5 ᠰᠠᠷ᠎ᠠ ᠶᠢᠨ 9 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ ᠤᠨᠤᠯ ᠢᠶᠠᠷ ᠰᠢᠨ᠎ᠡ | ᠠᠶᠠᠨ ᠢ ᠴᠤᠤᠷᠢᠶᠠᠲᠤᠭᠤᠯᠬᠤ᠂ ᠤᠯᠠᠭᠠᠨ ᠠᠨᠠᠷ︾ 2025 ᠣᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ | ᠤᠷᠤᠯᠳᠤᠭᠠᠨ ᠥᠷᠨᠢᠭᠦᠯᠵᠦ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ | ᠪᠠᠶᠢᠭᠤᠯᠭ᠎ᠠ ᠨᠢᠭᠡᠴᠡ ᠶᠢᠨ ᠰᠣᠩᠭᠤᠨ ᠲᠣᠮᠢᠯᠠᠭᠰᠠᠨ 14 ᠰᠢᠯᠢᠳᠡᠭ ᠤᠷᠤᠯᠴᠠᠬᠴᠢ ᠨᠢᠭᠡ ᠲᠠᠩᠬᠢᠮ ᠳᠤ ᠴᠤᠭᠯᠠᠷᠠᠪᠠ | ᠃ ᠲᠡᠳᠡ ᠤᠷᠤᠯᠳᠤᠭᠠᠨ ᠤ ᠭᠤᠣᠯ ᠰᠡᠳᠦᠪ ᠲᠠᠢ ᠪᠠᠨ ᠨᠢᠭᠲᠠ ᠤᠶᠠᠯᠳᠤᠭᠤᠯᠤᠨ᠂ ᠥᠪᠡᠷᠮᠢᠴᠡ ᠬᠠᠷᠠᠭᠠᠰᠤ᠂ | ᠠᠮᠢᠳᠤᠯᠢᠭ ᠬᠡᠯᠡ ᠬᠡᠯᠡᠯᠭᠡ ᠪᠠ ᠠᠮᠢᠳᠤᠯᠢᠭ ᠬᠡᠷᠡᠭ ᠤᠨ ᠵᠢᠱᠢᠶ᠎ᠡ ᠪᠠᠷ ᠨᠠᠮ ᠤᠨ ᠰᠢᠨ᠎ᠡ ᠶᠢ ᠡᠭᠦᠳᠬᠦ ᠤᠨᠤᠯ ᠢ | ᠲᠠᠶᠢᠯᠪᠤᠷᠢᠯᠠᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠠᠴᠢ ᠡᠨᠡᠷᠢᠯ ᠳᠡᠭᠡᠨ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠦ᠂ ᠭᠦᠨ ᠭᠦᠨᠵᠡᠭᠡᠢ ᠤᠨᠤᠯ ᠤᠨ ᠮᠡᠳᠡᠯᠭᠡ ᠶᠢ ᠬᠢᠯᠪᠠᠷ ᠣᠶᠢᠯᠠᠭᠠᠮᠵᠢᠳᠠᠢ ᠦᠯᠢᠭᠡᠷ ᠪᠣᠯᠭᠠᠨ | ᠬᠤᠪᠢᠷᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ | ᠴᠠᠭᠠᠨᠬᠠᠳᠠ ᠰᠤᠮᠤ ᠶᠢᠨ ᠲᠩᠷᠢ ᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠪᠥᠭᠡᠳ ᠭᠠᠴᠠᠭᠠᠨ ᠤ | ᠲᠠᠷᠤᠭ᠎ᠠ ᠯᠦ ᠭᠦᠸᠧ ᠹᠸᠢ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ︽ᠤᠯᠠᠭᠠᠨ ᠠᠨᠠᠷ︾ ᠢᠶᠠᠷ ᠬᠤᠯᠪᠣᠭᠠᠰᠤ ᠪᠣᠯᠭᠠᠨ ᠬᠥᠭᠵᠢᠯᠲᠡ ᠪᠣᠯᠤᠨ ᠪᠦᠯᠬᠦᠮᠳᠡᠯ ᠢ | ᠠᠬᠢᠭᠤᠯᠤᠭᠰᠠᠨ ᠠᠮᠢᠳᠤᠯᠢᠭ ᠦᠢᠯᠡᠳᠦᠯᠭᠡ ᠶᠢ ᠶᠠᠷᠢᠪᠠ᠃ ︽ᠥᠨᠥᠳᠦᠷ ᠤᠨ ᠠᠵᠠ ᠪᠠᠷ ᠲᠣᠰ ᠤᠳᠠᠭᠠᠨ ᠤ | ᠤᠷᠤᠯᠳᠤᠭᠠᠨ ᠳᠤ ᠣᠷᠣᠯᠴᠠᠵᠤ ᠦᠨᠳᠦᠰᠦᠲᠡᠨ ᠤ ᠪᠦᠯᠬᠦᠮᠳᠡᠯ ᠤᠨ ᠤᠯᠠᠭᠠᠨ ᠠᠨᠠᠷ ᠤᠨ ᠭᠤᠤᠯ ᠰᠡᠳᠦᠪ ᠤᠨ | ᠲᠣᠭᠤᠷᠢᠨ ᠳᠤ ᠤᠬᠠᠭᠤᠯᠤᠨ ᠲᠠᠶᠢᠯᠪᠤᠷᠢᠯᠠᠨ᠎ᠠ᠂ ᠪᠢ ︿ᠤᠯᠠᠭᠠᠨ ᠠᠨᠠᠷ ﹀ ᠤᠨ ᠵᠣᠷᠢᠭ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠦᠨᠳᠦᠰᠦᠨ ᠱᠠᠲᠤᠨ ᠤ | ᠣᠯᠠᠨ ᠲᠦᠮᠡᠨ ᠤ ᠳᠤᠮᠳᠠ ᠭ᠊ ᠦᠢᠯᠡᠰ ᠪᠤᠰᠬᠠᠨ ᠦᠢᠯᠡᠳᠦᠯ ᠭᠠᠷᠭᠠᠨ᠂ ᠪᠦᠯᠬᠦᠮᠳᠡᠯ ᠤᠨ ᠬᠦᠴᠦᠨ ᠢ ᠤᠬᠠᠭᠤᠯᠤᠨ | ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠠᠶᠢᠨ ᠰᠠᠶᠢᠬᠠᠨ ᠬᠠᠭᠤᠳᠠᠰᠤᠨ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ | ᠭᠡᠵᠦ ᠯᠦ ᠭᠦᠡ ᠹᠧᠢ ᠬᠡᠯᠡᠪᠡ᠃ | ︽ᠲᠣᠰ ᠤᠳᠠᠭᠠᠨ ᠤ ᠤᠷᠤᠯᠳᠤᠭᠠᠨ ᠨᠢ ᠵᠠᠯᠠᠭᠤᠴᠤᠳ ᠲᠤ ᠰᠣᠯᠢᠯᠴᠠᠭᠠᠨ ᠤ ᠲᠠᠪᠴᠠᠩ ᠬᠠᠩᠭᠠᠵᠤ᠂ ᠪᠢᠳᠡ | ᠤᠷᠤᠯᠳᠤᠭᠠᠨ ᠢᠶᠠᠷ ᠳᠠᠮᠵᠢᠨ ᠰᠠᠨᠠᠯ ᠢᠶᠠᠨ ᠰᠣᠯᠢᠯᠴᠠᠵᠤ ᠪᠣᠯᠬᠤ ᠪᠥᠭᠡᠳ ᠪᠠᠰᠠ ᠤᠷᠤᠯᠳᠤᠭᠠᠨ ᠳᠤ ᠤᠷᠤᠯᠴᠠᠨ | ᠦᠪᠡᠷ ᠤᠨ ᠢᠶᠠᠨ ᠤᠶᠤᠨ ᠪᠢᠯᠢᠭ ᠢ ᠪᠠᠳᠠᠷᠠᠭᠤᠯᠬᠤ ᠣᠷᠣᠨ ᠵᠠᠶ ᠣᠯᠭᠤᠵᠠᠶ︾ ᠃ ︽ ᠵᠠᠯᠭᠠᠭᠠᠳ ᠪᠢᠳᠡ | ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠦᠷᠭᠦᠯᠵᠢᠯᠡᠨ ᠪᠠᠲᠤ ᠴᠡᠭᠡᠵᠢᠯᠡᠵᠦ᠂ ᠮᠠᠨ ᠤ ᠬᠤᠰᠢᠭᠤᠨ ᠤ ᠡᠯ᠎ᠡ | ᠵᠦᠢᠯ ᠤᠨ ᠬᠥᠭᠵᠢᠭᠦᠯᠦᠯᠲᠡ ᠥᠭᠡᠷᠡᠴᠢᠯᠡᠯᠲᠡ ᠳᠤ ᠢᠳᠡᠪᠬᠢᠲᠡᠶ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠲᠠᠷᠬᠠᠨ ᠮᠤᠤᠮᠢᠩᠭᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠦᠪᠡᠷ ᠤᠨ ᠬᠤᠪᠢ | ᠨᠡᠮᠡᠷᠢ ᠪᠠᠨ ᠦᠵᠡᠬᠦᠯᠦᠨ᠎ᠡ ︾ ᠬᠡᠵᠦ ᠪᠠᠭ᠎ᠠ ᠤᠩᠭᠤᠨ ᠰᠢᠶᠠᠩ ᠤᠨ ᠠᠵᠢᠯᠳᠠᠨ ᠬᠤᠸᠠᠨ ᠬᠤᠸᠠᠨ ᠪᠠᠶᠠᠷ | ᠬᠥᠷ ᠲᠠᠢ ᠪᠠᠷ ᠶᠠᠷᠢᠪᠠ ᠃ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ | ᠤᠷᠤᠯᠳᠤᠭᠠᠨ ᠳᠤ ᠤᠷᠤᠯᠴᠠᠭᠰᠠᠨ᠂ ᠮᠢᠨᠦ ᠬᠠᠮᠤᠭ ᠤᠨ ᠶᠡᠭᠡ ᠲᠦᠷᠦᠭᠳᠡᠯ ᠪᠣᠯ ᠤᠷᠮᠠᠰᠢᠯ ᠵᠤᠷᠢᠭᠵᠢᠯ ᠪᠤᠯᠤᠨ᠎ᠠ᠂ | ᠠᠭᠤᠯᠭ᠎ᠠ ᠶᠢᠨ ᠲᠠᠯ᠎ᠠ ᠠᠴᠠ ᠠᠪᠴᠤ ᠦᠵᠡᠪᠡᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠵᠦᠢᠯ ᠤᠨ | ᠠᠵᠢᠯ ᠢ ᠬᠠᠮᠤᠷᠴᠤ᠂ ᠬᠡᠯᠪᠡᠷᠢ ᠶᠢᠨ ᠲᠠᠯ᠎ᠠ ᠠᠴᠠ ᠠᠪᠴᠤ ᠦᠵᠡᠪᠡᠯ᠂ ᠵᠦᠪᠭᠡᠨ ᠤᠬᠠᠭᠤᠯᠤᠨ ᠲᠠᠶᠢᠯᠪᠤᠷᠢᠯᠠᠯᠲᠠ ᠬᠢᠬᠦ | ᠪᠢᠰᠢ᠂ ᠪᠠᠰᠠ ᠰᠤᠯᠠ ᠶᠠᠷᠢᠶ᠎ᠠ ᠲᠠᠯᠪᠢᠬᠤ ᠦᠵᠡᠬᠦᠯᠦᠯᠭᠡ ᠪᠠᠶᠢᠵᠤ᠂ ᠢᠯᠠᠩᠭᠤᠶ᠎ᠠ ︿ᠤᠯᠤᠰ ᠤᠨ ᠬᠡᠦᠬᠡᠳ﹀ | ᠥᠪᠡᠷ ᠤᠨ ᠥᠩᠭᠡᠷᠡᠯᠲᠡ ᠪᠠᠷ ᠢᠶᠠᠨ ᠠᠮᠢᠳᠤᠯᠢᠭ ᠤᠬᠠᠭᠤᠯᠤᠨ ᠲᠠᠶᠢᠯᠪᠤᠷᠢᠯᠠᠯᠳᠠ ᠬᠢᠵᠦ᠂ ᠪᠢᠳᠡᠨ ᠢ ᠮᠠᠰᠢ | ᠳᠣᠭᠳᠣᠯᠤᠭᠤᠯᠪᠠ︾ ᠬᠡᠵᠦ ᠬᠤᠲᠠ ᠶᠢᠨ ᠠᠬᠠᠮᠠᠳ ᠺᠠᠳ᠋ᠷᠴᠤᠳ ᠤᠨ ᠢᠳᠡᠪᠬᠢ ᠬᠦᠴᠦᠨ ᠢ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠰᠦᠨ ᠯᠧ ᠵᠢᠦ ᠬᠡᠯᠡᠪᠡ᠃ | ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠢᠭᠡ ᠪᠦᠯᠦᠭ ᠰᠢᠯᠢᠳᠡᠭ ᠣᠨᠣᠯ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠢ ᠰᠣᠩᠭᠤᠨ | ᠭᠠᠷᠭᠠᠭᠰᠠᠨ ᠪᠥᠭᠡᠳ ᠨᠠᠮ ᠤᠨ ᠰᠢᠨ᠎ᠡ ᠶᠢ ᠡᠭᠦᠳᠬᠦ ᠣᠨᠣᠯ ᠢ ᠦᠨᠳᠦᠰᠦᠨ ᠱᠠᠲᠤᠨ ᠳᠤ ᠤᠯᠠᠮᠵᠢᠯᠠᠬᠤ ᠳᠤ ᠰᠠᠶᠢᠨ | ᠲᠠᠪᠴᠠᠩ ᠬᠠᠩᠭᠠᠭᠰᠠᠨ ᠪᠠᠶᠢᠨ᠎ᠠ᠃ ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠲᠤᠰ | ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ | ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠤᠯᠠᠨ ᠲᠦᠮᠡᠨ ᠤ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠡᠩ ᠰᠠᠶᠢᠲᠤᠷ ᠠᠵᠢᠯ ᠬᠢᠵᠦ | ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠳᠤ ᠬᠦᠴᠦ ᠨᠡᠮᠡᠷᠢᠯᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠲᠠᠷᠬᠠᠨ ᠮᠤᠤᠮᠢᠩᠭᠠᠨ ᠤ ᠬᠠᠷᠢᠭᠤᠯᠲᠠ ᠶᠢᠨ | ᠬᠠᠭᠤᠳᠠᠰᠤ︾ ᠶᠢ ᠰᠠᠶᠢᠲᠤᠷ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ |