4 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠮᠢᠩ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠷᠡᠯᠴᠢ ᠴᠡᠨᠡᠭ ᠤᠨ ᠬᠠᠪᠰᠤᠷᠤᠨ ᠲᠡᠳᠬᠦᠬᠦ ᠢᠨᠵᠧᠨᠧᠷᠢᠩ 3. | 71MW ᠭᠡᠷᠡᠯᠴᠢ ᠴᠡᠨᠡᠭ ᠤᠨ ᠴᠠᠬᠢᠯᠭᠠᠨ ᠭᠠᠷᠭᠠᠬᠤ ᠲᠥᠷᠥᠯ ᠵᠦᠢᠯ ᠪᠠᠲᠤᠬᠠᠭᠠᠯᠭ᠎ᠠ ᠪᠠᠯᠭᠠᠰᠤᠨ ᠤ | ᠬᠤᠩᠭᠤᠷᠲᠠᠯ᠎ᠠ ᠭᠠᠴᠠᠭ᠎ᠠ ᠳᠤ ᠠᠵᠢᠯ ᠡᠬᠢᠯᠡᠬᠦ ᠶᠣᠰᠣᠯᠠᠯ ᠶᠠᠪᠤᠭᠤᠯᠪᠠ᠃ | ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 3.71 ᠰᠠᠶ᠎ᠠ ᠸᠠᠲ ᠪᠠᠶᠢᠵᠤ᠂ | 10kVᠨᠡᠭᠡᠭᠡᠵᠤ ᠬᠠᠭᠠᠬᠤ ᠥᠷᠲᠡᠭᠡ ᠨᠢᠭᠡ ᠰᠠᠭᠤᠷᠢ᠂ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ 247 | ᠳᠤᠭᠤᠶᠢᠯᠠᠩ ᠵᠢᠴᠢ 4400kVA ᠳᠣᠮᠲᠠᠳᠤ ᠬᠡᠯᠪᠡᠷᠢ ᠶᠢᠨ ᠬᠠᠶᠢᠷᠴᠠᠭ ᠨᠢᠭᠡ ᠢᠵᠢ ᠪᠥᠷᠢᠳᠦᠭᠦᠯᠦᠨ ᠪᠥᠲᠥᠭᠡᠨ | ᠪᠠᠶᠢᠭᠤᠯᠤᠨ᠎ᠠ᠃ ᠲᠥᠷᠥᠯ ᠵᠦᠢᠯ ᠨᠢ ︽ᠪᠥᠬᠦ ᠲᠤᠭ᠎ᠠ ᠪᠠᠷ ᠰᠦᠯᠵᠢᠶᠡᠨ ᠳᠤ ᠭᠠᠷᠬᠤ︾ ᠵᠠᠭᠪᠤᠷ ᠢ ᠬᠡᠷᠡᠭᠯᠡᠨ | ᠴᠠᠬᠢᠯᠭᠠᠨ ᠭᠠᠷᠭᠠᠵᠤ᠂ ᠪᠠᠶᠢᠭᠤᠯᠤᠭᠰᠠᠨ ᠤ ᠳᠠᠷᠠᠭ᠎ᠠ ᠪᠠᠯᠠ ᠮᠥᠩᠭᠦ ᠶᠢᠨ ᠠᠰᠢᠭ ᠣᠷᠣᠯᠭ᠎ᠠ ᠶᠢ ᠭᠤᠤᠯᠳᠠᠭᠤ 371 | ᠨᠡᠷᠡᠰ ᠬᠥᠳᠡᠯᠦᠩᠭᠦᠶ ᠭᠤᠤᠯᠳᠠᠯᠭ᠎ᠠ ᠲᠠᠢ ᠬᠢᠨᠠᠨ ᠬᠡᠮᠵᠢᠬᠦ ᠡᠷᠦᠬᠡ ᠶᠢ ᠬᠠᠪᠰᠤᠷᠤᠨ ᠲᠡᠳᠬᠦᠬᠦ ᠳᠤ ᠬᠡᠷᠡᠭᠯᠡᠵᠦ᠂ | ᠲᠡᠳᠡᠨ ᠳᠤ ᠣᠷᠳᠣ ᠬᠤᠭᠤᠴᠠᠭᠠᠨ ᠤ ᠲᠣᠭᠲᠠᠭᠤᠨ ᠠᠰᠢᠭ ᠬᠤᠪᠢᠶᠠᠷᠢᠯᠠᠯᠲᠠ ᠶᠢᠨ ᠣᠷᠣᠯᠭ᠎ᠠ ᠬᠠᠩᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠥᠬᠦ | ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠪᠣᠯᠤᠨ ᠠᠷᠠᠳ ᠤᠨ ᠠᠮᠢᠳᠤᠷᠠᠯ ᠢ ᠬᠠᠪᠰᠤᠷᠤᠨ ᠲᠡᠳᠬᠦᠬᠦ ᠶᠢ | ᠤᠶᠠᠯᠳᠤᠭᠤᠯᠤᠭᠰᠠᠨ ᠰᠢᠨ᠎ᠡ ᠶᠢ ᠡᠭᠦᠳᠥᠭᠰᠡᠨ ᠦᠢᠯᠡᠳᠥᠯᠭᠡ ᠯᠠᠪᠳᠠᠭᠤᠨ ᠪᠠᠲᠤᠲᠠᠶ ᠨᠢᠭᠡ ᠠᠯᠬᠤᠮ ᠠᠯᠬᠤᠭᠰᠠᠨ ᠢ | ᠬᠠᠷᠠᠭᠤᠯᠵᠤ ᠪᠠᠶᠢᠨ᠎ᠠ᠃ | ᠢᠷᠡᠭᠡᠳᠦᠶ ᠳᠤ᠂ ᠮᠠᠨ ᠤ ᠬᠤᠰᠢᠭᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠪᠣᠬᠢᠷᠲᠤᠯ ᠥᠬᠡᠶ ᠡᠨᠧᠷᠭᠢ ᠪᠠᠷ ᠨᠠᠩ ᠣᠯᠠᠨ ᠣᠯᠠᠨ | ᠲᠦᠮᠡᠨ ᠳᠤ ᠠᠰᠢᠭ ᠬᠦᠷᠲᠡᠭᠡᠨ᠎ᠡ᠃ | |