3 ᠬᠠᠮᠲᠤ ᠨᠡᠶᠢᠲᠡ ᠪᠠ 7 ᠬᠤᠪᠢ ᠬᠥᠮᠦᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠥᠬᠢᠭᠦᠯᠦᠯ ᠢ ᠭᠥᠷᠳᠡᠪᠡ
ᠨᠡᠶᠢᠲᠡᠯᠡᠭᠰᠡᠨ ᠴᠠᠭ᠄
2025/5/12
      ᠬᠥᠳᠡᠯᠮᠦᠷᠢ ᠪᠠᠷ ᠵᠣᠯ ᠵᠢᠷᠭᠠᠯ ᠢ ᠪᠦᠲᠦᠭᠡᠵᠦ᠂ ᠴᠢᠷᠮᠠᠶᠢᠨ ᠲᠡᠮᠡᠴᠡᠵᠦ ᠠᠭᠤᠤ ᠦᠢᠯᠡᠰ ᠢ  ᠴᠤᠭᠴᠠᠯᠠᠶ᠎ᠠ᠃     ︽5.1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠢᠳᠡ ᠬᠠᠮᠲᠤ ᠪᠠᠷ ᠬᠠᠮᠤᠭ ᠤᠨ ᠭᠤᠶᠤ ᠬᠥᠳᠡᠯᠮᠦᠷᠢᠴᠢᠳ ᠲᠤ ᠪᠠᠨ ᠬᠦᠨᠳᠦᠳᠬᠡᠯ ᠳᠡᠪᠰᠢᠭᠦᠯᠦᠶ᠎ᠡ᠃ ᠲᠡᠳᠡ ᠠᠳᠠᠯᠢ ᠪᠤᠰᠤ ᠠᠵᠢᠯ ᠲᠥᠷᠥᠯ ᠲᠠᠢ  ᠪᠠᠶᠢᠵᠤ᠂  ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭᠠᠨ ᠤ ᠰᠢᠯᠢᠳᠡᠭ ᠤᠯᠠᠮᠵᠢᠯᠠᠭᠴᠢ ᠮᠥᠨ᠂ ᠪᠢᠳᠡᠨ ᠤ ᠬᠥᠭᠡᠭᠡᠴᠡᠯᠳᠦᠬᠦ ᠶᠣᠰᠣᠲᠠᠢ ᠤᠳᠤᠳ ᠮᠥᠨ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠮᠠ ᠰᠢᠶᠤᠤ ᠴᠢᠩ      ᠮᠠ ᠰᠢᠶᠤᠤ ᠴᠢᠩ᠂ ᠡᠷᠡᠭᠲᠡᠶ᠂ ᠮᠣᠩᠭᠤᠯ ᠦᠨᠳᠦᠰᠦᠲᠡᠨ᠂ 1980 ᠣᠨ ᠤ 10 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠪᠤᠭᠤᠲᠤ ᠬᠤᠲᠠ ᠶᠢᠨ  ᠰᠢᠪᠠᠷᠬᠦ᠋ᠷᠢᠶ᠎ᠡ ᠲᠡᠮᠦᠷ ᠤᠨ ᠠᠭᠤᠷᠬᠠᠶ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠠᠰᠢᠨ ᠵᠠᠰᠠᠬᠤ ᠲᠠᠰᠤᠭ ᠤᠨ  ᠲᠠᠰᠤᠭ ᠤᠨ ᠳᠠᠷᠤᠭ᠎ᠠ᠃ ᠲᠡᠷᠡ ᠦᠪᠡᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠢᠨ᠎ᠡ ᠶᠢ ᠡᠭᠦᠳᠬᠦ ᠪᠠ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ  ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠡᠢ᠂ ᠡᠭᠦᠨ ᠳᠤ ᠴᠠᠬᠢᠯᠭᠠᠨ ᠬᠤᠰᠤᠭᠤᠷ ᠤᠨ ᠨᠢᠷᠤᠭᠤ ᠶᠢᠨ ᠪᠤᠷᠤᠯᠠᠭᠤᠯᠭ᠎ᠠ ᠶᠢᠨ ᠲᠡᠩᠭᠡᠯᠢᠭ ᠤᠨ ᠮᠡᠷᠭᠡᠵᠢᠯ ᠢ ᠦᠭᠡᠷᠡᠴᠢᠯᠡᠭᠡᠳ ᠵᠢᠯ ᠪᠦᠷᠢ ᠺᠣᠮᠫᠠᠨᠢ ᠳᠤ 6 ᠲᠦᠮᠡᠨ ᠲᠥᠭᠦᠷᠢᠭ ᠠᠷᠪᠢᠯᠠᠵᠤ᠂ ᠵᠠᠮ ᠤᠨ ᠲᠣᠭᠤᠰᠣ ᠶᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠨᠢ ᠵᠢᠯ ᠪᠦᠷᠢ ᠺᠣᠮᠫᠠᠨᠢ ᠳᠤ 30 ᠭᠠᠷᠤᠶ ᠲᠦᠮᠡᠨ ᠲᠥᠭᠦᠷᠢᠭ ᠤᠨ ᠵᠠᠷᠤᠳᠠᠯ ᠠᠷᠪᠢᠯᠠᠪᠠ᠃ ᠡᠭᠦᠨ ᠤ ᠬᠠᠮᠲᠤ ᠪᠠᠰᠠ ᠡᠭᠡᠯᠵᠢ ᠳᠤᠭᠤᠶᠢᠯᠠᠩ ᠤᠨ ᠠᠵᠢᠯᠲᠠᠨ ᠢ ᠳᠠᠭᠠᠭᠤᠯᠤᠨ᠂ ᠦᠢᠯᠡᠳᠪᠦᠷᠢ ᠶᠢᠨ ᠲᠠᠰᠤᠭ ᠤᠨ ᠬᠠᠭᠤᠴᠢᠨ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠵᠦ᠂ ᠮᠡᠷᠭᠡᠵᠢᠯ ᠤᠨ ᠬᠢᠷᠢ ᠲᠦᠪᠰᠢᠨ ᠪᠠ ᠮᠡᠷᠭᠡᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠦᠭᠡᠢ  ᠲᠡᠭᠡᠭᠰᠢᠯᠡᠬᠦᠯᠵᠦ᠂ ᠬᠦᠳᠦᠯᠦᠨ ᠲᠠᠭᠠᠭᠤᠯᠤᠭᠴᠢ ᠶᠢᠨ ᠦᠢᠯᠡᠳᠦᠯ ᠢ ᠦᠵᠡᠬᠦᠯᠪᠡ᠃      ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠰᠠᠷᠠᠨᠲᠤᠶᠠᠭ᠎ᠠ     ᠰᠠᠷᠠᠨᠳᠤᠶᠠᠭ᠎ᠠ᠂ ᠡᠷᠡᠭᠲᠡᠶ᠂ ᠮᠣᠩᠭᠤᠯ ᠦᠨᠳᠦᠰᠦᠲᠡᠨ᠂ 1974 ᠣᠨ ᠤ 12 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭᠠᠨᠬᠠᠳᠠ ᠰᠤᠮᠤ ᠶᠢᠨ ᠲᠩᠷᠢ ᠨᠠᠭᠤᠷ ᠭᠠᠴᠠᠭᠠᠨ ᠤ ᠮᠠᠯᠴᠢᠨ᠂ ᠬᠢᠯᠢ ᠬᠠᠮᠠᠭᠠᠯᠠᠭᠴᠢ᠃1990 ᠣᠨ ᠳᠤ 16 ᠨᠠᠰᠤᠲᠠᠶ ᠰᠠᠷᠠᠨᠲᠤᠶᠠᠭ᠎ᠠ ᠴᠡᠷᠢᠭ ᠲᠤ ᠣᠷᠣᠵᠤ᠂ ᠨᠢᠭᠡᠨ ᠬᠢᠯᠢ ᠶᠢᠨ ᠬᠠᠮᠠᠭᠠᠯᠠᠯᠲᠠ ᠶᠢᠨ ᠴᠡᠷᠢᠭ ᠪᠣᠯᠵᠤ᠂ 2001 ᠣᠨ ᠳᠤ ᠴᠡᠷᠢᠭ ᠠᠴᠠ ᠬᠠᠯᠠᠭᠳᠠᠭᠰᠠᠨ ᠤ ᠳᠠᠷᠠᠭ᠎ᠠ᠂ ᠲᠡᠷᠡ ᠨᠤᠲᠤᠭ ᠲᠠᠭᠠᠨ ᠪᠣᠴᠠᠵᠤ᠂ ᠨᠢᠭᠡᠨ ᠮᠠᠯᠴᠢᠨ ᠪᠣᠯᠬᠤ ᠶᠢᠨ ᠲᠠᠭᠠᠤ ᠨᠢᠭᠡᠨ ᠬᠢᠯᠢ ᠬᠢᠵᠠᠭᠠᠷ ᠤᠨ ᠬᠠᠮᠠᠭᠠᠯᠠᠭᠴᠢ ᠪᠣᠯᠤᠭᠰᠠᠨ ᠪᠠᠶᠢᠨ᠎ᠠ᠃ ᠣᠯᠠᠨ ᠵᠢᠯ ᠬᠢᠯᠢ ᠬᠢᠵᠠᠭᠠᠷ ᠢ ᠰᠠᠬᠢᠨ  ᠬᠠᠮᠠᠭᠠᠯᠠᠬᠤ ᠶᠠᠪᠤᠴᠠ ᠳᠤ᠂ ᠰᠠᠷᠠᠨᠳᠤᠶᠠᠭ᠎ᠠ ᠨᠡᠶᠢᠯᠡᠬᠦᠯᠦᠭᠡᠳ 800 ᠺᠢᠯᠤᠮᠧᠲᠷ ᠤᠨ ᠬᠢᠯᠢ ᠴᠠᠭᠳᠠᠵᠤ᠂ ᠡᠯ᠎ᠡ ᠲᠥᠷᠥᠯ ᠤᠨ ᠮᠡᠳᠡᠭᠡ ᠵᠠᠩᠭᠢ ᠶᠢ 200 ᠭᠠᠷᠤᠶ ᠵᠤᠷᠪᠤᠰ ᠳᠡᠭᠡᠭᠰᠢ ᠮᠡᠳᠡᠭᠦᠯᠵᠦ᠂ ᠴᠡᠷᠢᠭ ᠴᠠᠭᠳᠠᠭ᠎ᠠ ᠠᠷᠠᠳ ᠤᠨ ᠬᠠᠮᠳᠤᠷᠠᠭᠰᠠᠨ ᠴᠠᠭᠳᠠᠨ ᠰᠡᠷᠭᠡᠶᠢᠯᠡᠯᠳᠡ ᠳᠤ 70 ᠭᠠᠷᠤᠶ ᠤᠳᠠᠭ᠎ᠠ ᠤᠷᠤᠯᠴᠠᠵᠤ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ  ᠶᠢ ᠬᠠᠪᠰᠤᠷᠤᠨ ᠬᠢᠯᠢ ᠳᠤ ᠬᠤᠯᠪᠣᠭᠳᠠᠭᠰᠠᠨ 5 ᠬᠡᠷᠡᠭ ᠢ ᠢᠯᠡᠷᠡᠭᠦᠯᠪᠡ᠃ ᠰᠠᠷᠠᠨᠳᠤᠶᠠᠭ᠎ᠠ ᠬᠢᠯᠢ ᠶᠢᠨ ᠬᠠᠮᠠᠭᠠᠯᠠᠭᠴᠢ ᠶᠢᠨ ᠡᠭᠦᠷᠭᠡᠯᠡᠯ ᠢᠶᠠᠷ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠬᠤᠪᠢ ᠨᠡᠮᠡᠷᠢ  ᠪᠠᠨ ᠦᠵᠡᠭᠦᠯᠵᠦ᠂  ᠦᠪᠡᠷ ᠤᠨ ᠬᠦᠴᠦ ᠬᠥᠯᠥᠰᠥ ᠪᠠᠷ ᠢᠶᠠᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠬᠦ ᠶᠢ ᠪᠠᠷᠢᠮᠲᠠᠯᠠᠵᠤ᠂ ᠮᠠᠯᠴᠢᠳ ᠤᠨ ᠰᠡᠳᠬᠢᠯ ᠳᠠᠬᠢ ᠦᠯᠢᠭᠡᠷ ᠳᠠᠭᠤᠷᠢᠶᠠᠯ᠂ ᠬᠢᠯᠢ ᠶᠢᠨ ᠱᠤᠭᠤᠮ ᠳᠡᠭᠡᠷᠡᠬᠢ ᠬᠠᠮᠤᠭ ᠤᠨ ᠭᠤᠶᠤ ᠰᠠᠬᠢᠨ ᠬᠠᠮᠠᠭᠠᠯᠠᠭᠴᠢ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠤᠰᠤ ᠪᠣᠯᠤᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠵᠠᠩ ᠪᠢᠨ      ᠵᠠᠩ ᠪᠢᠨ᠂ ᠡᠷᠡᠭᠲᠡᠢ᠂ ᠬᠢᠲᠠᠳ ᠦᠨᠳᠦᠰᠦᠲᠡᠨ᠂ 1989 ᠣᠨ ᠤ 12 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠥᠬᠦᠭᠡᠷᠦᠮᠵᠢ ᠶᠢ ᠬᠠᠮᠠᠭᠠᠯᠠᠬᠤ ᠲᠥᠪ ᠤᠨ ᠳᠡᠳ᠋ ᠡᠷᠬᠢᠯᠡᠭᠴᠢ᠃ ᠲᠡᠷᠡ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠤᠷᠳᠤ ᠬᠤᠭᠤᠴᠠᠭ᠎ᠠ ᠪᠠᠷ ᠠᠵᠢᠯᠯᠠᠵᠦ᠂ ᠤᠯᠠᠨ ᠵᠦᠢᠯ ᠤᠨ ᠮᠡᠷᠭᠡᠵᠢᠯ ᠤᠨ ᠥᠭᠡᠷᠡᠴᠢᠯᠡᠯᠲᠡ ᠵᠢᠴᠢ ᠲᠥᠬᠦᠭᠡᠷᠦᠮᠵᠢ ᠶᠢᠨ ᠲᠤᠰᠬᠠᠢ ᠪᠣᠭᠤᠮᠲᠠ ᠰᠢᠪᠲᠤᠯᠵᠤ ᠵᠠᠰᠠᠬᠤ ᠲᠥᠰᠦᠯ ᠢ ᠬᠡᠷᠡᠭᠵᠢᠭᠦᠯᠵᠦ᠂ ᠴᠥᠮ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠥᠭᠡᠳ ᠺᠣᠮᠫᠠᠨᠢ ᠶᠢᠨ ᠳᠣᠲᠣᠷ᠎ᠠ ᠳᠡᠯᠭᠡᠷᠡᠭᠦᠯᠵᠦ᠂ ᠴᠠᠬᠢᠯᠭᠠᠨ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠮᠦᠨ ᠤ ᠬᠦᠴᠦᠨ ᠤ ᠥᠪᠡᠷ ᠤᠨ ᠦᠷᠳᠡᠭ ᠢ ᠠᠷᠪᠢᠯᠠᠬᠤ᠂ ᠪᠡᠯᠡᠳᠬᠡᠯ ᠲᠤᠨᠤᠭ ᠤᠨ ᠥᠪᠡᠷ ᠤᠨ ᠦᠷᠳᠡᠭ ᠢ ᠠᠷᠪᠢᠯᠠᠬᠤ ᠲᠠᠯ᠎ᠠ ᠪᠠᠷ ᠴᠥᠮ ᠨᠡᠯᠢᠶᠡᠳ ᠶᠡᠭᠡ ᠠᠵᠤ ᠠᠬᠤᠢ ᠶᠢᠨ ᠦᠷ᠎ᠡ ᠠᠰᠢᠭ ᠣᠯᠵᠤ᠂ ᠤᠢᠢᠷ᠎ᠠ ᠶᠢᠨ ᠲᠠᠪᠤᠨ ᠵᠢᠯ ᠤᠨ ᠠᠵᠢᠯ ᠤᠨ ᠳᠤᠮᠳᠠ᠂ ᠵᠣᠬᠢᠶᠠᠨ ᠪᠠᠶᠢᠭᠤᠯᠤᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠨᠢ ᠲᠤᠰ ᠲᠤᠰ ᠯᠦᠩ ᠶᠤᠸᠠᠨ ᠴᠠᠬᠢᠯᠭᠠᠨ ᠬᠦᠴᠦᠨ ᠤ ᠮᠡᠷᠭᠡᠵᠢᠯ ᠤᠨ ᠥᠭᠡᠷᠡᠴᠢᠯᠡᠯᠲᠡ ᠶᠢᠨ ᠬᠤᠪᠢ ᠨᠡᠮᠡᠷᠢ ᠶᠢᠨ ᠱᠠᠩᠨᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠳᠠᠨ ᠠᠵᠢᠯᠴᠢᠨ ᠤ ᠰᠢᠨ᠎ᠡ ᠶᠢ ᠡᠭᠦᠳᠦᠭᠰᠡᠨ ᠮᠡᠷᠭᠡᠵᠢᠯ ᠤᠨ ᠦᠷ᠎ᠡ ᠪᠦᠲᠦᠭᠡᠯ ᠤᠨ ᠱᠠᠩᠨᠠᠯ ᠵᠡᠷᠭᠡ ᠶᠢ ᠬᠦᠷᠳᠡᠪᠡ᠂ ᠡᠭᠦᠨ ᠳᠤ 4 ᠵᠦᠢᠯ ᠤᠨ ᠮᠡᠷᠭᠡᠵᠢᠯ ᠤᠨ ᠰᠢᠨᠡᠴᠢᠯᠡᠯᠲᠡ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠢ ᠬᠦᠷᠳᠡᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ ᠰᠢᠤᠸᠠᠢ ᡁᠢ ᠾᠦᠢ      ᠰᠢᠤᠸᠠᠢ ᡁᠢ ᠾᠦᠢ᠂ ᠡᠷᠡᠭᠲᠡᠶ᠂ ᠬᠢᠲᠠᠳ ᠦᠨᠳᠦᠰᠦᠲᠡᠨ᠂ 1987 ᠣᠨ ᠤ 2 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠬᠡᠮᠵᠢᠯᠲᠡ ᠶᠢᠨ ᠪᠠᠷᠢᠮᠵᠢᠶᠠᠵᠢᠭᠤᠯᠤᠯᠲᠠ  ᠬᠢᠭᠡᠳ ᠤᠨᠴᠠᠭᠠᠢ ᠲᠥᠷᠥᠯ ᠤᠨ ᠲᠣᠨᠤᠭ ᠲᠥᠬᠦᠭᠡᠷᠦᠮᠵᠢ ᠶᠢᠨ ᠲᠠᠰᠤᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠣᠷᠣᠯᠴᠠᠭᠰᠠᠨ ᠠᠴᠠ ᠨᠠᠭᠠᠰᠢ᠂ ᠲᠡᠷᠡ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠶᠠᠷᠰᠢᠭ ᠲᠦᠪᠡᠭ ᠠᠴᠠ   ᠵᠢᠷᠦᠭᠡᠰᠢᠶᠡᠬᠦ ᠦᠭᠡᠢ᠂ ᠦᠷᠭᠦᠯᠵᠢ ᠴᠠᠭ ᠨᠡᠮᠡᠵᠦ ᠠᠵᠢᠯᠯᠠᠨ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂ ᠪᠦᠲᠦᠮᠵᠢᠲᠡᠢ ᠪᠡᠶᠡᠯᠡᠭᠦᠯᠪᠡ᠃ ᠬᠠᠷᠢᠭᠤᠴᠠᠯᠭ᠎ᠠ ᠡᠭᠦᠷᠭᠡᠯᠡᠬᠦ ᠪᠠᠷ ᠤᠭ ᠰᠠᠨᠠᠭ᠎ᠠ ᠪᠠᠨ ᠢᠯᠡᠷᠡᠬᠦᠯᠵᠦ᠂ ᠪᠣᠳᠠᠲᠠᠢ ᠠᠵᠢᠯᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠣᠳᠠᠲᠤ ᠠᠮᠵᠢᠯᠲᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠵᠢᠷᠤᠭᠯᠠᠪᠠ᠃      ᠪᠤᠭᠤᠲᠤ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠬᠦᠷᠲᠡᠭᠴᠢ ᠡᠦ ᠵᠢᠶᠦ᠋ᠨ ᠸᠧᠨ     ᠦ᠋ ᠵᠢᠶᠦ᠋ᠨ ᠸᠧᠨ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 5 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠪᠤᠭᠤᠲᠤ ᠬᠤᠲᠠ ᠶᠢᠨ ᠰᠢᠪᠠᠷᠬᠦ᠋ᠷᠢᠶ᠎ᠡ ᠲᠡᠮᠦᠷ ᠤᠨ ᠠᠭᠤᠷᠬᠠᠶ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠭᠤᠷᠬᠠᠶ ᠮᠠᠯᠲᠠᠬᠤ ᠢᠨᠵᠧᠨᠧᠷ᠂ ᠳᠡᠭᠡᠳᠦ ᠵᠡᠷᠭᠡ ᠶᠢᠨ ᠢᠨᠵᠧᠨᠧᠷ᠃ ᠲᠡᠷᠡ ᠳᠡᠯᠪᠡᠴᠢᠬᠦ ᠮᠡᠷᠭᠡᠵᠢᠯ ᠤᠨ ᠪᠣᠯᠵᠣᠯᠲᠤ ᠲᠤᠭ᠎ᠠ ᠶᠢ ᠰᠢᠯᠢᠳᠡᠭᠵᠢᠭᠦᠯᠦᠨ ᠰᠠᠶᠢᠵᠢᠷᠠᠭᠤᠯᠬᠤ ᠪᠠᠷ ᠳᠠᠮᠵᠢᠨ᠂  ᠦᠷᠦᠮᠳᠡᠬᠦᠷ ᠮᠠᠰᠢᠨ ᠤ  ᠨᠦᠬᠡᠯᠡᠬᠦ ᠮᠧᠲᠷ ᠤᠨ ᠲᠤᠭ᠎ᠠ ᠪᠣᠯᠤᠨ ᠠᠵᠢᠯᠯᠠᠬᠤ ᠴᠠᠭ ᠢ ᠪᠠᠭᠠᠰᠬᠠᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠵᠢᠯ ᠪᠦᠷᠢ 80 ᠲᠦᠮᠡᠨ ᠲᠥᠭᠦᠷᠢᠭ ᠤᠨ ᠨᠦᠬᠡᠯᠡᠬᠦ ᠵᠠᠷᠤᠳᠠᠯ ᠢ ᠠᠷᠪᠢᠯᠠᠪᠠ᠃ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠠᠮᠢ ᠠᠬᠤᠶᠢᠵᠢᠭᠤᠯᠤᠨ ᠠᠰᠢᠭᠯᠠᠬᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠭᠤᠶᠤᠵᠢᠭᠤᠯᠤᠨ ᠭᠡᠭᠡᠷᠡᠬᠦᠯᠬᠦ ᠢᠨᠵᠧᠨᠧᠷᠢᠩ ᠵᠡᠷᠭᠡ ᠢᠨᠵᠧᠨᠧᠷᠢᠩ ᠤᠨ ᠲᠦᠷᠦᠯ ᠵᠦᠢᠯ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢᠨ ᠬᠡᠯᠪᠡᠷᠢ ᠶᠢᠨ ᠠᠭᠤᠷᠬᠠᠢ ᠪᠠᠶᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ  ᠪᠡᠶᠡᠯᠡᠬᠦᠯᠪᠡ᠃      ᠪᠤᠭᠤᠲᠤ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠬᠦᠷᠲᠡᠭᠴᠢ ᠴᠡᠩᠭᠡᠯ      ᠴᠡᠩᠭᠡᠯ᠂ ᠡᠷᠡᠭᠲᠡᠶ᠂ ᠮᠣᠩᠭᠤᠯ ᠦᠨᠳᠦᠰᠦᠲᠡᠨ᠂ 1991 ᠣᠨ ᠤ 12 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠤᠨ ᠡᠷᠬᠢᠯᠡᠭᠴᠢ᠃ ᠲᠡᠷᠡ ︽ᠬᠤᠤᠰ ᠬᠡᠯᠬᠢᠶ᠎ᠠ︾ ︵ᠬᠤᠰᠢᠭᠤᠨ ᠲᠠᠰ ᠤᠨ ᠤᠳᠤᠷᠢᠳᠤᠯᠭ᠎ᠠ  ᠪᠠᠷ ᠬᠡᠯᠬᠢᠶ᠎ᠡ ᠶᠢᠨ ᠲᠠᠷᠤᠭ᠎ᠠ ᠶᠢᠨ ᠲᠤᠰᠢᠶᠠᠯ ᠢ ᠡᠬᠦᠷᠬᠡᠯᠡᠬᠦ᠂ ᠬᠥᠲᠥᠴᠢ ᠠᠵᠤ ᠠᠬᠤᠶᠢᠯᠠᠯ ᠢᠶᠠᠷ ᠬᠡᠯᠬᠢᠶ᠎ᠡ ᠶᠢᠨ ᠡᠵᠡᠨ ᠤ ᠲᠤᠰᠢᠶᠠᠯ ᠢ ᠡᠬᠦᠷᠬᠡᠯᠡᠬᠦ︶ ᠶᠢᠨ ᠬᠤᠳᠠᠯᠳᠤᠭᠠᠴᠢᠨ ᠤᠷᠢᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ ᠂ ᠬᠤᠳᠠᠯᠳᠤᠭᠠᠴᠢᠨ ᠤᠷᠢᠬᠤ ᠪᠦᠯᠬᠦᠮ ᠢ ᠳᠠᠭᠠᠭᠤᠯᠤᠨ ᠣᠷᠣᠨ ᠤ ᠭᠠᠳᠠᠨᠠᠬᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ 46 ᠲᠥᠷᠥᠯ ᠵᠦᠢᠯ ᠢ ᠰᠢᠨ᠎ᠡ ᠪᠠᠷ ᠭᠡᠷ᠎ᠡ ᠲᠣᠭᠲᠠᠵᠤ᠂ ᠵᠥᠪᠯᠡᠯᠴᠡᠭᠡᠷ ᠤᠨ ᠪᠠᠯᠠ ᠣᠷᠣᠭᠤᠯᠤᠯᠲᠠ ᠶᠢᠨ ᠲᠤᠭ᠎ᠠ ᠨᠢ 1200 ᠳ᠋ᠦᠩᠰᠢᠭᠤᠷ ᠲᠥᠭᠦᠷᠢᠭ ᠢ ᠳᠠᠪᠠᠵᠤ᠂ 21 ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠤᠯᠤᠰ ᠤᠨ ᠳᠣᠲᠣᠭᠠᠳᠤ ᠶᠢᠨ ᠪᠠ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 156 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠪᠠ᠃      ᠪᠤᠭᠤᠲᠤ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠬᠦᠷᠲᠡᠭᠴᠢ ᠮᠠ᠋ ᡁᠢ ᠵᠦᠩ      ᠮᠠ ᡁᠢ ᠵᠦᠩ᠂ ᠡᠷᠡᠭᠲᠡᠶ᠂ ᠬᠢᠲᠠᠳ ᠦᠨᠳᠦᠰᠦᠲᠡᠨ᠂ 1986 ᠣᠨ ᠤ 4 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠪᠤᠭᠤᠲᠤ ᠶᠢᠨ  ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠬᠦᠷᠡᠰᠦᠳᠦ᠋ᠷᠦᠭᠴᠢ ᠦᠬᠡᠢ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠃ ᠲᠡᠷᠡ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠬᠤ ᠲᠥᠷᠥᠯ ᠵᠦᠢᠯ ᠳᠤ ᠨᠡᠶᠢᠲᠡ 67 ᠣᠷᠣᠯᠴᠠᠵᠤ᠂ ᠰᠠᠨᠠᠭᠠᠴᠢᠯᠠᠭ᠎ᠠ ᠠᠴᠠ ᠪᠠᠨ 47 ᠠᠵᠤ ᠠᠬᠤᠶᠢᠯᠠᠯ ᠲᠠᠢ ᠬᠠᠷᠢᠯᠴᠠᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ 5᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ  ᠦᠢᠯᠡᠰ ᠤᠨ ᠲᠥᠷᠥᠯ  ᠵᠦᠢᠯ 1 ᠶᠢ ᠣᠷᠣᠭᠤᠯᠤᠨ ᠠᠪᠴᠢᠷᠠᠵᠤ᠂ 240 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ 2 ᠢ ᠣᠷᠣᠭᠤᠯᠤᠨ ᠠᠪᠴᠢᠷᠠᠵᠤ᠂ 4 ᠵᠦᠢᠯ ᠢ ᠨᠠᠶᠢᠳᠠᠪᠤᠷᠢᠵᠢᠭᠤᠯᠤᠨ᠂ 4 ᠶᠢ ᠭᠡᠷ᠎ᠡ ᠲᠣᠭᠲᠠᠵᠤ᠂ ᠠᠵᠤ ᠦᠢᠯᠡᠰ ᠤᠨ ᠬᠡᠯᠬᠢᠶᠡᠯᠡᠵᠢᠬᠦ  ᠶᠢ ᠪᠦᠬᠦ ᠬᠦᠴᠦᠨ ᠪᠠᠷ ᠢᠶᠠᠨ ᠠᠬᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠤᠷᠠᠮᠳᠤᠭᠤᠯᠪᠠ᠃      ᠪᠤᠭᠤᠲᠤ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠪᠢᠴᠢᠭ ᠢ  ᠱᠠᠩᠨᠠᠨ ᠬᠥᠬᠢᠭᠦᠯᠬᠦ ᠨᠢᠭᠡᠴᠡ      ᠥᠪᠥᠷ ᠣᠩᠭᠤᠯ ᠤᠨ ᠲᠦᠩ ᠸᠧᠢ ᠪᠣᠬᠢᠷᠲᠤᠯ ᠥᠬᠡᠢ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ      ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠨᠢ ᠪᠤᠭᠤᠲᠤ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ  ᠪᠠᠶᠢᠷᠢᠯᠠᠵᠤ ᠪᠣᠶ᠃ ᠺᠣᠮᠫᠠᠨᠢ ᠡᠯᠧᠺᠲᠷᠣᠨ  ᠲᠤᠰᠬᠠᠶ ᠬᠡᠷᠡᠭᠯᠡᠬᠦ ᠮᠠᠲ᠋ᠧᠷᠢᠶᠠᠯ ᠵᠡᠷᠭᠡ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠢ ᠰᠤᠳᠤᠯᠤᠨ ᠨᠡᠭᠡᠭᠡᠵᠦ ᠦᠢᠯᠡᠳᠬᠦ᠂ ᠡᠵᠡᠩᠨᠡᠬᠦ ᠪᠠ ᠮᠡᠷᠭᠡᠵᠢᠯ ᠤᠨ ᠵᠥᠪᠯᠡᠯᠭᠡ ᠥᠭᠬᠦ ᠵᠡᠷᠭᠡ ᠲᠤᠬᠠᠶᠢᠯᠠᠭᠰᠠᠨ ᠠᠵᠢᠯ ᠢ ᠲᠤᠰᠬᠠᠶᠢᠯᠠᠨ ᠡᠷᠭᠢᠯᠡᠵᠦ᠂ ᠴᠠᠬᠢᠭᠤᠷ ᠤᠨ ᠮᠠᠲ᠋ᠧᠷᠢᠶᠠᠯ ᠤᠨ ᠪᠣᠬᠢᠷᠲᠤᠯ ᠥᠬᠡᠶ ᠦᠢᠯᠡᠳᠪᠦᠷᠢᠯᠡᠯ ᠢ ᠠᠬᠢᠭᠤᠯᠬᠤ ᠶᠢᠨ ᠬᠠᠮᠲᠤ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠢᠵᠢ ᠪᠥᠷᠢᠳᠦᠭᠦᠯᠦᠨ ᠥᠷᠨᠢᠭᠦᠯᠵᠦ᠂ ᠴᠡᠪᠡᠷ ᠡᠨᠧᠷᠭᠢ ᠶᠢ ᠬᠥᠭᠵᠢᠭᠦᠯᠬᠦ  ᠳᠤ ᠵᠢᠳᠬᠦᠯ ᠭᠠᠷᠭᠠᠵᠤ ᠪᠤᠢ᠃ ᠲᠥᠷᠥᠯ ᠵᠦᠢᠯ ᠤᠨ ᠵᠢᠷᠤᠵᠤ ᠲᠥᠯᠥᠪᠯᠡᠭᠰᠡᠨ ᠲᠡᠮᠦᠷᠯᠢᠭ ᠴᠠᠬᠢᠭᠤᠷ ᠤᠨ ᠶᠡᠷᠦᠩᠬᠡᠶ ᠦᠢᠯᠡᠳᠪᠦᠷᠢᠯᠡᠬᠦ ᠴᠢᠳᠠᠪᠤᠷᠢ 36 ᠲᠦᠮᠡᠨ ᠲᠣᠨ ᠪᠠᠶᠢᠵᠤ᠂ ᠶᠡᠷᠦᠩᠬᠡᠶ ᠡᠵᠡᠯᠡᠬᠦ ᠲᠠᠯᠠᠪᠠᠶ ᠨᠢ 1045 ᠮᠥ ᠪᠠᠶᠢᠵᠤ᠂ ᠡᠭᠦᠨ ᠳᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 12 ᠲᠦᠮᠡᠨ ᠲᠣᠨ ᠲᠡᠮᠦᠷᠯᠢᠭ ᠴᠠᠬᠢᠭᠤᠷ ᠤᠨ ᠪᠦᠲᠦᠭᠡᠨ ᠪᠠᠶᠢᠭᠤᠯᠤᠯᠲᠠ ᠬᠢᠨ᠎ᠠ᠃ ᠲᠦᠷᠦᠯ ᠵᠦᠢᠯ ᠨᠢ ᠲᠦᠩ ᠸᠧᠢ ᠶᠦᠩ ᠰᠢᠶᠠᠩ ᠤᠨ ᠬᠤᠷᠢ ᠭᠠᠷᠤᠢ ᠵᠢᠯ ᠤᠨ ᠬᠦᠨᠳᠦ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠦᠷ᠎ᠡ ᠪᠦᠲᠦᠭᠡᠯ ᠵᠢᠴᠢ ᠬᠠᠮᠢᠶᠠᠷᠤᠯᠲᠠ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠷ ᠤᠷᠠᠯᠠᠯ ᠤᠨ ᠮᠡᠷᠭᠡᠵᠢᠯ᠂ ᠠᠦ᠋ᠲ᠋ᠣᠴᠢᠯᠠᠯᠲᠠ ᠤᠶᠤᠨᠴᠢᠯᠠᠯᠲᠠ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠢᠩᠬᠢᠨᠢ ᠣᠳᠣᠬᠢᠴᠢᠯᠠᠭᠰᠠᠨ᠂ ᠨᠡᠯᠢᠶᠡᠳ ᠶᠡᠭᠡ ᠬᠡᠪᠴᠢᠶ᠎ᠡ ᠲᠠᠢ᠂ ᠨᠡᠯᠢᠶᠡᠳ ᠥᠨᠳᠥᠷ ᠬᠢᠷᠢ ᠲᠦᠪᠰᠢᠨ ᠲᠠᠢ᠂ ᠪᠦᠬᠦ  ᠲᠡᠯᠡᠭᠡᠢ ᠳᠤ ᠲᠡᠷᠢᠭᠦᠯᠡᠭᠰᠡᠨ ᠪᠣᠬᠢᠷᠲᠤᠯ ᠦᠭᠡᠢ ᠦᠨᠳᠦᠰᠦᠨ ᠮᠠᠲ᠋ᠧᠷᠢᠶᠠᠯ ᠤᠨ ᠦᠢᠯᠡᠳᠪᠦᠷᠢᠯᠡᠯ ᠤᠨ ᠰᠢᠰᠲ᠋ᠧᠮ ᠢ ᠪᠠᠶᠢᠭᠤᠯᠤᠨ᠎ᠠ᠃      ᠪᠤᠭᠤᠲᠤ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ     ᠪᠤᠭᠤᠲᠤ ᠵᠢᠨ‌‍ᠲ᠋ᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠤᠯᠠᠮᠵᠢᠯᠠᠯᠲᠤ ᠦᠢᠯᠡᠳᠪᠦᠷᠢ ᠠᠭᠤᠷᠬᠠᠢ ᠶᠢ ᠨᠡᠭᠡᠭᠡᠨ ᠬᠥᠭᠵᠢᠭᠦᠯᠬᠦ ᠪᠠᠷ ᠭᠤᠣᠯ ᠪᠣᠯᠭᠠᠭᠰᠠᠨ ︽ᠬᠠᠭᠤᠴᠢᠨ ᠡᠪᠳᠡᠷᠡᠭᠰᠡᠨ ᠵᠢᠵᠢᠭ︾ ᠬᠦᠷᠢᠶᠡᠯᠡᠩ ᠲᠣᠭᠤᠷᠢᠭ ᠢ ᠪᠤᠬᠢᠷᠳᠤᠯ ᠦᠬᠡᠢ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢᠶᠠᠷ ᠤᠳᠤᠷᠢᠳᠤᠮᠵᠢ ᠪᠤᠯᠭᠠᠭᠰᠠᠨ ︽ᠲᠡᠭᠡᠳᠦ ᠨᠠᠷᠢᠯᠢᠭ ᠤᠷᠤᠶᠢᠯᠠᠭᠰᠠᠨ︾ ᠬᠦᠷᠢᠶᠡᠯᠡᠩ ᠲᠣᠭᠤᠷᠢᠭ ᠪᠣᠯᠭᠠᠨ ᠬᠤᠪᠢᠷᠠᠭᠤᠯᠤᠨ ᠬᠦᠭᠵᠢᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠷᠢᠶᠡᠯᠡᠩ ᠲᠣᠭᠤᠷᠢᠭ ᠤᠨ ︽ᠰᠢᠨ᠎ᠡ ᠠᠭᠤᠯᠤᠭᠳᠠᠴᠠ︾᠂ ᠠᠵᠤ ᠦᠢᠯᠡᠳᠪᠦᠷᠢ ᠶᠢᠨ ᠭᠠᠷᠤᠯᠲᠠ ᠶᠢᠨ ︽ᠰᠢᠨ᠎ᠡ ᠠᠭᠤᠯᠤᠭᠳᠠᠴᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠷᠢᠳ ᠬᠤᠵᠢᠳ  ᠶᠤᠸᠠᠨ ᠵᠢᠩ᠂  ᠶᠢᠨ ᠱᠢ᠂ ᠲᠦᠩ ᠸᠧᠢ ᠵᠡᠷᠭᠡ 11 ᠠᠵᠢᠯ ᠲᠦᠷᠦᠯ ᠤᠨ ︽ᠳᠠᠭᠠᠭᠤᠯᠤᠭᠴᠢ ᠠᠵᠤ ᠠᠬᠤᠶᠢᠯᠠᠯ︾ ᠢ ᠣᠷᠣᠭᠤᠯᠤᠨ ᠠᠪᠴᠢᠷᠠᠵᠤ᠂ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠢᠯᠡᠳᠬᠦ᠂ ᠹᠯᠣᠷ ᠤᠨ ᠬᠢᠮᠢ ᠶᠢᠨ ᠠᠵᠤ ᠦᠢᠯᠡᠳᠪᠦᠷᠢ᠂ ᠲᠣᠨᠣᠭᠯᠠᠯ ᠦᠢᠯᠡᠳᠬᠦ᠂ ᠪᠣᠬᠢᠷᠲᠤᠯ ᠦᠭᠡᠢ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠪᠠᠶᠢᠬᠤ ᠦᠬᠡᠢ ᠠᠴᠠ ᠪᠠᠶᠢᠬᠤ  ᠪᠤᠯᠭᠠᠵᠤ᠂ ᠲᠦᠷᠭᠡᠨ ᠬᠥᠭᠵᠢᠪᠡ᠃ 2024 ᠣᠨ ᠳᠤ᠂ ᠬᠦᠷᠢᠶᠡᠯᠡᠩ ᠲᠣᠭᠤᠷᠢᠭ ᠲᠤ ᠨᠡᠶᠢᠲᠡ 60 ᠠᠵᠤ ᠠᠬᠤᠶᠢᠯᠠᠯ ᠲᠠᠢ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 161.88 ᠳ᠋ᠦᠩᠰᠢᠭᠤᠷ ᠲᠥᠭᠦᠷᠢᠭ ᠪᠡᠶᠡᠯᠡᠭᠦᠯᠵᠦ᠂  26.77 ᠳ᠋ᠦᠩᠰᠢᠭᠤᠷ ᠲᠥᠭᠦᠷᠢᠭ ‍ᠤᠨ‌ᠭᠠᠶᠢᠯᠢ ᠲᠠᠲᠠᠪᠤᠷᠢ ᠶᠢ ᠪᠡᠶᠡᠯᠡᠭᠦᠯᠪᠡ᠃      ᠪᠤᠭᠤᠲᠤ ᠬᠤᠲᠠ ᠶᠢᠨ ᠠᠵᠢᠯᠴᠢᠨ ᠤ ᠬᠤᠰᠢᠭᠤᠴᠢ ᠴᠣᠯᠠ  ᠬᠦᠷᠳᠡᠭᠴᠢ ᠬᠠᠮᠲᠤ  ᠨᠡᠶᠢᠳᠡ      ᠳᠠᠷᠬᠠᠨ  ᠮᠤᠤᠮᠢᠩᠭᠠᠨ ᠬᠤᠯᠪᠣᠭᠠᠲᠤ  ᠬᠤᠰᠢᠭᠤᠨ ᠤ ᠹᠧᠩ ᠢᠦᠢ ᠲᠠᠷᠢᠶᠠᠯᠠᠩ  ᠮᠠᠯ ᠠᠵᠤ ᠠᠬᠤᠢ ᠶᠢᠨ  ᠲᠤᠰᠬᠠᠢ ᠬᠤᠷᠰᠢᠶ᠎ᠠ ᠶᠢᠨ ᠲᠡᠵᠢᠭᠡᠨ ᠦᠷᠡᠵᠢᠭᠦᠯᠬᠦ  ᠲᠤᠭᠤᠶᠢᠯᠠᠩ       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠹᠧᠩ ᠢᠦᠶ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠲᠡᠵᠢᠭᠡᠨ ᠦᠷᠡᠵᠢᠭᠦᠯᠬᠦ ᠳᠤᠭᠤᠶᠢᠯᠠᠩ ᠨᠢ 2012 ᠣᠨ ᠳᠤ ᠪᠠᠶᠢᠭᠤᠯᠤᠭᠳᠠᠵᠤ᠂  ᠭᠤᠤᠯᠳᠠᠭᠤ ᠪᠦᠯᠬᠦᠮ ᠳᠠᠭᠠᠭᠤᠯᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠤᠶᠢᠵᠢᠭᠤᠯᠬᠤ ᠶᠢ ᠬᠠᠷᠢᠭᠤᠴᠠᠨ᠎ᠠ᠃ 2022 ᠤᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠲᠠᠢ ᠬᠠᠮᠲᠤᠷᠠᠨ ᠣᠶᠤᠨᠴᠢ ᠮᠠᠯᠵᠢᠯ ᠤᠨ ᠲᠠᠯᠠᠪᠠᠶ ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠳᠤᠭᠤᠶᠢᠯᠠᠩ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠳᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠢ ᠤᠷᠢᠵᠤ ᠮᠡᠷᠭᠡᠵᠢᠯ ᠤᠨ ᠪᠣᠯᠪᠠᠰᠤᠷᠠᠭᠤᠯᠤᠯ ᠬᠢᠯᠭᠡᠵᠦ᠂ ᠲᠣᠰ ᠭᠠᠵᠠᠷ ᠣᠷᠣᠨ ᠤ ᠮᠡᠷᠭᠡᠵᠢᠯ ᠤᠨ ᠭᠤᠤᠯᠯᠠᠭᠴᠢ ᠬᠦᠴᠦᠨ ᠢ ᠨᠡᠶᠢᠲᠡ 50 ᠭᠠᠷᠤᠶ ᠬᠥᠮᠦᠨ ᠢ ᠬᠥᠮᠦᠵᠢᠭᠦᠯᠵᠦ᠂ ᠤᠯᠠᠮᠵᠢᠯᠠᠯᠲᠤ ᠲᠡᠵᠢᠭᠡᠨ ᠦᠷᠡᠵᠢᠭᠦᠯᠬᠦ  ᠶᠢ ᠰᠢᠨᠵᠢᠯᠡᠬᠦ ᠤᠬᠠᠭᠠᠨᠴᠢᠯᠠᠯᠲᠠ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠲᠡᠵᠢᠭᠡᠨ ᠦᠷᠡᠵᠢᠭᠦᠯᠬᠦ ᠳᠤᠭᠤᠶᠢᠯᠠᠩ ᠨᠢ ︽ᠬᠠᠮᠲᠤ ᠪᠠᠷ ᠪᠠᠶᠠᠵᠢᠬᠤ︾ ᠪᠠᠷ ᠬᠠᠷᠠᠯᠲᠠ ᠪᠣᠯᠭᠠᠵᠤ᠂ ︽ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠪᠣᠷᠣᠯᠠᠭᠤᠯᠬᠤ︾ ᠵᠠᠭᠪᠤᠷ ᠢᠶᠠᠷ ᠳᠠᠮᠵᠢᠭᠤᠯᠤᠨ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠨᠥᠯᠥᠭᠡᠯᠡᠨ ᠳᠠᠶᠢᠴᠢᠯᠠᠪᠠ᠃     ᠲᠡᠮᠡᠴᠡᠯ ᠳᠤ ᠬᠢᠵᠠᠭᠠᠷ ᠦᠭᠡᠢ᠂ ᠬᠥᠮᠦᠨ ᠤ ᠠᠮᠢᠳᠤᠷᠠᠯ ᠳᠤ ᠬᠢᠵᠠᠭᠠᠷ ᠦᠭᠡᠢ᠃ ᠬᠠᠶᠢᠷ᠎ᠠ ᠪᠠ ᠪᠠᠷᠢᠮᠲᠠᠯᠠᠯ ᠨᠢᠭᠡᠪᠦᠷᠢ ᠨᠢ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠠᠪᠤᠴᠠ ᠳᠤ ᠴᠥᠮ ᠲᠦᠯᠬᠢᠭᠴᠢ ᠪᠣᠯᠵᠤ᠂ ᠪᠢᠳᠡᠨ ᠤ ᠳᠠᠪᠬᠤᠷ ᠳᠠᠪᠬᠤᠷ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠡᠴᠦᠰ ᠲᠡᠭᠡᠨ ᠬᠦᠰᠡᠯ ᠡᠷᠡᠮᠡᠯᠵᠡᠯ ᠤᠨ ᠲᠡᠷᠲᠡᠭᠡ ᠡᠷᠭᠢ ᠳᠤ ᠭᠡᠷᠡᠯ ᠭᠢᠯᠪᠠᠭ᠎ᠠ ᠰᠠᠴᠤᠷᠠᠭᠤᠯᠬᠤ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号