5 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ | ᠨᠠᠶᠢᠳᠠᠯᠭ᠎ᠠ ᠪᠠᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ | ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 168 ᠳ᠋ᠤᠭᠠᠷ ᠬᠤᠷᠠᠯ ᠵᠢᠴᠢ ᠬᠤᠰᠢᠭᠤᠨ ᠤ | ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ | ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ | ᠪᠣᠯᠤᠨ ᠶᠡᠷᠦᠩᠬᠡᠶ ᠭᠤᠣᠯ ᠮᠥᠷᠡᠨ ᠨᠠᠭᠤᠷ ᠤᠨ ᠴᠥᠬᠦᠷᠥᠮ ᠳᠠᠷᠤᠭ᠎ᠠ᠂ ᠶᠡᠷᠦᠩᠬᠡᠶ ᠣᠢ ᠰᠢᠭᠤᠢ ᠶᠢᠨ ᠳᠠᠷᠤᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠬᠤᠯᠪᠣᠭᠳᠠᠯ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠥ᠂ ᠠᠵᠤ ᠠᠬᠤᠢ ᠶᠢᠨ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ ᠬᠤᠶᠠᠷ ᠭᠤᠣᠯᠯᠠᠭᠴᠢ ᠠᠵᠤ ᠦᠢᠯᠡᠰ ᠢᠶᠠᠷ ᠭᠤᠣᠯᠳᠠᠭᠤᠯᠵᠤ᠂ ᠬᠦᠴᠦᠨ ᠢᠶᠠᠨ ᠲᠥᠪᠯᠡᠷᠡᠭᠦᠯᠦᠨ | ᠰᠢᠨ᠎ᠡ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠠᠳ ᠤᠨ ᠠᠮᠢᠳᠤᠷᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠬᠢᠯᠢ ᠬᠢᠵᠠᠭᠠᠷ ᠢ ᠬᠥᠭᠵᠢᠭᠦᠯᠵᠦ ᠠᠷᠠᠳ ᠢ | ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠪᠠ ᠭᠤᠣᠯᠳᠠᠯᠭ᠎ᠠ ᠲᠠᠢ | ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠬᠦᠴᠦᠯᠡᠨ ᠰᠠᠶᠢᠲᠤᠷ ᠬᠢᠵᠦ᠂ | ᠣᠳᠣᠬᠠᠨ ᠤ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ | ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠨᠢᠭᠡᠳᠦᠮᠡᠯ ᠹᠷᠣᠨᠲ ᠤᠨ ᠠᠵᠢᠯ ᠪᠠ ᠱᠠᠰᠢᠨ ᠰᠤᠷᠲᠠᠬᠤᠨ ᠤ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠥᠭᠵᠢᠯᠲᠡ ᠳᠤ | ᠦᠨᠡᠨᠬᠦ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ « | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠤᠯᠤᠰ ᠲᠦᠷᠦ ᠶᠢᠨ ᠬᠢᠨᠠᠯᠲᠠ ᠲᠠᠯᠪᠢᠬᠤ | ᠠᠵᠢᠯ ᠥᠷᠨᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ » ᠶᠢ ᠨᠠᠷᠢᠨ ᠬᠢᠨᠠᠮᠠᠭᠠᠢ ᠰᠤᠷᠤᠯᠴᠠᠨ ᠳᠣᠭᠤᠰᠢᠯᠠᠭᠤᠯᠵᠤ | ᠂ ᠤᠯᠤᠯᠴᠠᠨ ᠵᠥᠪᠳᠡᠯᠴᠡᠬᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ᠂ ᠰᠦᠪᠡᠭᠴᠢ ᠶᠢ ᠰᠢᠯᠵᠢᠭᠦᠯᠦᠨ | ᠲᠤᠰᠢᠶᠠᠬᠤ᠂ ᠠᠵᠢᠯ ᠢᠶᠠᠨ ᠬᠠᠮᠵᠢᠯᠴᠠᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠵᠡᠷᠭᠡ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠰᠦᠨ ᠱᠣᠤ ᠴᠧᠩ ᠱᠦᠵᠢ ᠶᠢᠨ ᠰᠢᠶᠠᠨ ᠤ ᠬᠡᠪᠴᠢᠶᠡᠨ ᠤ ᠠᠵᠤ ᠠᠬᠤᠶ ᠶᠢᠨ | ᠬᠥᠭᠵᠢᠯᠲᠡ ᠶᠢᠨ ᠲᠤᠬᠠᠶ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠵᠤ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠳᠤᠲᠠᠭᠤᠳᠠᠯ | ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ « ᠲᠠᠰᠢᠭᠤᠷ ᠡᠷᠭᠦᠬᠦ ᠥᠬᠡᠶ ᠪᠠᠷ ᠥᠪᠡᠷ ᠢᠶᠠᠨ | ᠴᠢᠷᠮᠠᠶᠢᠬᠤ » ᠡᠷᠴᠢ ᠵᠣᠷᠢᠭ ᠢ ᠶᠡᠬᠡᠪᠡᠷ ᠪᠠᠳᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠪᠣᠳᠠᠲᠠᠶ ᠠᠳᠬᠤᠵᠤ᠂ ᠳᠡᠭᠡᠷ᠎ᠡ | ᠬᠠᠭᠠᠰ ᠵᠢᠯ ᠤᠨ « ᠬᠤᠶᠠᠷ ᠢ ᠬᠠᠭᠠᠰ ᠢᠶᠠᠷ ᠥᠩᠭᠡᠷᠡᠭᠦᠯᠬᠦ » ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠵᠢᠴᠢ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠪᠴᠢᠶᠡᠵᠢᠭᠰᠡᠨ ᠴᠢᠨᠠᠷᠲᠠᠢ ᠲᠠᠬᠢᠨ | ᠶᠠᠳᠠᠭᠤᠷᠠᠵᠤ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠭᠡᠯ ᠢ ᠨᠡᠩ ᠰᠠᠶᠢᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠭᠤᠷᠢ ᠶᠢ ᠨᠡᠩ ᠭᠡᠷᠡᠯ ᠰᠠᠴᠤᠷᠠᠭᠤᠯᠤᠨ᠎ᠠ ᠭᠡᠵᠦ ᠴᠢᠬᠤᠯᠠᠴᠢᠯᠠᠪᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠰᠠᠶᠢᠲᠤᠷ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠲᠣᠳᠣᠷᠬᠠᠶᠢᠯᠠᠵᠤ᠂ ᠪᠣᠳᠠᠲᠠᠢ ᠳᠤ ᠬᠦᠷᠲᠡᠯ᠎ᠡ | ᠨᠠᠶᠢᠳᠠᠪᠤᠷᠢᠵᠢᠭᠤᠯᠵᠤ᠂ ᠤᠰᠤ ᠶᠢ ᠵᠠᠰᠠᠬᠤ ᠬᠥᠮᠦᠨ ᠲᠠᠢ᠂ ᠤᠢ ᠰᠢᠭᠤᠢ ᠶᠢ ᠬᠠᠮᠠᠭᠠᠯᠠᠬᠤ ᠬᠥᠮᠦᠨ ᠲᠠᠢ ᠪᠠᠶᠢᠯᠭᠠᠬᠤ | ᠬᠡᠷᠡᠭᠳᠡᠢ᠃ | ᠬᠤᠷᠠᠯ ᠠᠴᠠ ᠨᠠᠮ ᠤᠨ ᠰᠤᠷᠭᠠᠭᠤᠯᠢ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | 2025 ᠣᠨ ᠤ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷ ᠤᠨ ᠪᠣᠯᠪᠠᠰᠤᠷᠠᠭᠤᠯᠤᠯ ᠬᠥᠮᠦᠵᠢᠯ᠂ ᠣᠯᠠᠨ | ᠲᠦᠮᠡᠨ ᠤ ᠪᠦᠯᠬᠦᠮ ᠤᠨ ᠡᠬᠢ ᠪᠠᠶᠠᠯᠢᠭ ᠢ ᠨᠢᠭᠡᠳᠬᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠪᠥᠬᠦ ᠬᠤᠰᠢᠭᠤᠨ ᠤ | ᠴᠢᠨᠠᠷ ᠰᠠᠶᠢᠲᠠᠶ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ « ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2025 ᠣᠨ ᠤ < ᠡᠪᠠᠰᠤᠨ ᠤ ᠪᠢᠯᠧᠲ > ᠤᠨ > | < ᠡᠪᠠᠰᠤᠨ ᠤ ᠪᠢᠯᠧᠲ >ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ » ᠢ ᠬᠢᠨᠠᠨ ᠵᠥᠪᠯᠡᠵᠦ ᠪᠠᠲᠤᠯᠠᠪᠠ᠃> | < ᠡᠪᠠᠰᠤᠨ ᠤ ᠪᠢᠯᠧᠲ > ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃> | < ᠡᠪᠠᠰᠤᠨ ᠤ ᠪᠢᠯᠧᠲ > > |