ᠨᠤᠲᠤᠭ ᠤᠨ ᠦᠯᠢᠭᠡᠷ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠠᠶᠢᠷ᠎ᠠ ᠤᠮᠠᠷᠠᠲᠤ ᠬᠢᠯᠢ ᠳᠤ ᠪᠤᠢ ︾ ᠭᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠠᠩᠬᠠᠨ ᠤ ᠶᠠᠷᠢᠶ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/5/14
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠳᠡᠪᠢᠰᠬᠡᠷ ᠳᠡᠭᠡᠷ᠎ᠡ ᠡᠭᠦᠰᠦᠭᠰᠡᠨ ᠥᠯᠢᠭᠡᠷ ᠢ ᠶᠠᠷᠢᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠣᠯᠵᠤ ᠰᠣᠨᠣᠰᠬᠤ᠂ ᠰᠣᠨᠣᠰᠴᠤ ᠳᠡᠶᠢᠯᠬᠦ᠂ ᠰᠣᠨᠣᠰᠴᠤ ᠣᠶᠢᠯᠠᠭᠠᠬᠤ ᠠᠷᠭ᠎ᠠ ᠮᠠᠶ᠋ᠢᠭ ᠢᠶᠠᠷ ᠤᠬᠠᠭᠤᠯᠤᠨ ᠲᠠᠶᠢᠯᠪᠤᠷᠢᠯᠠᠬᠤ ᠶᠢ ᠥᠷᠭᠡᠨ  ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠥᠮᠦᠨ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠤᠨ᠎ᠠ᠃ 4 ᠳ᠋ᠦ᠋ᠭᠡᠷ ᠰᠠᠷ᠎ᠠ ᠶᠢᠨ 30 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠵᠣᠬᠢᠶᠠᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠠᠶᠢᠷ᠎ᠠ ᠤᠮᠠᠷᠠᠲᠤ ᠬᠢᠯᠢ ᠳᠤ ᠪᠣᠢ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠦᠷᠦ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠠᠩᠬᠠᠨ ᠤ ᠦᠷᠳᠡᠭᠡ ᠶᠢᠨ ᠤᠬᠠᠭᠤᠯᠤᠨ ᠲᠠᠶᠢᠯᠪᠤᠷᠢᠯᠠᠬᠤ ᠵᠢᠴᠢ ᠡᠬᠢᠯᠡᠯᠲᠡ ᠶᠢᠨ ᠶᠣᠰᠣᠯᠠᠯ ᠶᠠᠪᠤᠭᠤᠯᠵᠠᠢ᠃      ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠭᠦᠰᠦᠭᠰᠡᠨ ᠰᠣᠩᠭᠤᠳᠠᠭ ᠦᠯᠢᠭᠡᠷ ᠤᠨ ᠲᠣᠭᠤᠷᠢᠨ ᠳᠤ᠂ ᠴᠢᠩ ᠦᠨᠡᠨᠴᠢ ᠬᠠᠶᠢᠷ᠎ᠠ ᠰᠡᠳᠬᠢᠯᠭᠡ ᠪᠣᠯᠤᠨ ᠪᠣᠷᠣᠭᠵᠢᠭᠤᠨ ᠦᠭᠡ ᠬᠡᠯᠡ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠰᠡᠳᠬᠢᠯ ᠵᠢᠷᠦᠬᠡ ᠶᠢ ᠳᠣᠭᠳᠣᠯᠤᠭᠤᠯᠤᠮ᠎ᠠ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠴᠡᠢ᠃ ᠮᠣᠷᠢᠲᠤ ᠴᠡᠷᠢᠭ ᠤᠨ ᠬᠤᠶᠢᠴᠢ ᠦᠶ᠎ᠡ ᠶᠢᠨ ᠬᠢᠨ ᠢᠦᠶ ᠳ᠋ᠢᠩ ᠵᠦ ᠠᠬᠠᠮᠠᠳ ᠦᠶ᠎ᠡ ᠶᠢᠨ ᠬᠢᠨ ᠤ ᠲᠠᠶᠢᠨ ᠤ ᠣᠨ ᠵᠢᠯ ᠳᠠᠬᠢ ᠪᠠᠭᠠᠲᠤᠷᠯᠢᠭ ᠦᠢᠯᠡ ᠶᠠᠪᠤᠳᠠᠯ ᠢ ᠶᠠᠷᠢᠵᠤ᠂ ᠾᠧᠢ ᠱᠠᠨ ᠤ ᠬᠤᠷᠢᠭᠯᠠᠯᠲᠠ ᠶᠢᠨ ᠳᠠᠶᠢᠯᠠᠯᠳᠤᠭᠠᠨ ᠠᠴᠠ ᠪᠠᠲᠤᠬᠠᠭᠠᠯᠭ᠎ᠠ ᠪᠠᠯᠭᠠᠰᠤᠨ ᠤ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢ ᠢᠯᠡᠷᠡᠭᠦᠯᠵᠦ᠂ ᠮᠣᠷᠢᠲᠤ ᠴᠡᠷᠢᠭ ᠤᠨ ᠵᠣᠷᠢᠭ ᠰᠠᠨᠠᠭ᠎ᠠ ᠳᠤ ᠶᠠᠰᠤ ᠮᠡᠲᠦ ᠦᠨᠡᠨᠴᠢ ᠰᠢᠳᠤᠷᠭᠤ ᠪᠠ ᠠᠶᠤᠬᠤ ᠦᠭᠡᠢ ᠪᠠᠶᠢᠬᠤ ᠶᠢ ᠬᠠᠷᠠᠭᠤᠯᠪᠠ ; ︽ᠤᠯᠤᠰ ᠤᠨ ᠬᠡᠦᠬᠡᠳ︾ ᠴᠠᠭᠠᠨ ᠴᠢᠯᠠᠭᠤ ᠥᠪᠡᠷ ᠤᠨ ᠲᠠᠯ᠎ᠠ ᠨᠤᠲᠤᠭ ᠤᠨ ᠦᠰᠦᠨ ᠪᠤᠶᠢᠵᠢᠭᠰᠠᠨ ᠥᠩᠭᠡᠷᠡᠯᠲᠡ  ᠪᠠᠨ ᠬᠤᠪᠢᠶᠠᠯᠴᠠᠵᠤ᠂ ᠲᠠᠯ᠎ᠠ ᠨᠤᠲᠤᠭ ᠤᠨ ᠠᠪᠤ ᠡᠵᠢ ᠶᠢᠨ ᠢᠶᠠᠨ ᠭᠤᠶᠠᠴᠢ ᠦᠭᠡᠢ ᠬᠠᠶᠢᠷ᠎ᠠ ᠬᠠᠯᠠᠮᠵᠢ ᠪᠠ ᠥᠪᠡᠷ ᠤᠨ ᠨᠡᠶᠢᠭᠡᠮ ᠳᠤ ᠠᠴᠢ ᠬᠠᠷᠢᠭᠤᠯᠤᠭᠰᠠᠨ ᠡᠷᠡᠰ ᠪᠠᠲᠤ ᠢᠲᠡᠭᠡᠯ ᠵᠣᠷᠢᠭ ᠢᠶᠠᠨ ᠭᠦᠨ ᠰᠡᠳᠬᠢᠯᠭᠡ ᠲᠠᠢ ᠪᠠᠷ ᠲᠣᠭᠠᠴᠢᠪᠠ ; ᠭᠠᠪᠣᠷᠴᠡᠴᠡᠭ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠮᠠᠯᠴᠢᠳ ᠤᠨ ᠤᠯᠤᠰ ᠤᠨ ᠪᠦᠳᠦᠭᠡᠨ ᠪᠠᠶᠢᠭᠤᠯᠤᠯᠲᠠ ᠶᠢ ᠳᠡᠮᠵᠢᠭᠰᠡᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠤᠯᠤᠰ ᠣᠷᠣᠨ ᠯᠤᠭ᠎ᠠ ᠶᠢᠨ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠦᠨᠡᠨᠴᠢ ᠰᠢᠳᠤᠷᠭᠤ ᠶᠢ ᠢᠯᠡᠷᠡᠭᠦᠯᠪᠡ᠃      ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠣᠯᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠃ ᠲᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠮᠤᠷᠢᠳᠦ ᠴᠡᠷᠢᠭ ᠤᠨ ᠬᠤᠶᠢᠴᠢ ᠦᠶ᠎ᠡ ᠶᠢᠨ ᠬᠢᠨ ᠤ ᠠᠪᠴᠢᠷᠠᠭᠰᠠᠨ ︽ᠮᠤᠷᠢᠳᠦ ᠴᠡᠷᠢᠭ ᠤᠨ ᠢᠷᠠᠭᠤ ᠠᠯᠳᠠᠷ ᠢ ᠦᠶ᠎ᠡ ᠦᠶ᠎ᠡ ᠳᠤ ᠤᠯᠠᠮᠵᠢᠯᠠᠬᠤ︾᠂ ᠬᠠᠩᠭᠢᠨᠠᠮ᠎ᠠ ᠬᠦᠭᠵᠢᠮ ᠪᠠ ᠬᠦᠭᠵᠢᠶᠡᠨᠳᠦ ᠪᠦᠵᠢᠭ ᠢᠶᠠᠷ᠂ ᠦᠵᠡᠭᠴᠢᠳ ᠢ ᠲᠠᠭᠠᠭᠤᠯᠤᠨ ᠠᠯᠲᠠᠨ ᠭᠤᠷᠭᠤᠤᠯᠳᠤ ᠮᠤᠷᠢ ᠤᠷᠤᠯᠳᠤᠬᠰᠠᠨ ᠦᠶ᠎ᠡ ᠶᠢ ᠲᠠᠬᠢᠨ ᠡᠷᠬᠢᠴᠡᠬᠦᠯᠪᠡ ; ︽ᠤᠯᠤᠰ ᠤᠨ ᠬᠡᠤᠬᠡᠳ︾ ᠤᠨ ᠲᠦᠯᠦᠬᠡᠯᠡᠭᠴᠢ ᠶᠢᠨ ᠲᠠᠭᠤᠯᠠᠭᠰᠠᠨ ︽ᠪᠢ  ᠪᠠᠰᠠ ᠲᠠᠯ᠎ᠠ ᠨᠤᠳᠤᠭ ᠤᠨ ᠬᠡᠦᠭᠡᠳ︾ ᠭᠡᠬᠦ ᠳᠠᠭᠤᠤ ᠨᠢ ᠬᠦᠨ ᠰᠡᠳᠬᠢᠯᠬᠡ ᠲᠠᠢ᠂ ᠴᠢᠰᠤ ᠮᠢᠬᠠᠨ ᠤ ᠬᠠᠯᠠᠭᠤᠨ ᠲᠤᠯᠠᠭᠠᠨ ᠢ ᠲᠠᠮᠵᠢᠭᠤᠯᠵᠦ ᠪᠠᠶᠢᠯ᠎ᠠ᠃ ᠡᠳᠡᠭᠡᠷ ᠲᠣᠭᠯᠠᠯᠲᠠ ᠨᠢ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ ᠦᠨᠳᠦᠰᠦᠲᠡᠨ ᠤ ᠪᠥᠯᠬᠦᠮᠳᠡᠯ ᠤᠨ ᠵᠣᠷᠢᠭ ᠰᠠᠨᠠᠭ᠎ᠠ ᠶᠢ ᠤᠷᠠᠯᠢᠭ ᠤᠨ ᠬᠡᠯᠪᠡᠷᠢ ᠪᠠᠷ ᠳᠡᠭᠡᠭᠰᠢᠯᠡᠭᠦᠯᠵᠡᠶ᠃      ᠠᠵᠢᠯᠯᠠᠭ᠎ᠠ ᠶᠢᠨ ᠳᠤᠮᠳᠠ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠡᠬᠡ ᠤᠯᠤᠰ ᠲᠤ ᠪᠠᠨ ᠬᠠᠶᠢᠷᠠᠲᠠᠶ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠪᠣᠯᠤᠨ ︽ᠬᠠᠶᠢᠷ᠎ᠠ ᠨᠢ ᠤᠮᠠᠷᠠᠲᠤ ᠬᠢᠯᠢ ᠳᠤ ᠪᠤᠢ︾ ᠭᠡᠬᠦ ᠰᠦᠯᠵᠢᠶᠡᠨ ᠤ ᠬᠥᠮᠦᠰ ᠤᠨ ᠶᠠᠷᠢᠶᠠᠨ ᠤ ᠲᠠᠷᠬᠠᠨ ᠮᠤᠤᠮᠢᠩᠭᠠᠨ ᠤ ᠤᠬᠠᠭᠤᠯᠬᠤ ᠠᠩᠭᠢ ᠶᠢᠨ ᠭᠡᠰᠢᠭᠦᠳ ᠲᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠨᠢ ᠲᠡᠳᠡᠨ ᠤ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠤᠯᠠᠮᠵᠢᠯᠠᠬᠤ ᠬᠦᠨᠳᠦ ᠡᠭᠦᠷᠭᠡ ᠶᠢ ᠵᠢᠩᠬᠢᠨᠢ ᠪᠠᠷ ᠡᠭᠦᠷᠭᠡᠯᠡᠭᠰᠡᠨ ᠢ ᠬᠠᠷᠠᠭᠤᠯᠵᠤ ᠪᠠᠶᠢᠨ᠎ᠠ᠃ ᠡᠨᠡ ᠪᠣᠯ ᠢᠷᠠᠭᠤ ᠠᠯᠳᠠᠷ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡᠨ ᠬᠦᠨᠳᠦ ᠬᠠᠷᠢᠭᠤᠴᠠᠯᠭ᠎ᠠ ᠮᠥᠨ᠂ ᠡᠨᠡ ᠨᠢ ᠲᠡᠳᠡᠨ ᠤ ᠢᠷᠡᠭᠡᠳᠦᠶ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠳᠤᠮᠳᠠ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠬᠤ ᠶᠢ ᠵᠣᠷᠢᠭᠵᠢᠭᠤᠯᠵᠤ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠪᠠᠶᠠᠨ ᠪᠠᠶᠠᠨ᠋ᠣ᠋ᠪᠣᠭ᠎ᠠ ᠰᠤᠮᠤᠨ ᠤ ᠪᠠᠶᠠᠨᠬᠤᠸᠠ ᠭᠠᠴᠠᠭᠠᠨ ᠤ ︽ᠤᠯᠤᠰ ᠤᠨ ᠬᠡᠦᠬᠡᠳ︾ ᠭᠡᠬᠦ ᠬᠤᠶᠠᠳᠤᠭᠠᠷ ᠦᠶ᠎ᠡ ᠶᠢᠨ ᠭᠠᠪᠤᠷᠴᠡᠴᠡᠭ᠄ ︽ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠪᠣᠯᠬᠤ ᠨᠢ ᠨᠢᠭᠡ ᠵᠦᠢᠯ ᠤᠨ ᠠᠵᠠ ᠵᠢᠷᠭᠠᠯ ᠮᠥᠨ᠂ ᠨᠡᠩ ᠴᠤ ᠨᠢᠭᠡ ᠵᠦᠢᠯ ᠤᠨ ᠬᠠᠷᠢᠭᠤᠴᠠᠯᠭ᠎ᠠ ᠮᠥᠨ᠂ ᠳᠠᠷᠠᠭᠠᠴᠢ ᠶᠢᠨ ᠠᠯᠬᠤᠮ ᠳᠤ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠲᠠᠷᠬᠠᠨ ᠮᠤᠤᠮᠢᠩᠭᠠᠨ ᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠡᠦᠬᠡ ᠪᠠᠨ ᠪᠠᠲᠤ ᠴᠡᠭᠡᠵᠢᠯᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠤᠷᠤᠭᠰᠢᠯᠠᠬᠤ ᠶᠢ ᠵᠣᠷᠢᠭᠵᠢᠭᠤᠯᠤᠨ᠎ᠠ︾ ᠭᠡᠵᠦ ᠬᠡᠯᠡᠪᠡ᠃      ︽ᠨᠤᠲᠤᠭ ᠣᠷᠣᠨ ᠳᠤ ᠪᠠᠨ ᠲᠦᠷᠦᠵᠦ ᠦᠰᠦᠭᠰᠡᠨ ᠳᠠᠷᠬᠠᠨ ᠮᠤᠤᠮᠢᠩᠭᠠᠨ ᠬᠤᠰᠢᠭᠤᠨ ᠤ ᠬᠥᠮᠦᠨ᠂ ᠬᠤᠪᠢ ᠶᠢᠨ ᠵᠠᠭᠤᠴᠢᠯᠠᠭᠤᠷ ᠤᠨ ᠬᠥᠮᠦᠨ ᠪᠣᠯᠤᠭᠰᠠᠨ ᠤ ᠬᠤᠪᠢ ᠳᠤ᠂ ᠪᠢᠳᠡ ᠨᠤᠲᠤᠭ ᠤᠰᠤ ᠪᠠᠨ ᠤᠬᠠᠭᠤᠯᠬᠤ ᠡᠭᠦᠷᠭᠡ ᠲᠠᠢ᠂ ᠨᠡᠩ ᠤᠯᠠᠨ ᠬᠥᠮᠦᠨ ᠳᠤ ᠮᠠᠨ ᠤ ᠨᠤᠲᠤᠭ ᠤᠰᠤ ᠪᠠᠨ ᠮᠡᠳᠡᠭᠦᠯᠵᠦ᠂ ᠨᠤᠲᠤᠭ ᠤᠰᠤ ᠪᠠᠨ ᠣᠶᠢᠯᠠᠭᠠᠭᠤᠯᠤᠨ᠎ᠠ᠃︾ ᠭᠡᠵᠦ ︽ᠬᠠᠶᠢᠷ᠎ᠠ ᠤᠮᠠᠷᠠᠲᠤ ᠬᠢᠯᠢ ᠳᠤ ᠪᠣᠢ︾ ᠭᠡᠬᠦ ᠲᠣᠣᠷ ᠰᠦᠯᠵᠢᠶᠡᠨ ᠤ ᠲᠤᠬᠠᠢ ᠶᠠᠷᠢᠶ᠎ᠠ ᠳᠠᠷᠬᠠᠨ ᠮᠣᠣᠮᠢᠩᠭᠠᠨ ᠤ ᠤᠬᠠᠭᠤᠯᠬᠤ ᠠᠩᠬᠢ ᠶᠢᠨ ᠭᠡᠰᠢᠭᠦᠨ ᠯᠢᠦ ᠱᠤᠤ ᠯᠤᠩ ︵ᠪᠠᠭ᠎ᠠ ᠰᠢ ᠲᠠᠨ ᠬᠥ᠋ ᠶᠢᠨ ᠶᠡᠷᠦᠩᠬᠡᠢ ᠳᠠᠭᠠᠭᠠᠮᠠᠯ︶ ᠬᠡᠯᠡᠪᠡ᠃      ᠪᠠᠲᠤᠬᠠᠭᠠᠯᠭ᠎ᠠ ᠪᠠᠯᠭᠠᠰᠤᠨ ᠤ ᠳᠤᠯᠠᠭᠠᠨ ᠭᠡᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠡᠯᠡᠩᠬᠡ ᠠᠴᠠ᠂ ᠤᠬᠠᠭᠤᠯᠤᠨ ᠲᠠᠶᠢᠯᠪᠤᠷᠢᠯᠠᠬᠤ ᠪᠡᠯᠡᠳᠬᠡᠯ ᠠᠵᠢᠯ ᠢ ᠰᠣᠨᠣᠰᠴᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠡᠶᠢᠭᠡᠮ ᠲᠣᠭᠤᠷᠢᠭ ᠤᠨ ᠳᠣᠲᠣᠷᠠᠬᠢ ᠦᠨᠳᠦᠰᠦᠲᠡᠨ ᠨᠦᠭᠦᠳ ᠤᠨ ᠰᠡᠳᠬᠢᠯ ᠬᠥᠳᠡᠯᠭᠡᠮ᠎ᠡ ᠦᠯᠢᠭᠡᠷ ᠢ ᠠᠭᠤᠳᠠᠯᠵᠤ᠂ ᠰᠠᠭᠤᠭᠠᠯᠢ ᠠᠷᠠᠳ ᠤᠨ ᠳᠤᠮᠳᠠᠬᠢ ᠲᠥᠯᠥᠭᠡᠯᠡᠬᠦ ᠴᠢᠨᠠᠷᠲᠠᠢ ᠬᠥᠮᠦᠰ ᠢ ᠤᠷᠢᠵᠤ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠭᠤᠯᠵᠤ᠂ ᠡᠯᠪᠡᠭ ᠪᠠᠶᠠᠯᠢᠭ ᠤᠯᠠᠨ ᠶᠠᠩᠵᠤ ᠶᠢᠨ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠡᠳᠦᠷ ᠳᠤᠳᠤᠮ ᠤᠨ ᠨᠡᠶᠢᠭᠡᠮ ᠲᠣᠭᠤᠷᠢᠭ ᠤᠨ ᠠᠵᠢᠯ ᠳᠤ ᠠᠭᠤᠰᠤᠯᠴᠠᠭᠤᠯᠤᠨ᠎ᠠ᠃      ︽ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ ᠪᠠᠷᠠᠭᠰᠠᠨ ᠤ ᠳᠠᠷᠠᠭ᠎ᠠ᠂ ᠪᠢ ᠥᠪᠡᠷ ᠤᠨ ᠬᠠᠷᠢᠭᠤᠴᠠᠯᠭ᠎ᠠ ᠪᠠ ᠡᠭᠦᠷᠭᠡ ᠪᠠᠨ ᠨᠠᠩ ᠲᠣᠳᠣᠷᠬᠠᠶ ᠪᠣᠯᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠢᠳᠡᠪᠬᠢᠲᠡᠶ ᠪᠠᠷ ᠤᠯᠠᠮᠵᠢᠯᠠᠨ᠎ᠠ᠃ ᠦᠨᠳᠦᠰᠦᠲᠡᠨ ᠨᠦᠭᠦᠳ ᠤᠨ ᠰᠣᠶᠣᠯ ᠵᠠᠩ ᠳᠠᠳᠬᠠᠯ ᠢ ᠬᠦᠨᠳᠦᠳᠬᠡᠵᠦ᠂ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠤᠨ᠂ ᠦᠨᠳᠦᠰᠦᠲᠡᠨ ᠨᠦᠭᠦᠳ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠥᠪᠡᠷ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾ ᠭᠡᠵᠦ ᠪᠣᠭᠤᠳᠤ ᠶᠢᠨ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ᠤᠨ ᠳᠡᠳ᠋ ᠡᠷᠬᠢᠯᠡᠭᠴᠢ ᠯᠢᠦ ᠵᠢᠶᠤᠤ ᠬᠡᠯᠡᠪᠡ᠃      ᠣᠶᠢᠯᠠᠭᠠᠭᠰᠠᠨ ᠢᠶᠠᠷ᠂ ︽ᠬᠠᠶᠢᠷ᠎ᠠ ᠤᠮᠠᠷᠠᠲᠤ ᠬᠢᠯᠢ ᠳᠤ ᠪᠣᠢ︾ ᠭᠡᠬᠦ ᠦᠵᠡᠯ ᠰᠠᠨᠠᠭ᠎ᠠ ᠤᠯᠤᠰ ᠲᠥᠷᠥ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠦᠷᠭᠦᠯᠵᠢᠯᠡᠨ ᠱᠠᠲᠤ ᠬᠤᠪᠢᠶᠠᠨ ᠠᠳᠠᠯᠢ ᠪᠤᠰᠤ ᠬᠥᠮᠦᠰ ᠲᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠦᠨ᠎ᠡ᠃ 5 ᠳ᠋ᠤᠭᠠᠷ ᠰᠠᠷ᠎ᠠ ᠳᠤ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠪᠠ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠪᠠ ; 6 ᠳ᠋ᠤᠭᠠᠷ ᠰᠠᠷ᠎ᠠ ᠳᠤ ᠠᠵᠤ ᠠᠬᠤᠶᠢᠯᠠᠯ᠂ ᠨᠡᠶᠢᠭᠡᠮ ᠤᠨ ᠪᠦᠯᠬᠦᠮᠳᠡᠯ ᠳᠤ ᠭᠦᠨᠵᠡᠭᠡᠶᠢᠷᠡᠨ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠳᠠᠮᠵᠢᠭᠤᠯᠪᠠ ; 7 ᠳ᠋ᠤᠭᠠᠷ ᠰᠠᠷ᠎ᠠ ᠳᠤ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ᠂ ᠦᠨᠳᠦᠰᠦᠨ ᠱᠠᠲᠤᠨ ᠤ ᠣᠯᠠᠨ ᠲᠦᠮᠡᠨ ᠤ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ ; 8 ᠳ᠋ᠤᠭᠠᠷ ᠰᠠᠷ᠎ᠠ ᠳᠤ ᠪᠠᠶᠢᠭᠤᠯᠭ᠎ᠠ ᠨᠢᠭᠡᠴᠢ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠪᠦᠦ ᠴᠦᠨ᠂ ︽ᠬᠠᠶᠢᠷ᠎ᠠ ᠤᠮᠠᠷᠠᠲᠤ ᠬᠢᠯᠢ ᠳᠤ ᠪᠣᠢ︾ ᠭᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠦᠵᠡᠯ ᠰᠠᠨᠠᠭ᠎ᠠ ᠤᠯᠤᠰ ᠲᠥᠷᠥ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠣᠯ ᠳᠠᠷᠤᠶ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠳᠤ ᠰᠢᠨ᠎ᠡ ᠲᠠᠪᠴᠠᠩ ᠪᠠᠶᠢᠭᠤᠯᠵᠤ ᠥᠭᠬᠦ ᠶᠠᠪᠤᠳᠠᠯ ᠪᠣᠯᠤᠨ᠎ᠠ᠃ ︽ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠬᠦ ᠪᠠᠷ ᠳᠠᠮᠵᠢᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠶᠠᠷᠢᠵᠤ᠂ ︿ᠨᠠᠮ ᠤᠨ ᠪᠠᠶᠢᠭᠤᠯᠤᠯᠲᠠ + ᠪᠠᠲᠤ ᠴᠣᠭᠴᠠᠯᠠᠬᠤ + ᠣᠯᠠᠨ ᠲᠦᠮᠡᠨ﹀ ᠭᠡᠬᠦ ᠠᠵᠢᠯ ᠤᠨ ᠮᠣᠳᠧᠯ ᠢᠶᠠᠷ ᠤᠮᠠᠷᠠᠲᠤ ᠬᠢᠯᠢ ᠶᠢᠨ ᠦᠨᠳᠦᠰᠦᠲᠡᠨ ᠨᠦᠭᠦᠳ  ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︿ᠲᠠᠪᠤ ᠶᠢ ᠮᠡᠳᠡᠷᠡᠬᠦ﹀ ︿ᠳᠥᠷᠪᠡ ᠶᠢ ᠬᠠᠮᠲᠤᠳᠬᠠᠬᠤ﹀ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠶ ᠲᠠᠨᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦ ᠰᠤᠳᠠᠰᠤ ᠪᠠᠨ ᠬᠠᠮᠲᠤᠳᠬᠠᠬᠤ ᠰᠢᠯᠢᠳᠡᠭ ᠤᠯᠠᠮᠵᠢᠯᠠᠯ ᠢᠶᠠᠨ ᠪᠠᠷᠢᠮᠲᠠᠯᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠶ︾ ᠭᠡᠵᠦ ᠯᠢ ᠪᠣᠤ ᠴᠦᠨ‌‍ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号