ᠬᠥᠳᠡᠯᠭᠡᠭᠡᠨ ᠲᠤᠩᠭᠤᠷᠠᠭᠤᠯᠤᠨ ᠲᠡᠮᠲᠡᠭᠯᠡᠬᠦ ᠦᠶ᠎ᠡ ᠳᠤ ᠣᠷᠣᠯ᠎ᠠ︕ ᠲᠠᠨ ᠤ ᠡᠭᠦᠳᠦᠯᠲᠡ ᠶᠢᠨ ᠥᠷᠲᠡᠭ ᠴᠢᠨᠢ 5000 ᠲᠥᠭᠦᠷᠢᠭ ᠪᠠᠶᠢᠵᠦ ᠮᠡᠳᠡᠨ᠎ᠡ︕
ᠨᠡᠶᠢᠲᠡᠯᠡᠭᠰᠡᠨ ᠴᠠᠭ᠄
2025/5/14
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠵᠣᠷᠢᠭᠵᠢᠭᠤᠯᠤᠨ ᠪᠤᠭᠤᠲᠤ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠵᠠᠷᠯᠠᠯ ᠪᠠ ᠤᠬᠠᠭᠤᠯᠭ᠎ᠠ ᠶᠢᠨ ᠣᠬᠤᠷ ᠸᠢᠳᠢᠣ᠋  ᠶᠢ ᠱᠠᠩᠨᠠᠯ ᠲᠠᠢ ᠡᠯᠰᠡᠬᠦ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠃      ᠨᠢᠭᠡ᠂ ᠬᠦᠳᠡᠯᠭᠡᠭᠡᠨ ᠤ ᠭᠤᠤᠯ ᠰᠡᠳᠦᠪ      ᠦᠨᠳᠦᠰᠦᠲᠡᠨ ᠤ ᠪᠦᠯᠬᠦᠮᠳᠡᠯ ᠤᠨ ᠨᠠᠷᠢᠨ ᠬᠠᠭᠤᠳᠠᠰᠤ ᠶᠢ ᠬᠠᠮᠲᠦ ᠪᠠᠷ ᠵᠢᠷᠤᠵᠤ  ᠪᠤᠭᠤ ᠬᠤᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠦ ᠪᠠᠷ ᠪᠢᠴᠢᠭᠯᠡᠶ᠎ᠡ      ᠬᠤᠶᠠᠷ᠂ ᠠᠵᠢᠯᠯᠠᠭᠠᠨ ᠤ ᠴᠠᠭ      ᠪᠦᠲᠦᠭᠡᠯ ᠡᠯᠰᠡᠬᠦ ᠴᠠᠭ᠄ ᠮᠡᠳᠡᠭᠳᠡᠯ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠃      ᠱᠠᠩᠨᠠᠯ ᠣᠯᠤᠭᠰᠠᠨ ᠪᠦᠲᠦᠭᠡᠯ ᠢ ᠨᠡᠶᠢᠲᠡᠯᠡᠬᠦ ᠴᠠᠭ᠄ 2025 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠃      ᠭᠤᠷᠪᠠ᠂ ᠡᠯᠰᠡᠬᠦ ᠬᠡᠪᠴᠢᠶ᠎ᠡ      ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ᠃      ᠳᠥᠷᠪᠡ᠂ ᠡᠯᠰᠡᠬᠦ ᠠᠭᠤᠯᠭ᠎ᠠ      ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠵᠠᠷᠯᠠᠯ      1.ᠪᠦᠲᠦᠭᠡᠯ ᠤᠨ ᠲᠥᠷᠥᠯ᠄ ᠴᠤᠭᠯᠠᠭᠤᠯᠤᠭᠰᠠᠨ ᠪᠦᠲᠦᠭᠡᠯ ᠨᠢ ᠬᠠᠮᠤᠷᠤᠭᠰᠠᠨ ᠪᠣᠯᠪᠠᠴᠤ ᠱᠤᠭ ᠵᠢᠷᠤᠭ᠂ ᠵᠠᠷᠯᠠᠯ᠂ ᠤᠷᠲᠤ ᠵᠢᠷᠤᠭ ᠵᠡᠷᠭᠡ ᠳᠤ ᠬᠢᠵᠠᠭᠠᠷᠯᠠᠭᠳᠠᠬᠤ ᠦᠭᠡᠢ᠃      2.ᠦᠢᠯᠡᠳᠬᠦ ᠠᠷᠭ᠎ᠠ ᠮᠠᠶ᠋ᠢᠭ᠄ ᠪᠦᠲᠦᠭᠡᠯ ᠢ PS᠂ AI᠂ CDR ᠵᠡᠷᠭᠡ ᠲᠤᠰᠬᠠᠢ ᠮᠡᠷᠭᠡᠵᠢᠯ ᠤᠨ ᠵᠢᠷᠤᠵᠤ ᠲᠥᠯᠥᠪᠯᠡᠬᠦ ᠵᠥᠭᠡᠯᠡᠨ ᠲᠣᠨᠤᠭ ᠢᠶᠠᠷ ᠦᠢᠯᠡᠳᠴᠦ ᠪᠣᠯᠣᠨ᠎ᠠ᠂ ᠭᠠᠷ ᠢᠶᠠᠷ ᠵᠢᠷᠤᠬᠤ ᠶᠢ ᠴᠦ ᠳᠡᠮᠵᠢᠨ᠎ᠡ᠃      3.ᠵᠠᠭᠪᠤᠷ ᠤᠨ ᠱᠠᠭᠠᠷᠳᠠᠯᠭ᠎ᠠ᠄ ᠪᠦᠲᠦᠭᠡᠯ ᠨᠢ ᠡᠯᠧᠺᠲᠷᠣᠨ ᠬᠡᠪᠯᠡᠯ ᠪᠠᠶᠢᠬᠤ ᠬᠡᠷᠡᠭᠲᠡᠢ᠂ ᠵᠠᠭᠪᠣᠷ ᠢ JPG ᠪᠤᠶᠤ TIF ᠢᠶᠠᠷ ᠬᠢᠵᠠᠭᠠᠷᠯᠠᠬᠤ ᠬᠡᠷᠡᠭᠲᠡᠢ᠃ ᠢᠯᠭᠠᠬᠤ ᠨᠣᠷᠮ᠎ᠠ ᠶᠢ 72px ᠠᠴᠠ ᠳᠣᠣᠷ᠎ᠠ ᠪᠠᠶᠢᠯᠭᠠᠵᠦ ᠪᠣᠯᠬᠤ ᠦᠭᠡᠢ᠂ ᠪᠢᠴᠢᠭ ᠮᠠᠲ᠋ᠧᠷᠢᠶᠠᠯ ᠤᠨ ᠶᠡᠭᠡ ᠪᠠᠭ᠎ᠠ ᠢ 5MB ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠳᠠᠩ ᠵᠢᠷᠤᠭ ᠪᠤᠶᠤ ᠰᠢᠷᠢᠰ ᠳᠣᠭᠤᠶᠢᠯᠠᠩ ᠤᠨ ᠵᠢᠷᠤᠭ ᠢ ᠲᠤᠰᠢᠶᠠᠵᠦ᠂ ᠤᠰᠤᠨ ᠲᠠᠮᠠᠭ᠎ᠠ ᠦᠭᠡᠢ ᠪᠠᠶᠢᠬᠤ ᠶᠢ ᠱᠠᠭᠠᠷᠳᠠᠨ᠎ᠠ ᠃ ᠰᠡᠭᠦᠯᠴᠢ ᠶᠢᠨ ᠬᠤᠭᠤᠴᠠᠭᠠᠨ ᠳᠤ ᠪᠦᠬᠦ ᠬᠤᠲᠠ ᠳᠤ ᠳᠡᠯᠭᠡᠷᠡᠭᠦᠯᠬᠦ ᠪᠠᠷ ᠪᠠᠶᠢᠭ᠎ᠠ ᠵᠠᠷᠯᠠᠯ ᠳᠤ᠂ ᠵᠣᠬᠢᠶᠠᠨ ᠪᠦᠲᠦᠭᠡᠭᠴᠢ ᠨᠢ PSD ᠬᠡᠯᠪᠡᠷᠢ ᠪᠤᠶᠤ AICDR ᠬᠡᠯᠪᠡᠷᠢ ᠶᠢᠨ ᠡᠬᠢ ᠪᠢᠴᠢᠭ ᠮᠠᠲ᠋ᠧᠷᠢᠶᠠᠯ ᠢ ᠢᠯᠡᠭᠦᠴᠡ ᠬᠠᠩᠭᠠᠬᠤ ᠬᠡᠷᠡᠭᠲᠡᠶ᠃      ︵ᠬᠤᠶᠠᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ  ᠶᠢᠨ ᠣᠬᠤᠷ ᠸᠢᠳᠢᠣ᠋ ᠶᠢ ᠪᠠᠲᠤ ᠴᠣᠭᠴᠠᠯᠠᠶ᠎ᠠ      1.ᠪᠦᠲᠦᠭᠡᠯ ᠤᠨ ᠲᠥᠷᠥᠯ᠄ ᠴᠤᠭᠯᠠᠭᠤᠯᠬᠤ ᠪᠦᠲᠦᠭᠡᠯ ᠳᠤ ᠬᠠᠮᠤᠷᠠᠭᠰᠠᠨ ᠪᠣᠯᠪᠠᠴᠤ ᠵᠦᠴᠦᠭᠡ ᠶᠢᠨ ᠦᠢᠯᠡ ᠶᠠᠪᠤᠳᠠᠯ ᠶᠢᠨ ᠲᠦᠷᠦᠯ᠂ ᠲᠡᠮᠳᠡᠭᠯᠡᠯ ᠤᠨ ᠲᠥᠷᠥᠯ᠂ ᠺᠠᠷᠲ᠋ᠣᠨ ᠤ ᠲᠥᠷᠥᠯ ᠵᠡᠷᠭᠡ ᠳᠤ ᠬᠢᠵᠠᠭᠠᠷᠯᠠᠭᠳᠠᠬᠤ ᠦᠭᠡᠢ᠃      2.ᠴᠠᠭ ᠤᠨ ᠤᠷᠲᠤ ᠶᠢᠨ ᠱᠠᠭᠠᠷᠳᠠᠯᠭ᠎ᠠ᠄ ᠪᠦᠲᠦᠭᠡᠯ ᠤᠨ ᠴᠠᠭ ᠤᠨ ᠬᠡᠮᠵᠢᠶ᠎ᠡ ᠨᠢ ᠬᠠᠮᠤᠭ ᠤᠨ ᠪᠣᠭᠤᠨᠢ ᠳᠤ ᠪᠠᠨ 30 ᠰᠧᠺᠦ᠋ᠨ᠋ᠳ᠋᠂ ᠬᠠᠮᠤᠭ ᠤᠨ ᠤᠷᠲᠤ ᠳᠤ ᠪᠠᠨ 5 ᠮᠢᠨᠦ᠋ᠲ ᠠᠴᠠ ᠬᠡᠲᠦᠷᠡᠵᠦ ᠪᠣᠯᠬᠤ ᠦᠭᠡᠢ᠃      3.ᠠᠭᠤᠯᠭ᠎ᠠ ᠶᠢᠨ ᠵᠢᠷᠤᠮᠵᠢᠯ᠄ ᠵᠣᠬᠢᠶᠠᠯ ᠪᠦᠲᠦᠭᠡᠯ ᠳᠤ ᠪᠦᠷᠢᠨ ᠪᠦᠲᠦᠨ ᠹᠢᠯᠢᠮ ᠤᠨ  ᠡᠬᠢᠯᠡᠯᠲᠡ᠂ ᠹᠢᠯᠢᠮ ᠤᠨ ᠰᠡᠭᠦᠯ ᠵᠢᠴᠢ ᠲᠣᠪᠴᠢ ᠲᠢᠭ ᠤᠨ ᠬᠢᠲᠠᠳ ᠬᠡᠯᠡᠨ ᠤ ᠦᠰᠦᠭ ᠢ ᠪᠠᠭᠲᠠᠭᠠᠬᠤ ᠬᠡᠷᠡᠭᠲᠡᠶ᠂ ᠤᠰᠤᠨ ᠲᠠᠮᠠᠭ᠎ᠠ ᠪᠤᠶᠤ ᠪᠤᠰᠤᠳ ᠠᠵᠢᠯᠯᠠᠭᠠᠨ ᠤ ᠲᠡᠮᠳᠡᠭ ᠲᠠᠢ ᠪᠠᠶᠢᠵᠤ ᠪᠣᠯᠬᠤ ᠦᠭᠡᠶ᠃      4.ᠵᠢᠷᠤᠭ ᠬᠢᠭᠡᠳ ᠳᠠᠭᠤᠨ ᠳᠠᠪᠲᠠᠮᠵᠢ ᠶᠢᠨ ᠱᠠᠭᠠᠷᠳᠠᠯᠭ᠎ᠠ᠄ ᠪᠦᠲᠦᠭᠡᠯ ᠤᠨ ᠵᠢᠷᠤᠭ ᠤᠨ ᠬᠠᠷᠢᠴᠠᠯ ᠢ 16᠄ 9 ᠪᠠᠷ ᠲᠣᠭᠲᠠᠭᠠᠵᠤ᠂ ᠢᠯᠭᠠᠮᠵᠢ ᠶᠢᠨ ᠨᠣᠷᠮ᠎ᠠ ᠶᠢᠨ ᠪᠠᠷᠢᠮᠵᠢᠶ᠎ᠠ ᠶᠢ 1080P ︵1920 × 1080︶ ᠪᠣᠯᠭᠠᠨ᠎ᠠ᠃ ᠬᠡᠷᠪᠡ ᠨᠥᠬᠦᠴᠡᠯ ᠵᠥᠪᠰᠢᠶᠡᠷᠡᠪᠡᠯ᠂ 2K ︵2560 × 1440︶ ᠪᠤᠶᠤ 4K ︵3840 × 2160︶ ᠶᠢᠨ ᠢᠯᠭᠠᠮᠵᠢ ᠪᠠᠷ ᠰᠡᠭᠦᠳᠡᠷᠯᠡᠬᠦ ᠶᠢ ᠵᠣᠷᠢᠭᠵᠢᠭᠤᠯᠤᠨ᠎ᠠ᠃ ᠸᠢᠳᠢᠣ᠋ ᠶᠢᠨ ᠵᠠᠭᠪᠣᠷ ᠨᠢ MP4 ᠪᠤᠶᠤ MOV ᠪᠠᠷ ᠬᠢᠵᠠᠭᠠᠷᠯᠠᠨ᠎ᠠ᠂ ᠬᠥᠨᠳᠡᠯᠡᠨ ᠳᠡᠯᠭᠡᠴᠡ᠂ ᠪᠣᠰᠤᠭ᠎ᠠ ᠳᠡᠯᠭᠡᠴᠡ ᠪᠦᠷ ᠪᠣᠯᠴᠢᠬᠠᠨ᠎ᠠ᠃ ᠳᠠᠭᠤᠨ ᠤ ᠬᠡᠷᠡᠭᠰᠡᠬᠦ ᠬᠡᠮᠵᠢᠶ᠎ᠡ ᠨᠢ ᠲᠣᠬᠢᠷᠠᠮᠵᠢᠲᠠᠢ᠂ ᠲᠣᠳᠤᠷᠬᠠᠢ᠂ ᠱᠤᠤᠭᠢᠶᠠᠨ ᠲᠠᠢ ᠪᠠᠶᠢᠳᠠᠯ ᠦᠭᠡᠢ᠃      ᠲᠠᠪᠤ᠂ ᠡᠯᠰᠡᠬᠦ ᠱᠠᠭᠠᠷᠳᠠᠯᠭ᠎ᠠ      ︵ᠨᠢᠭᠡ︶ ᠴᠤᠭᠯᠠᠭᠤᠯᠬᠤ ᠪᠦᠲᠦᠭᠡᠯ ᠢ ᠭᠤᠤᠯᠳᠠᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠳᠤ ᠬᠡᠷᠡᠭᠯᠡᠵᠦ᠂ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠷᠢᠮᠲᠠᠯᠠᠬᠤ ᠬᠡᠷᠡᠭᠲᠡᠶ ; ᠪᠦᠲᠦᠭᠡᠯ ᠤᠨ ᠠᠭᠤᠯᠭ᠎ᠠ ᠪᠣᠯᠤᠨ ᠠᠵᠢᠯᠯᠠᠭ᠎ᠠ ᠶᠢᠨ ᠭᠤᠣᠯ ᠰᠡᠳᠦᠪ ᠲᠠᠢ ᠨᠡᠶᠢᠴᠡᠵᠦ᠂ ᠨᠥᠯᠥᠭᠡᠯᠡᠬᠦ ᠬᠦᠴᠦᠨ ᠢᠶᠠᠷ ᠴᠢᠩᠭ᠎ᠠ᠂ ᠡᠷᠡᠭᠦᠯ ᠥᠭᠡᠳᠡᠷᠬᠡᠭ ᠪᠠᠶᠢᠵᠤ᠂ ᠪᠤᠭᠤᠲᠤ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠢᠳᠡᠪᠬᠢ ᠬᠦᠴᠦᠨ ᠢ ᠢᠳᠡᠪᠬᠢᠲᠡᠢ ᠳᠡᠯᠭᠡᠷᠡᠭᠦᠯᠬᠦ ᠬᠡᠷᠡᠭᠲᠡᠢ᠃      ︵ᠬᠤᠶᠠᠷ︶ ᠴᠤᠭᠯᠠᠭᠤᠯᠤᠭᠰᠠᠨ ᠪᠦᠲᠦᠭᠡᠯ ᠨᠢ ᠵᠣᠬᠢᠬᠤ ᠤᠷᠠᠯᠢᠭ ᠤᠨ ᠴᠢᠨᠠᠷ ᠲᠠᠢ ᠪᠠᠶᠢᠵᠤ᠂ ᠬᠥᠮᠦᠨ ᠤ ᠦᠯᠢᠭᠡᠷ ᠨᠢ ᠭᠤᠶᠢᠳᠠ ᠰᠠᠶᠢᠬᠠᠨ᠂ ᠲᠣᠯᠢᠳᠠᠭᠤᠷ ᠦᠭᠡ ᠬᠡᠯᠡ ᠨᠢ ᠠᠮᠢᠳᠤᠯᠢᠭ᠂ ᠲᠣᠭᠠᠴᠢᠯᠲᠠ ᠨᠢ ᠲᠣᠳᠣᠷᠬᠠᠢ᠂ ᠠᠭᠤᠯᠭ᠎ᠠ ᠨᠢ ᠡᠷᠡᠭᠦᠯ ᠴᠢᠭᠢᠷᠠᠭ᠂ ᠬᠠᠤᠯᠢ ᠶᠣᠰᠣ ᠨᠢ ᠲᠣᠭᠲᠠᠭᠠᠯ ᠳᠤ ᠨᠡᠶᠢᠴᠡᠨ᠎ᠡ᠃      ︵ᠭᠤᠷᠪᠠ︶ ᠴᠤᠭᠯᠠᠭᠤᠯᠬᠤ ᠪᠦᠲᠦᠭᠡᠯ ᠨᠢ ᠡᠷᠬᠡᠪᠰᠢ ᠤᠤᠭᠠᠯ ᠪᠦᠲᠦᠭᠡᠯ ᠪᠠᠶᠢᠬᠤ ᠬᠡᠷᠡᠭᠲᠡᠢ᠃ ᠡᠯᠰᠡᠨ ᠴᠤᠭᠯᠠᠭᠤᠯᠤᠭᠰᠠᠨ ᠪᠦᠲᠦᠭᠡᠯ ᠳᠣᠲᠣᠷ᠎ᠠ ᠦᠰᠦᠭ ᠤᠨ ᠲᠢᠭ ᠲᠠᠢ ᠬᠤᠯᠪᠣᠭᠳᠠᠪᠠᠯ᠂ ᠡᠷᠬᠡᠪᠰᠢ ᠰᠦᠢᠳᠬᠡᠯ ᠬᠤᠷᠢᠶᠠᠬᠤ ᠦᠭᠡᠢ ᠦᠰᠦᠭ ᠤᠨ ᠲᠢᠭ ᠪᠤᠶᠤ ᠥᠪᠡᠷ ᠤᠨ ᠬᠡᠪᠯᠡᠯ ᠤᠨ ᠡᠷᠬᠡ ᠶᠢᠨ ᠦᠰᠦᠭ ᠤᠨ ᠲᠢᠭ ᠪᠠᠶᠢᠬᠤ ᠬᠡᠷᠡᠭᠲᠡᠢ᠃ ᠵᠣᠬᠢᠶᠠᠯ ᠪᠦᠲᠦᠭᠡᠯ ᠳᠤᠮᠳᠠᠬᠢ ᠠᠩᠬᠠᠨ ᠤ ᠡᠭᠦᠳᠦᠯᠲᠡ ᠶᠢᠨ ᠴᠢᠨᠠᠷᠲᠠᠢ ᠠᠭᠤᠯᠭ᠎ᠠ ︵ᠬᠠᠷᠠᠭᠠᠨ ᠳᠠᠪᠲᠠᠮᠵᠢ ᠶᠢᠨ ᠬᠡᠰᠡᠭ᠂ ᠳᠠᠭᠤᠤ ᠪᠤᠶᠤ ᠳᠠᠭᠤᠤ ᠬᠥᠭᠵᠢᠮ ᠵᠡᠷᠭᠡ︶ ᠡᠷᠬᠡᠪᠰᠢ ᠹᠢᠯᠢᠮ ᠤᠨ ᠰᠡᠭᠦᠯ ᠳᠤ ᠳᠥᠭᠦᠮ ᠪᠢᠴᠢᠯᠭᠡ ᠪᠠᠷ ᠠᠬᠤᠯᠭ᠎ᠠ ᠶᠢᠨ ᠢᠷᠡᠯᠲᠡ ᠶᠢ ᠢᠯᠡᠳᠬᠡᠬᠦ ᠬᠡᠷᠡᠭᠲᠡᠶ᠃ ᠪᠤᠰᠤᠳ ᠤᠨ ᠪᠦᠲᠦᠭᠡᠯ ᠢ ᠬᠠᠭᠤᠯᠤᠨ ᠬᠤᠯᠠᠭᠠᠶᠢᠯᠠᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠡᠷᠪᠡ ᠡᠨᠡ ᠬᠦ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠰᠣᠩᠭᠤᠭᠤᠯᠢ ᠳᠤ ᠣᠷᠣᠯᠴᠠᠬᠤ ᠨᠢᠭᠡᠴᠢ ᠶᠢᠨ ᠰᠣᠩᠭᠤᠭᠤᠯᠢ ᠳᠤ ᠣᠷᠣᠯᠴᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠵᠤ᠂ ᠬᠡᠪᠯᠡᠯ ᠤᠨ ᠡᠷᠬᠡ ᠶᠢᠨ ᠠᠰᠠᠭᠤᠳᠠᠯ ᠠᠴᠠ ᠪᠣᠯᠤᠭᠰᠠᠨ ᠵᠢᠭᠤᠷᠠᠯᠳᠤᠭᠠᠨ ᠢ ᠭᠤᠤᠯᠴᠢᠯᠠᠨ ᠭᠦᠢᠴᠡᠳᠬᠡᠬᠦ ᠨᠢᠭᠡᠴᠢ ᠠᠴᠠ ᠬᠠᠷᠢᠭᠤᠴᠠᠬᠤ ᠦᠭᠡᠶ ᠪᠠᠶᠢᠬᠤ ᠬᠡᠷᠡᠭᠲᠡᠶ᠃      ︵ᠲᠦᠷᠪᠡ︶ ᠱᠠᠩᠨᠠᠯ ᠬᠦᠷᠲᠡᠭᠰᠡᠨ ᠪᠦᠲᠦᠭᠡᠯ ᠤᠨ ᠬᠡᠪᠯᠡᠯ ᠤᠨ ᠡᠷᠬᠡ ᠪᠠ ᠬᠡᠷᠡᠭᠯᠡᠬᠦ ᠡᠷᠬᠡ ᠨᠢ ᠭᠤᠤᠯᠯᠠᠨ ᠡᠷᠬᠢᠯᠡᠭᠰᠡᠨ ᠨᠢᠭᠡᠴᠢ ᠳᠤ ᠥᠮᠴᠢᠯᠡᠭᠳᠡᠨ᠎ᠡ᠃ ᠭᠤᠤᠯᠯᠠᠨ ᠡᠷᠬᠢᠯᠡᠬᠦ ᠨᠢᠭᠡᠴᠢ ᠨᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠵᠡᠷᠭᠡ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠵᠢᠯᠯᠠᠭ᠎ᠠ ᠶᠢ ᠥᠷᠨᠢᠭᠦᠯᠵᠦ᠂ ᠲᠧᠯᠸᠢᠰ᠂ ᠲᠣᠤᠷ ᠰᠦᠯᠵᠢᠶ᠎ᠡ ᠪᠤᠶᠤ ᠪᠤᠰᠤᠳ ᠵᠠᠭᠤᠴᠢ ᠳᠤ ᠦᠨ᠎ᠡ ᠲᠥᠯᠥᠪᠦᠷᠢ ᠦᠭᠡᠶ ᠪᠠᠷ ᠬᠡᠷᠡᠭᠯᠡᠬᠦ ᠡᠷᠬᠡ ᠲᠠᠢ᠃      ︵ᠲᠠᠪᠤ︶ ᠱᠠᠩᠨᠠᠯ ᠬᠦᠷᠲᠡᠭᠰᠡᠨ ᠪᠦᠲᠦᠭᠡᠯ ᠤᠨ ᠵᠣᠬᠢᠶᠠᠭᠴᠢ ᠨᠢ ᠨᠡᠷ᠎ᠡ ᠪᠢᠴᠢᠬᠦ ᠡᠷᠬᠡ ᠲᠠᠢ᠃ ᠪᠦᠲᠦᠭᠡᠯ ᠴᠤᠭᠯᠠᠭᠤᠯᠵᠤ ᠬᠦᠷᠭᠡᠬᠦ ᠨᠢᠭᠡᠴᠢ ᠪᠤᠶᠤ ᠬᠤᠪᠢ ᠬᠥᠮᠦᠨ᠂ ᠲᠤᠰ ᠡᠯᠰᠡᠨ ᠴᠤᠭᠯᠠᠭᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠳᠦᠷᠢᠮ ᠤᠨ ᠱᠠᠭᠠᠷᠳᠠᠯᠭ᠎ᠠ ᠶᠢ ᠨᠢᠭᠡᠨᠲᠡ ᠨᠤᠲᠠᠯᠠᠭᠰᠠᠨ ᠤ ᠬᠠᠮᠲᠤ ᠵᠢᠷᠤᠮᠯᠠᠭᠰᠠᠨ ᠢᠶᠠᠷ ᠦᠵᠡᠨ᠎ᠡ᠃      ᠵᠢᠷᠭᠤᠭ᠎ᠠ᠂ ᠮᠡᠳᠡᠭᠦᠯᠦᠨ ᠬᠦᠷᠭᠡᠬᠦ ᠱᠠᠭᠠᠷᠳᠠᠯᠭ᠎ᠠ ᠵᠢᠴᠢ ᠠᠷᠭ᠎ᠠ ᠮᠠᠶ᠋ᠢᠭ      ᠵᠣᠬᠢᠶᠠᠯ ᠪᠦᠲᠦᠭᠡᠯ ᠢ ᠮᠡᠳᠡᠭᠦᠯᠦᠨ ᠬᠦᠷᠭᠡᠭᠰᠡᠨ ᠨᠢᠭᠡᠴᠢ ᠪᠤᠶᠤ ᠬᠤᠪᠢ ᠬᠥᠮᠦᠨ ᠨᠡᠷ᠎ᠡ ᠮᠡᠳᠡᠭᠦᠯᠬᠦ ᠬᠦᠰᠦᠨᠦᠭᠲᠦ ᠶᠢ ᠲᠠᠭᠯᠠᠵᠤ᠂ ᠴᠤᠭᠯᠠᠭᠤᠯᠤᠭᠰᠠᠨ ᠪᠦᠲᠦᠭᠡᠯ ᠬᠢᠭᠡᠳ ᠨᠡᠷ᠎ᠡ ᠮᠡᠳᠡᠭᠦᠯᠬᠦ ᠬᠦᠰᠦᠨᠦᠭᠲᠦ ᠶᠢ 1 ᠠᠪᠴᠢᠭᠤᠯᠤᠭᠴᠢ ᠳᠤ ᠪᠠᠭᠯᠠᠵᠤ᠂ ᠪᠣᠭᠤᠳᠠᠯ ᠢ ᠨᠢ ᠪᠣᠭᠤᠨᠢᠰᠬᠠᠪᠠ᠄ ︽ᠪᠦᠲᠦᠭᠡᠯ ᠤᠨ ᠲᠦᠷᠦᠯ ︵ᠵᠠᠷᠯᠠᠯ / ᠣᠬᠤᠷ ᠸᠢᠳᠢᠣ᠋︶ + ᠪᠦᠲᠦᠭᠡᠯ ᠤᠨ ᠭᠠᠷᠴᠠᠭ + ᠮᠡᠳᠡᠭᠦᠯᠦᠨ ᠬᠦᠷᠭᠡᠭᠰᠡᠨ ᠨᠢᠭᠡᠴᠢ / ᠣᠪᠣᠭ ᠨᠡᠷ᠎ᠡ︾᠂ ᠬᠦᠳᠡᠯᠭᠡᠭᠡᠨ ᠤ ᠲᠣᠭᠲᠠᠭᠰᠠᠨ ᠰᠢᠤᠳᠠᠨ ᠬᠠᠶᠢᠷᠴᠠᠭ᠄ xn 18604725980@vip᠂ 126.com᠂ ᠬᠠᠷᠢᠯᠴᠠᠬᠤ ᠤᠲᠠᠰᠤ᠄ 5618539 ᠪᠣᠯᠤᠨ᠎ᠠ᠃ ᠮᠡᠳᠡᠭᠦᠯᠦᠨ ᠬᠦᠷᠭᠡᠬᠦ ᠬᠤᠭᠤᠴᠠᠭ᠎ᠠ ᠶᠢ 2025 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠢᠶᠠᠷ ᠬᠢᠵᠠᠭᠠᠷᠯᠠᠨ᠎ᠠ᠃      ᠳᠣᠯᠤᠭ᠎ᠠ᠂ ᠱᠠᠩᠨᠠᠬᠤ ᠠᠷᠭ᠎ᠠ ᠮᠠᠶ᠋ᠢᠭ      ᠲᠣᠰ ᠤᠳᠠᠭᠠᠨ ᠤ ᠡᠯᠰᠡᠬᠦ ᠠᠵᠢᠯᠯᠠᠭ᠎ᠠ ᠳᠤ ᠲᠣᠰ ᠲᠣᠰ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠢ ᠲᠣᠰ ᠲᠣᠰ ᠲᠣᠬᠢᠷᠠᠭᠤᠯᠪᠠ᠃ ᠭᠤᠣᠯᠯᠠᠨ ᠡᠷᠬᠢᠯᠡᠭᠰᠡᠨ ᠪᠠᠶᠢᠭᠤᠯᠤᠯᠭ᠎ᠠ ᠨᠢ ᠱᠠᠩᠨᠠᠯ ᠣᠯᠤᠭᠰᠠᠨ ᠪᠦᠲᠦᠭᠡᠯ ᠤᠨ ᠵᠣᠬᠢᠶᠠᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠬᠤ ᠶᠢᠨ ᠬᠠᠮᠲᠤ ᠪᠡᠯᠡ ᠮᠥᠩᠭᠦᠨ ᠤ ᠱᠠᠩᠨᠠᠯ ᠣᠯᠭᠤᠨ᠎ᠠ᠃ ᠤᠬᠠᠭᠤᠯᠭ᠎ᠠ ᠶᠢᠨ ᠵᠠᠷᠯᠠᠯ ᠳᠤ ᠨᠢᠭᠡᠳᠦᠭᠡᠷ ᠲᠡᠰ ᠤᠨ ᠱᠠᠩᠨᠠᠯ 1 ᠨᠡᠷᠡᠰ᠂ ᠱᠠᠩᠨᠠᠯ ᠤᠨ ᠮᠥᠩᠭᠦ 2000 ᠲᠥᠭᠦᠷᠢᠭ᠂ ᠬᠤᠶᠠᠳᠤᠭᠠᠷ ᠲᠡᠰ ᠤᠨ ᠱᠠᠩᠨᠠᠯ 5 ᠨᠡᠷᠡᠰ᠂ ᠱᠠᠩᠨᠠᠯ ᠤᠨ ᠮᠥᠩᠭᠦ 1000 ᠲᠥᠭᠦᠷᠢᠭ᠂ ᠭᠤᠷᠪᠠᠳᠤᠭᠠᠷ ᠲᠡᠰ ᠤᠨ ᠱᠠᠩᠨᠠᠯ 10 ᠨᠡᠷᠡᠰ᠂ ᠱᠠᠩᠨᠠᠯ ᠤᠨ ᠮᠥᠩᠭᠦ 500 ᠲᠥᠭᠦᠷᠢᠭ ; ᠤᠬᠠᠭᠤᠯᠭ᠎ᠠ ᠶᠢᠨ ᠣᠬᠤᠷ ᠸᠢᠳᠢᠤ᠋ ᠳᠤ ᠨᠢᠭᠡᠳᠦᠭᠡᠷ ᠲᠡᠰ ᠤᠨ ᠱᠠᠩᠨᠠᠯ 1 ᠨᠡᠷᠡᠰ᠂ 5000 ᠲᠥᠭᠦᠷᠢᠭ ᠤᠨ ᠱᠠᠩᠨᠠᠯ ᠤᠨ ᠮᠥᠩᠭᠦ ᠲᠣᠬᠢᠷᠠᠭᠤᠯᠪᠠ᠂ ᠬᠤᠶᠠᠳᠤᠭᠠᠷ ᠲᠡᠰ ᠤᠨ ᠱᠠᠩᠨᠠᠯ 5 ᠨᠡᠷᠡᠰ᠂ ᠱᠠᠩᠨᠠᠯ ᠤᠨ ᠮᠥᠩᠭᠦ 2000 ᠲᠥᠭᠦᠷᠢᠭ᠂ ᠭᠤᠷᠪᠠᠳᠤᠭᠠᠷ ᠲᠡᠰ ᠤᠨ ᠱᠠᠩᠨᠠᠯ 10 ᠨᠡᠷᠡᠰ᠂ ᠱᠠᠩᠨᠠᠯ ᠤᠨ ᠮᠥᠩᠭᠦ 1000 ᠲᠥᠭᠦᠷᠢᠭ ; ᠰᠢᠯᠢᠳᠡᠭ ᠱᠠᠩᠨᠠᠯ ᠢ ᠲᠣᠰ ᠲᠣᠰ 50 ᠨᠡᠷᠡᠰ᠂ ᠱᠠᠩᠨᠠᠯ ᠢ ᠪᠤᠭᠤᠲᠤ ᠬᠤᠲᠠ ᠶᠢᠨ ᠦᠵᠡᠮᠵᠢ ᠶᠢᠨ ᠣᠷᠣᠨ ᠤ ᠢᠵᠢ ᠪᠢᠯᠧᠲ ᠪᠣᠯᠤᠨ᠎ᠠ᠃ ᠱᠠᠩᠨᠠᠯ ᠣᠯᠤᠭᠰᠠᠨ ᠪᠦᠲᠦᠭᠡᠯ ᠨᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾᠂ ︽ᠪᠥᠬᠦ ᠬᠤᠲᠠ ᠶᠢᠨ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ ᠲᠥᠪᠯᠡᠷᠡᠭᠦᠯᠦᠨ ᠳᠡᠯᠭᠡᠨ ᠦᠵᠡᠭᠦᠯᠵᠦ᠂ ᠪᠥᠬᠦ ᠬᠤᠲᠠ ᠶᠢᠨ ᠬᠡᠪᠴᠢᠶᠡᠨ ᠳᠤ ᠲᠠᠨᠢᠯᠴᠠᠭᠤᠯᠤᠨ ᠬᠡᠷᠡᠭᠯᠡᠬᠦ ᠶᠢᠨ ᠬᠠᠮᠲᠤ ᠰᠢᠯᠢᠳᠡᠭ ᠢ ᠨᠢ ᠰᠣᠩᠭᠤᠵᠤ ᠳᠡᠭᠡᠳᠦ ᠱᠠᠲᠤᠨ ᠳᠤ ᠬᠦᠷᠭᠡᠬᠦ ᠪᠣᠯᠤᠨ᠎ᠠ᠃ ︵ᠱᠠᠩᠨᠠᠯ ᠤᠨ ᠮᠥᠩᠭᠦ ᠠᠴᠠ ᠬᠤᠪᠢ ᠬᠥᠮᠦᠨ ᠤ ᠣᠯᠵᠠᠪᠤᠷᠢ ᠶᠢᠨ ᠭᠠᠶᠢᠯᠢ ᠶᠢ ᠲᠣᠭᠲᠠᠭᠠᠯ ᠶᠣᠰᠣᠭᠠᠷ ᠬᠠᠰᠤᠬᠤ ᠬᠡᠷᠡᠭᠲᠡᠶ︶      ᠨᠠᠢᠮᠠ᠂ ᠪᠤᠰᠤᠳ ᠠᠷᠭ᠎ᠠ ᠮᠠᠶ᠋ᠢᠭ      ︵ᠨᠢᠭᠡ︶ ᠭᠤᠣᠯᠴᠢᠯᠠᠨ ᠡᠷᠭᠢᠯᠡᠭᠰᠡᠨ ᠨᠢᠭᠡᠴᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠠᠵᠢᠯᠯᠠᠭ᠎ᠠ ᠶᠢᠨ ᠴᠠᠭ᠂ ᠰᠢᠯᠭᠠᠷᠠᠭᠤᠯᠬᠤ ᠴᠤᠪᠤᠷᠠᠯ᠂ ᠱᠠᠩᠨᠠᠯ ᠤᠨ ᠵᠦᠢᠯ ᠢ ᠪᠠᠶᠢᠷᠢᠯᠠᠭᠤᠯᠬᠤ ᠵᠡᠷᠭᠡ ᠠᠭᠤᠯᠭ᠎ᠠ ᠳᠤ ᠲᠣᠬᠢᠷᠠᠭᠤᠯᠤᠯᠲᠠ ᠬᠢᠬᠦ ᠶᠢᠨ ᠬᠠᠮᠲᠤ ᠪᠦᠲᠦᠭᠡᠯ ᠴᠤᠭᠯᠠᠭᠤᠯᠤᠭᠰᠠᠨ ᠨᠢᠭᠡᠴᠢ ᠪᠤᠶᠤ ᠬᠤᠪᠢ ᠬᠥᠮᠦᠨ ᠳᠤ ᠴᠠᠭ ᠲᠤᠬᠠᠶ ᠳᠤ ᠨᠢ ᠮᠡᠳᠡᠭᠳᠡᠬᠦ ᠡᠷᠬᠡ ᠲᠠᠢ᠃     ︵ᠬᠤᠶᠠᠷ︶ ᠪᠦᠲᠦᠭᠡᠯ ᠴᠤᠭᠯᠠᠭᠤᠯᠤᠭᠰᠠᠨ ᠨᠢᠭᠡᠴᠢ ᠪᠤᠶᠤ ᠬᠤᠪᠢ ᠬᠦᠮᠦᠨ ᠬᠥᠳᠡᠯᠭᠡᠭᠡᠨ ᠳᠤ ᠤᠷᠤᠯᠴᠠᠬᠤ ᠶᠠᠪᠤᠴᠠ ᠳᠤ ᠪᠤᠢ ᠪᠣᠯᠤᠭᠰᠠᠨ ᠶᠠᠮᠠᠷ ᠴᠤ ᠵᠠᠷᠤᠳᠠᠯ ᠢᠶᠠᠨ ᠥᠪᠡᠷ ᠢᠶᠠᠨ ᠰᠢᠢᠳᠪᠦᠷᠢᠯᠡᠨ᠎ᠡ᠃      ︵ᠭᠤᠷᠪᠠ︶ ᠬᠡᠷᠪᠡ ᠡᠰᠡᠷᠭᠦᠴᠡᠰᠢ ᠦᠭᠡᠢ ᠬᠦᠴᠦᠨ ᠵᠡᠷᠭᠡ ᠬᠦᠴᠦᠨ ᠵᠦᠢᠯ ᠠᠴᠠ ᠪᠣᠯᠵᠤ ᠠᠵᠢᠯᠯᠠᠭ᠎ᠠ ᠶᠢ ᠬᠡᠪ ᠤᠨ ᠪᠠᠶᠢᠳᠠᠯ ᠢᠶᠠᠷ ᠶᠠᠪᠤᠭᠳᠠᠬᠤ ᠶᠢᠨ ᠠᠷᠭ᠎ᠠ ᠦᠭᠡᠢ ᠪᠣᠯᠣᠭᠰᠠᠨ ᠪᠣᠯ ᠠᠵᠢᠯᠯᠠᠭ᠎ᠠ ᠶᠢ ᠭᠤᠣᠯᠯᠠᠨ ᠡᠷᠬᠢᠯᠡᠬᠦ ᠨᠢᠭᠡᠴᠢ ᠶᠠᠮᠠᠷ ᠴᠤ ᠬᠠᠷᠢᠭᠤᠴᠠᠯᠭ᠎ᠠ ᠡᠭᠦᠷᠭᠡᠯᠡᠬᠦ ᠦᠭᠡᠢ᠃      ︵ᠲᠦᠷᠪᠡ︶ ᠠᠵᠢᠯᠯᠠᠭ᠎ᠠ ᠶᠢᠨ ᠡᠴᠦᠰ ᠤᠨ ᠲᠠᠶᠢᠯᠪᠤᠷᠢᠯᠠᠬᠤ ᠡᠷᠬᠡ ᠨᠢ ᠭᠤᠣᠯᠯᠠᠨ ᠡᠷᠬᠢᠯᠡᠭᠰᠡᠨ ᠨᠢᠭᠡᠴᠢ ᠳᠤ ᠥᠮᠴᠢᠯᠡᠭᠳᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号