠭ᠎ᠠ ᠬᠤᠳᠠᠯᠳᠤᠵᠤ᠂ | ᠣᠷᠣᠯᠭ᠎ᠠ ᠨᠢ 6 ᠲᠦᠮᠡ ᠠᠴᠠ 7 ᠲᠦᠮᠡᠨ ᠲᠥᠭᠦᠷᠢᠭ ᠲᠤ ᠬᠦᠷᠴᠡᠶ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠠᠵᠢᠯ ᠨᠢ ᠮᠠᠯᠴᠢᠳ ᠤᠨ ᠠᠵᠤ ᠠᠬᠤᠶ ᠶᠢᠨ ᠦᠷ᠎ᠡ | ᠠᠰᠢᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠳᠤ | ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠮᠠᠯ ᠪᠡᠯᠴᠢᠭᠡᠷ ᠤᠨ ᠲᠡᠩᠴᠡᠭᠦᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠳᠠᠭᠠᠯᠳᠤᠨ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠴᠢᠳ ᠲᠡᠵᠢᠭᠡᠨ ᠦᠷᠡᠵᠢᠭᠦᠯᠬᠦ ᠪᠦᠲᠦᠴᠡ ᠳᠤ | ᠰᠠᠨᠠᠭᠠᠴᠢᠯᠠᠭ᠎ᠠ ᠠᠴᠠ ᠪᠠᠨ ᠲᠣᠬᠢᠷᠠᠭᠤᠯᠤᠯᠲᠠ ᠬᠢᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠮᠠᠯ ᠤᠨ ᠡᠭᠦᠯᠳᠡᠷ ᠢ ᠰᠢᠯᠢᠳᠡᠭᠵᠢᠭᠦᠯᠵᠦ᠂ ᠨᠤᠲᠤᠭ ᠪᠡᠯᠴᠢᠭᠡᠷ ᠤᠨ | ᠳᠠᠭᠠᠭᠠᠴᠠ ᠶᠢ ᠪᠦᠲᠦᠮᠵᠢᠲᠡᠶ ᠪᠠᠭᠠᠰᠬᠠᠪᠠ᠃ ᠨᠤᠲᠤᠭ ᠪᠡᠯᠴᠢᠭᠡᠷ ᠰᠡᠯᠭᠦᠨ ᠠᠮᠢᠵᠢᠷᠠᠵᠤ᠂ ᠤᠷᠭᠤᠮᠠᠯ ᠤᠨ ᠪᠦᠷᠬᠦᠴᠡ | ᠢᠯᠡᠳᠲᠡ ᠳᠡᠭᠡᠭᠰᠢᠯᠡᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠠᠯᠬᠤᠮ ᠠᠯᠬᠤᠮ ᠢᠶᠠᠷ ᠰᠡᠷᠭᠦᠵᠤ᠂ | ᠨᠤᠲᠤᠭ ᠪᠡᠯᠴᠢᠭᠡᠷ ᠤᠨ ᠠᠮᠢ ᠠᠬᠤᠶ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠡᠭᠦᠨ ᠤ ᠬᠠᠮᠲᠤ᠂ ᠮᠠᠯᠴᠢᠳ ᠤᠨ | ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ᠂ ︽ᠠᠮᠢ ᠠᠬᠤᠶ ᠶᠢᠨ ᠬᠠᠮᠠᠭᠠᠯᠠᠯᠲᠠ︾ ᠬᠢᠭᠡᠳ ︽ᠠᠵᠤ ᠠᠬᠤᠶ ᠶᠢᠨ | ᠬᠥᠭᠵᠢᠯᠲᠡ︾ ᠶᠢᠨ ᠬᠤᠤᠰ ᠠᠮᠵᠢᠯᠲᠠ ᠶᠢ ᠪᠡᠶᠡᠯᠡᠭᠦᠯᠪᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠡᠨᠡ ᠬᠦ ᠦᠢᠯᠡᠳᠦᠯᠭᠡ ᠨᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠦᠷᠭᠦᠯᠵᠢᠯᠡᠬᠦ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠥᠭᠭᠦᠭᠰᠡᠨ | ᠪᠥᠭᠡᠳ ᠲᠠᠯ᠎ᠠ ᠨᠤᠲᠤᠭ ᠤᠨ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤ ᠡᠷᠬᠢᠮ ᠨᠠᠨᠳᠢᠨ ᠲᠤᠷᠰᠢᠯᠭ᠎ᠠ ᠶᠢ ᠬᠠᠩᠭᠠᠭᠰᠠᠨ ᠪᠠᠶᠢᠨ᠎ᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠦᠶ᠎ᠡ ᠶᠢᠨ ᠤᠷᠤᠰᠬᠠᠯ ᠳᠤᠮᠳᠠ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠮᠠᠯ ᠪᠡᠯᠴᠢᠭᠡᠷ ᠤᠨ ᠲᠡᠩᠴᠡᠭᠦᠷᠢ ᠪᠠᠷ ᠰᠢᠪᠲᠤᠯᠤᠯᠲᠠ ᠶᠢᠨ ᠴᠡᠭ ᠪᠣᠯᠭᠠᠵᠤ᠂ | ᠠᠮᠢ ᠠᠬᠤᠢ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ ᠴᠤ᠋ ᠰᠢᠨ᠎ᠡ ᠬᠠᠭᠤᠳᠠᠰᠤ ᠶᠢ | ᠵᠢᠷᠤᠭᠯᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤ ᠮᠠᠯ | ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡᠳᠦᠯᠲᠡᠶ ᠲᠡᠵᠢᠭᠡᠬᠦ︾ | ᠬᠥᠭᠵᠢᠯᠲᠡ ᠶᠢᠨ ᠮᠣᠳᠧᠯ ᠢ ᠳᠡᠯᠭᠡᠷᠡᠭᠦᠯᠵᠦ᠂ ᠨᠠᠩ ᠣᠯᠠᠨ ᠮᠠᠯᠴᠢᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ | ᠲᠡᠵᠢᠭᠡᠨ ᠦᠷᠡᠵᠢᠭᠦᠯᠦᠨ᠎ᠡ᠃ ᠢᠷᠡᠭᠡᠳᠦᠶ ᠳᠤ᠂ ᠨᠠᠩ ᠣᠯᠠᠨ ᠮᠠᠯᠴᠢᠳ ᠤᠨ ᠢᠳᠡᠪᠬᠢᠲᠡᠶ ᠣᠷᠣᠯᠴᠠᠬᠤ ᠶᠢ | ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠲᠠᠯ᠎ᠠ ᠨᠤᠲᠤᠭ ᠨᠠᠩ ᠨᠣᠮᠢᠨ ᠨᠣᠭᠤᠭᠠᠨ ᠪᠣᠯᠵᠤ᠂ | ᠮᠠᠯᠴᠢᠳ ᠤᠨ ᠠᠮᠢᠳᠤᠷᠠᠯ ᠴᠤ ᠨᠠᠩ ᠪᠠᠶᠠᠨ ᠴᠢᠨᠡᠭᠡᠯᠢᠭ ᠪᠣᠯᠤᠨ᠎ᠠ᠃ | | |