5 ᠰᠠᠷ᠎ᠠ ᠶᠢᠨ 9 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ « ᠣᠨᠤᠯ ᠢᠶᠠᠷ ᠰᠢᠨ᠎ᠡ | ᠠᠶᠠᠨ ᠢ ᠴᠤᠤᠷᠢᠳᠤᠭᠤᠯᠬᠤ · ᠤᠯᠠᠭᠠᠨ ᠠᠨᠠᠷ »2025 ᠣᠨ ᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠠᠮᠵᠢᠯᠲᠠ ᠲᠠᠢ ᠥᠨᠳᠥᠷᠯᠡᠪᠡ᠃ | ᠪᠠᠶ᠋ᠬᠠᠣᠪᠤᠭ᠎ᠠ ᠰᠤᠮᠤ ᠶᠢᠨ ᠤᠬᠠᠭᠤᠯᠤᠨ ᠲᠠᠶᠢᠯᠪᠤᠷᠢᠯᠠᠭᠰᠠᠨ « ᠭᠠᠷ ᠬᠤᠯᠪᠣᠨ ᠦᠨᠳᠦᠰᠦᠲᠡᠨ ᠤ ᠪᠦᠯᠬᠦᠮᠳᠡᠯ ᠤᠨ | ᠢᠵᠢᠯ ᠲᠥᠪᠲᠦ ᠲᠣᠭᠤᠷᠢᠭ ᠢ ᠵᠢᠷᠤᠭᠯᠠᠵᠤ᠂ ᠰᠡᠳᠬᠢᠯ ᠨᠢᠭᠡᠳᠦᠨ ᠡᠶ᠎ᠡ ᠵᠣᠬᠢᠴᠠᠩᠭᠤᠢ ᠰᠠᠶᠢᠨ ᠰᠠᠶᠢᠬᠠᠨ ᠰᠢᠨ᠎ᠡ ᠭᠡᠷ | ᠣᠷᠣᠨ ᠢ ᠬᠠᠮᠲᠤᠪᠠᠷ ᠪᠠᠶᠢᠭᠤᠯᠤᠶ᠎ᠠ » ᠨᠢ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠢ ᠬᠦᠷᠳᠡᠪᠡ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠭᠴᠢ ᠳᠠᠷᠬᠠᠨ ᠮᠤᠤᠮᠢᠩᠭᠠᠨ | ᠬᠤᠰᠢᠭᠤᠨ ᠤ ᠲᠡᠦᠬᠡᠨ ᠳᠡᠭᠡᠷᠡᠬᠢ ᠦᠨᠳᠦᠰᠦᠲᠡᠨ ᠤ ᠪᠦᠯᠬᠦᠮᠳᠡᠯ ᠤᠨ ᠦᠯᠢᠬᠡᠷ ᠢ ᠬᠤᠪᠢᠶᠠᠯᠴᠠᠬᠤ ᠪᠠᠷ ᠲᠠᠮᠵᠢᠨ | ᠥᠪᠡᠷ ᠤᠨ ᠪᠤᠳᠤᠯ ᠲᠦᠷᠦᠭᠳᠡᠯ ᠢᠶᠠᠨ ᠢᠯᠡᠷᠡᠭᠦᠯᠪᠡ᠃ ᠡᠭᠦᠨ ᠤ ᠬᠠᠮᠲᠤ᠂ ᠦᠨᠳᠦᠰᠦᠨ ᠱᠠᠲᠤᠨ ᠤ ᠠᠵᠢᠯᠲᠠᠨ | ᠪᠣᠯᠤᠭᠰᠠᠨ ᠤ ᠬᠤᠪᠢ ᠳᠤ᠂ ᠬᠡᠷᠬᠢᠨ ᠰᠣᠶᠣᠯ ᠤᠨ ᠠᠭᠤᠰᠤᠯᠴᠠᠯ ᠢᠶᠠᠷ ᠪᠡᠭᠡ ᠪᠣᠯᠭᠠᠵᠤ᠂ ᠣᠯᠠᠨ ᠲᠦᠮᠡᠨ ᠳᠤ | ᠦᠶ᠋ᠯᠡᠴᠢᠯᠡᠬᠦ ᠪᠠᠷ ᠪᠢᠷ ᠪᠣᠯᠭᠠᠵᠤ᠂ ᠠᠵᠤ ᠦᠶ᠋ᠯᠡᠰ ᠤᠨ ᠬᠥᠭᠵᠢᠯᠲᠡ ᠪᠠᠷ ᠴᠠᠭᠠᠰᠤ ᠪᠣᠯᠭᠠᠵᠤ᠂ ᠦᠨᠳᠦᠰᠦᠲᠡᠨ ᠤ | ᠪᠦᠯᠬᠦᠮᠳᠡᠯ ᠤᠨ ᠦᠶ᠋ᠯᠡᠰ ᠢ ᠠᠬᠢᠭᠤᠯᠤᠭᠰᠠᠨ ᠪᠣᠶ᠃ ᠠᠮᠢᠳᠤᠯᠢᠭ ᠪᠣᠳᠠᠲᠠᠶ ᠵᠢᠱᠢᠶ᠎ᠡ᠂ ᠪᠣᠷᠣᠭᠵᠢᠭᠤᠨ ᠰᠡᠳᠬᠢᠯ | ᠬᠥᠳᠡᠯᠭᠡᠮ᠎ᠡ ᠦᠭᠡ ᠶᠠᠷᠢᠶ᠎ᠠ ᠨᠢ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠯᠢᠭᠡᠷ ᠢ ᠶᠠᠷᠢᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠨ ᠲᠠᠪᠰᠢᠬᠰᠠᠨ ᠦᠯᠢᠭᠡᠷ ᠢ ᠶᠠᠷᠢᠵᠤ᠂ ᠲᠤᠬᠠᠢ ᠶᠢᠨ ᠲᠠᠯᠠᠪᠤᠷ ᠲᠤ | ᠪᠠᠶᠢᠭᠰᠠᠨ ᠬᠦᠨᠳᠦᠲᠦ ᠵᠣᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠪᠠᠶᠠᠨᠤᠪᠤᠭ᠎ᠠ ᠰᠤᠮᠤ ᠲᠤᠰ ᠤᠳᠠᠭ᠎ᠠ ᠶᠢᠨ ᠤᠨᠤᠯ ᠤᠨ ᠤᠬᠠᠭᠤᠯᠤᠨ | ᠲᠠᠶᠢᠯᠪᠤᠷᠢᠯᠠᠯᠲᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠴᠢᠨᠠᠭᠰᠢᠳᠠ | ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ | ᠪᠦᠯᠬᠦᠮᠳᠡᠯ ᠤᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ | ᠬᠦᠴᠦᠨ ᠢ ᠤᠯᠠᠮᠵᠢᠯᠠᠵᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠢ ᠤᠷᠢᠶᠠᠯᠠᠨ ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠥ᠂ ᠭᠠᠷ ᠭᠠᠷ ᠢᠶᠠᠨ ᠬᠤᠯᠪᠣᠨ ᠮᠥᠷᠥ | ᠵᠡᠷᠭᠡᠴᠡᠵᠦ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠳᠥ | ᠳᠤᠳᠤᠨᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠦᠭᠰᠡᠨ ᠭᠤᠶᠢᠳᠠ ᠰᠠᠶᠢᠬᠠᠨ | ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠪᠣᠯᠤᠨ᠎ᠠ᠃ | |