ᠤᠷᠢᠬᠠᠨ ᠰᠠᠯᠬᠢ ᠰᠠᠯᠬᠢᠯᠠᠵᠦ᠂ ᠮᠠᠰᠢᠨ ᠮᠧᠬᠠᠨᠢᠭ ᠬᠦᠷᠴᠢᠭᠡᠨᠡᠨᠡ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠢᠨ ᠾᠧ ᠵᠠᠮ ᠢ ᠥᠭᠡᠷᠡᠴᠢᠯᠡᠨ ᠵᠠᠰᠠᠬᠤ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ | ᠶᠠᠭ ᠪᠠᠴᠢᠮ ᠶᠠᠭᠠᠷᠠᠯᠲᠠᠢ ᠡᠮᠬᠢ ᠵᠢᠷᠤᠮ ᠲᠠᠢ ᠠᠵᠢᠯ ᠢᠶᠠᠨ ᠥᠷᠨᠢᠭᠦᠯᠵᠦ᠂ 4 ᠰᠠᠷ᠎ᠠ ᠶᠢᠨ ᠳᠤᠮᠳᠠᠴᠢ ᠠᠴᠠ | ᠡᠬᠢᠯᠡᠭᠰᠡᠨ ᠪᠢᠨ ᠾᠧ ᠵᠠᠮ ᠤᠨ ᠵᠠᠮ ᠤᠨ ᠬᠤᠭᠤᠯᠠᠢ ᠶᠢᠨ ᠲᠣᠣᠷ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ | ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠰᠠ ᠨᠢᠭᠡᠨ | ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠤᠤᠯ ᠨᠢ ᠡᠨᠡ ᠬᠦ ᠵᠠᠮ ᠨᠢ ᠮᠠᠰᠢ ᠢᠪᠴᠤᠤ᠂ ᠵᠠᠮ ᠤᠨ ᠭᠠᠳᠠᠷᠭᠤ ᠨᠢ ᠡᠩᠬᠦᠯ ᠳᠤᠩᠬᠤᠯ᠂ ᠵᠠᠮ ᠤᠨ | ᠳ᠋ᠧᠩ ᠨᠢ ᠪᠦᠳᠡᠬᠢ᠂ ᠶᠠᠪᠤᠵᠤ ᠰᠠᠭᠤᠬᠤ ᠳᠤ ᠮᠠᠰᠢ ᠳᠥᠭᠦᠮ ᠦᠭᠡᠢ ᠪᠠᠶᠢᠵᠠᠢ᠃ ᠣᠳᠣ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠥᠭᠡᠷᠡᠴᠢᠯᠡᠯᠲᠡ ᠬᠢᠵᠦ ᠡᠨᠡ ᠵᠠᠮ ᠢ | ᠵᠠᠰᠠᠵᠤ ᠪᠠᠶᠢᠬᠤ ᠶᠢ ᠦᠵᠡᠭᠡᠳ ᠰᠡᠳᠬᠢᠯ ᠮᠠᠰᠢ ᠪᠠᠶᠠᠷᠳᠠᠢ ᠪᠠᠶᠢᠨ᠎ᠠ︾ ᠭᠡᠵᠦ ᠯᠦ ᠮᠢᠩ ᠱᠠᠨ ᠵᠤᠸᠠᠩ ᠰᠠᠭᠤᠭᠠᠯᠢ | ᠲᠤᠭᠤᠷᠢᠭ ᠤᠨ ᠡᠷᠦᠬᠡ ᠴᠢᠨ ᠶᠠ ᠳ᠋ᠦᠸᠧ ᠰᠡᠳᠬᠢᠯ ᠳᠣᠭᠳᠣᠯᠤᠨ ᠬᠡᠯᠡᠪᠡ᠃ ᠬᠤᠲᠠ ᠶᠢᠨ ᠲᠣᠭᠤᠷᠢᠭ ᠤᠨ ᠵᠠᠮ | ᠬᠠᠷᠢᠯᠴᠠᠭᠠᠨ ᠤ ᠴᠢᠬᠤᠯᠠ ᠵᠠᠮ ᠪᠣᠯᠤᠭᠰᠠᠨ ᠤ ᠬᠤᠪᠢ ᠳᠤ᠂ ᠪᠢᠨ ᠾᠧ ᠵᠠᠮ ᠤᠷᠲᠤ ᠬᠤᠭᠤᠴᠠᠭ᠎ᠠ ᠪᠠᠷ ᠵᠠᠮ ᠨᠢ | ᠢᠪᠴᠤᠤ᠂ ᠤᠰᠤ ᠵᠠᠯᠠᠬᠤ ᠨᠢ ᠰᠢᠯᠤᠭᠤᠨ ᠪᠤᠰᠤ ᠵᠡᠷᠭᠡ ᠠᠰᠠᠭᠤᠳᠠᠯ ᠳᠤ ᠲᠤᠯᠭᠠᠷᠠᠵᠤ ᠪᠠᠶᠢᠵᠠᠢ᠃ ᠲᠣᠰ | ᠤᠳᠠᠭᠠᠨ ᠤ ᠥᠭᠡᠷᠡᠴᠢᠯᠡᠨ ᠰᠢᠨᠡᠳᠬᠡᠬᠦ ᠢᠨᠵᠧᠨᠧᠷᠢᠩ ᠨᠢ 680 ᠲᠦᠮᠡᠨ ᠲᠥᠭᠦᠷᠢᠭ ᠤᠨ ᠪᠠᠯᠠ ᠣᠷᠣᠭᠤᠯᠵᠤ᠂ | ᠪᠥᠬᠦ ᠣᠷᠳᠣ ᠨᠢ 1987 ᠮᠧᠲᠷ ᠪᠢᠨ ᠾᠧ ᠵᠠᠮ ᠳᠤ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ | ᠳᠡᠪᠢᠰᠬᠦ ᠶᠢᠨ ᠬᠠᠮᠲᠤ ᠤᠤᠯ ᠤᠨ ᠵᠠᠮ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠭᠡᠷᠡᠯᠲᠦᠭᠦᠯᠭᠡ ᠶᠢᠨ | ᠲᠥᠬᠦᠭᠡᠷᠦᠮᠵᠢ ᠶᠢ ᠲᠠᠰ ᠳᠡᠪᠰᠢᠭᠦᠯᠬᠦ ᠵᠢᠴᠢ ᠵᠠᠮ ᠤᠨ ᠪᠦᠷᠬᠦᠭᠦᠯ ᠤᠨ ᠢᠨᠵᠧᠨᠧᠷᠢᠩ ᠢ ᠵᠡᠷᠭᠡ ᠪᠠᠷ ᠬᠡᠷᠡᠭᠵᠢᠭᠦᠯᠵᠦ᠂ | ᠣᠯᠠᠨ ᠲᠦᠮᠡᠨ ᠤ ︽ᠵᠣᠪᠠᠨᠢᠯ ᠲᠠᠢ ᠵᠠᠮ︾ ᠢ ᠦᠨᠡᠨ ᠬᠦ ︽ᠰᠡᠳᠬᠢᠯ ᠤᠨ ᠵᠠᠮ︾ ᠪᠣᠯᠭᠠᠨ ᠬᠤᠪᠢᠷᠠᠭᠤᠯᠬᠤ | ᠪᠣᠯᠤᠨ᠎ᠠ᠃ | ᠪᠠᠷᠢᠯᠭ᠎ᠠ ᠶᠢᠨ ᠠᠵᠢᠯ ᠤᠨ ᠣᠯᠠᠨ ᠲᠦᠮᠡᠨ ᠤ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠡᠰᠡᠭ ᠬᠤᠪᠢᠶᠠᠨ ᠪᠠᠷᠢᠯᠭ᠎ᠠ ᠪᠠᠷᠢᠬᠤ᠂ | ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠠᠵᠢᠯᠯᠠᠬᠤ ᠵᠡᠷᠭᠡ ᠵᠠᠭᠪᠤᠷ ᠢ ᠠᠪᠴᠤ᠂ ᠪᠠᠷᠢᠯᠭ᠎ᠠ ᠶᠢᠨ | ᠬᠤᠭᠤᠴᠠᠭᠠᠨ ᠳᠠᠬᠢ ᠵᠠᠮ ᠬᠠᠷᠢᠯᠴᠠᠭᠠᠨ ᠤ ᠡᠮᠬᠢ ᠵᠢᠷᠤᠮ ᠲᠠᠢ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ︽ | ᠬᠡᠳᠦ᠋ᠢᠪᠡᠷ ᠪᠠᠷᠢᠯᠭ᠎ᠠ ᠶᠢᠨ ᠠᠵᠢᠯ ᠠᠴᠠ ᠪᠤᠯᠵᠤ ᠲᠦᠷ ᠴᠠᠭ ᠳᠥᠭᠦᠮ ᠦᠭᠡᠢ ᠪᠣᠯᠤᠭᠰᠠᠨ ᠪᠣᠯᠪᠠᠴᠤ | ᠢᠨᠵᠧᠨᠧᠷᠢᠩ ᠢ ᠲᠦᠷᠭᠡᠨ ᠠᠬᠢᠭᠤᠯᠵᠤ ᠪᠠᠶᠢᠬᠤ ᠶᠢ ᠬᠠᠷᠠᠭᠠᠳ᠂ ᠪᠢᠳᠡ ᠥᠭᠡᠷᠡᠴᠢᠯᠡᠨ ᠰᠠᠶᠢᠵᠢᠷᠠᠭᠤᠯᠬᠤ ᠦᠷ᠎ᠡ | ᠪᠦᠲᠦᠮᠵᠢ ᠳᠤ ᠢᠲᠡᠭᠡᠯ ᠳᠦᠭᠦᠷᠡᠩ ᠪᠠᠶᠢᠨ᠎ᠠ︾ ᠭᠡᠵᠦ ᠵᠡᠭᠡᠯᠢ ᠶᠢᠨ ᠬᠠᠵᠠᠭᠤ ᠳᠠᠬᠢ ᠬᠤᠳᠠᠯᠳᠤᠭᠠᠨ ᠤ ᠲᠡᠯᠭᠡᠬᠦᠷ ᠤᠨ | ᠡᠵᠡᠨ ᠰᠦᠩ ᠬᠤᠩ ᠰᠢᠶᠠ ᠶᠢᠨ ᠦᠭᠡ ᠨᠢ ᠡᠷᠭᠢᠨ ᠲᠣᠭᠤᠷᠢᠨ ᠤ ᠬᠤᠳᠠᠯᠳᠤᠭᠠᠨ ᠤ ᠡᠷᠦᠬᠡ ᠶᠢᠨ ᠰᠡᠳᠬᠢᠯ ᠤᠨ | ᠳᠠᠭᠤᠨ ᠢ ᠢᠯᠡᠷᠡᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠢ ᠸᠧᠶ ᠭᠠᠩ ᠲᠠᠨᠢᠯᠴᠠᠭᠤᠯᠤᠭᠰᠠᠨ ᠨᠢ᠂ ᠪᠢᠨ ᠾᠧ ᠵᠠᠮ ᠢ | ᠥᠭᠡᠷᠡᠴᠢᠯᠡᠨ ᠵᠠᠰᠠᠬᠤ ᠢᠨᠵᠧᠨᠧᠷᠢᠩ ᠢ ᠵᠢᠱᠢᠯᠲᠡ ᠪᠠᠷ 6 ᠳ᠋ᠤᠭᠠᠷ ᠰᠠᠷ᠎ᠠ ᠶᠢᠨ ᠳᠤᠮᠳᠠᠴᠢ ᠪᠠᠷ ᠪᠥᠬᠦ ᠲᠠᠯ᠎ᠠ ᠪᠠᠷ | ᠳᠠᠭᠤᠰᠬᠠᠵᠤ᠂ ᠵᠠᠮ ᠳᠠᠭᠠᠤ ᠶᠢᠨ 3 ᠰᠠᠭᠤᠭᠠᠯᠢ ᠠᠷᠠᠳ ᠤᠨ ᠲᠣᠭᠤᠷᠢᠭ ᠤᠨ ᠡᠳᠦᠷ ᠲᠤᠲᠤᠮ ᠤᠨ ᠶᠠᠪᠤᠵᠤ | ᠰᠠᠭᠤᠬᠤ ᠳᠤ ᠠᠰᠢᠭ ᠬᠦᠷᠲᠡᠭᠡᠬᠦ ᠪᠣᠯᠤᠨ᠎ᠠ᠃ ᠲᠣᠰ ᠢᠨᠵᠧᠨᠧᠷᠢᠩ ᠨᠢ ᠬᠤᠲᠠ ᠶᠢᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠬᠦ ︽ᠬᠠᠲᠠᠭᠤ ᠢᠨᠵᠧᠨᠧᠷᠢᠩ︾ ᠪᠣᠯᠬᠤ ᠪᠠᠷ ᠪᠠᠷᠠᠬᠤ ᠥᠬᠡᠶ᠂ ᠨᠠᠩ ᠴᠤ ᠣᠯᠠᠨ ᠲᠦᠮᠡᠨᠴᠢ | ᠱᠤᠭᠤᠮ ᠢ ᠦᠢᠯᠡᠳᠦᠯᠭᠡᠵᠢᠭᠦᠯᠬᠦ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠪᠣᠯᠤᠨ᠎ᠠ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠲᠣᠰ ᠤᠳᠠᠭᠠᠨ ᠤ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ | ᠲᠠᠷᠠᠭᠠᠴᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ | ᠪᠣᠳᠣᠯᠭ᠎ᠠ ᠶᠢ ᠠᠷᠠᠳ ᠠᠴᠠ ᠠᠰᠠᠭᠤᠬᠤ ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠢᠨᠵᠧᠨᠧᠷᠢᠩ ᠢ ᠦᠨᠡᠨ ᠬᠦ ᠣᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠠᠷᠠᠳ ᠤᠨ ᠰᠡᠳᠬᠢᠯ ᠤᠨ | ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠵᠤ᠂ ᠬᠤᠲᠠ ᠶᠢᠨ ᠬᠥᠭᠵᠢᠯᠲᠡ ᠶᠢ ᠨᠠᠩ ᠬᠠᠯᠠᠭᠤᠨ ᠳᠤᠯᠠᠭᠠᠨ ᠪᠣᠯᠭᠠᠵᠤ | ᠂ ᠣᠯᠠᠨ ᠲᠦᠮᠡᠨ ᠤ ᠠᠮᠢᠳᠤᠷᠠᠯ ᠢ ᠨᠠᠩ ᠴᠢᠨᠠᠷ ᠰᠠᠶᠢᠲᠠᠶ ᠪᠣᠯᠭᠠᠵᠤ᠂ ᠦᠵᠡᠰᠬᠦᠯᠡᠩᠲᠦ ᠰᠠᠶᠢᠬᠠᠨ ᠣᠷᠣᠰᠢᠨ | ᠰᠠᠭᠤᠬᠤ ᠳᠤ ᠲᠣᠬᠢᠷᠠᠮᠵᠢᠲᠠᠶ ᠰᠢᠨ᠎ᠡ ᠲᠠᠷᠬᠠᠨ ᠮᠤᠤᠮᠢᠩᠭᠠᠨ ᠢ ᠪᠥᠲᠥᠭᠡᠨ ᠪᠠᠶᠢᠭᠤᠯᠬᠤ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠨ᠎ᠡ᠃ |