ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠵᠢᠭᠤᠯᠴᠢᠯᠠᠯ ᠢᠶᠠᠷ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠨᠠᠷᠠᠲᠤ ᠲᠡᠮᠳᠡᠭᠲᠦ IP ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/5/14
      ᠨᠢᠭᠡ ᠳᠤ᠂ ᠤᠷᠤᠯᠳᠤᠭᠠᠨ ᠢᠶᠠᠷ « ᠭᠤᠷᠪᠠᠨ ᠬᠠᠷᠢᠯᠴᠠᠭ᠎ᠠ» ᠶᠢ ᠠᠬᠢᠭᠤᠯᠪᠠ᠃ « ᠭᠠᠴᠠᠭᠠᠨ ᠤ ᠰᠢᠭᠰᠢᠶ᠎ᠡ » ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠤ ᠨᠠᠷᠠᠲᠤ ᠲᠡᠮᠳᠡᠭ ᠤᠨ ᠠᠵᠢᠯᠯᠠᠭ᠎ᠠ ᠶᠢ ᠥᠷᠨᠢᠭᠦᠯᠵᠦ᠂ « ᠮᠣᠷᠢ » ᠪᠠᠷ ᠵᠠᠭᠤᠴᠢ ᠪᠣᠯᠭᠠᠨ᠂ ᠪᠡᠶ᠎ᠡ ᠶᠢᠨ ᠲᠠᠮᠢᠷ᠂ ᠰᠣᠶᠣᠯ᠂ ᠪᠡᠶᠡᠴᠢᠯᠡᠨ ᠣᠶᠢᠯᠠᠭᠠᠬᠤ ᠶᠢ ᠠᠭᠤᠰᠤᠯᠴᠠᠭᠤᠯᠵᠤ᠂ ᠤᠷᠢᠳ ᠬᠤᠵᠢᠳ « ᠭᠠᠴᠠᠭᠠᠨ ᠤ ᠰᠢᠭᠰᠢᠶ᠎ᠡ » ᠮᠣᠷᠢᠨ ᠤᠷᠤᠯᠳᠤᠭᠠᠨ ᠤ ᠡᠩ ᠤᠨ ᠤᠷᠤᠯᠳᠤᠭᠠᠨ 12 ᠲᠥᠷᠥᠯ 38 ᠳᠤᠭᠤᠶᠢᠯᠠᠩ ᠶᠠᠪᠤᠭᠳᠠᠭᠤᠯᠵᠤ᠂ 200 ᠰᠢᠬᠠᠮ ᠮᠣᠷᠢ ᠤᠷᠤᠯᠳᠤᠭᠠᠨ ᠳᠤ ᠣᠷᠣᠯᠴᠠᠵᠠᠶ᠂ ᠡᠭᠦᠨ ᠠᠴᠠ ᠭᠠᠳᠠᠨ᠎ᠠ ᠪᠠᠰᠠ 8 ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠪᠥᠬᠡ ᠶᠢᠨ ᠤᠷᠤᠯᠳᠤᠭᠠᠨ᠂ « ᠠᠪᠤᠨ ᠪᠠᠨ ᠳᠣᠣᠷ᠎ᠠ ᠠᠮᠵᠢᠯᠳᠡ ᠣᠯᠬᠤ » ᠳᠡᠭᠡᠰᠦ ᠲᠠᠲᠠᠬᠤ ᠥᠷᠢᠰᠥᠯᠳᠦᠭᠡᠨ᠂ ᠨᠢᠳᠤᠷᠭᠠᠨ ᠲᠡᠮᠡᠴᠡᠭᠡᠨ᠂ ᠭᠠᠷ ᠤᠲᠠᠰᠤ ᠪᠠᠷ ᠮᠣᠷᠢ ᠤᠷᠤᠯᠳᠤᠬᠤ ᠵᠡᠷᠭᠡ ᠰᠣᠶᠣᠯ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ 12 ᠲᠠᠯᠠᠪᠤᠷ ᠤᠳᠠᠭ᠎ᠠ ᠲᠣᠬᠢᠷᠠᠭᠤᠯᠵᠤ᠂ ᠤᠷᠤᠯᠳᠤᠭᠠᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠰᠣᠶᠣᠯ ᠤᠨ ᠰᠣᠯᠢᠯᠴᠠᠭᠠᠨ ᠤ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠥ᠂ ᠤᠷᠤᠯᠳᠤᠭᠠᠨ ᠢ ᠣᠷᠣᠨ ᠪᠦᠰᠡ ᠠᠯᠤᠰᠯᠠᠭᠰᠠᠨ ᠶᠠᠷᠢᠯᠴᠠᠭᠠᠨ ᠤ ᠲᠠᠪᠴᠠᠩ ᠪᠣᠯᠭᠠᠨ ᠥᠷᠭᠡᠳᠬᠡᠵᠦ᠂ ᠵᠢᠭᠤᠯᠴᠢᠯᠠᠯ ᠢ ᠭᠦᠨᠵᠡᠭᠡᠶᠢᠷᠡᠭᠦᠯᠦᠨ « ᠭᠤᠷᠪᠠᠨ ᠬᠠᠷᠢᠯᠴᠠᠭ᠎ᠠ» ᠶᠢ ᠠᠬᠢᠭᠤᠯᠬᠤ ᠦᠢᠯᠡᠳᠥᠯᠭᠡ ᠶᠢᠨ ᠠᠭᠤᠯᠬᠤᠨ ᠢ ᠬᠦᠨᠵᠡᠭᠡᠶᠢᠷᠡᠭᠦᠯᠪᠠ᠃ ᠬᠤᠶᠠᠷ ᠲᠤ᠂ ᠵᠢᠭᠤᠯᠴᠢᠯᠠᠯ ᠢᠶᠠᠷ « ᠭᠤᠷᠪᠠᠨ ᠬᠠᠷᠢᠯᠴᠠᠭ᠎ᠠ» ᠶᠢ ᠠᠬᠢᠭᠤᠯᠪᠠ᠃ ᠤᠷᠤᠯᠳᠤᠭᠠᠨ ᠤ ᠬᠤᠭᠤᠴᠠᠭᠠᠨ ᠳᠤ ᠮᠤᠷᠢᠨ ᠮᠡᠷᠭᠡᠵᠢᠯ ᠤᠨ ᠤᠢᠢᠯᠠᠭᠠᠯᠲᠠ᠂ ᠠᠮᠲᠠᠲᠤ ᠢᠳᠡᠭᠡᠨ᠂ ᠬᠤᠪᠴᠠᠰᠤ ᠵᠠᠰᠠᠯ ᠤᠨ ᠦᠵᠡᠭᠦᠯᠦᠯᠭᠡ᠂ ᠰᠣᠶᠣᠯ ᠴᠡᠩᠭᠡᠯ ᠤᠨ ᠤᠢᠢᠯᠠᠭᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠵᠠᠬ᠎ᠠ ᠳᠡᠯᠭᠡᠭᠦᠷ ᠤᠨ ᠴᠤᠭᠯᠠᠭ᠎ᠠ ᠵᠡᠷᠭᠡ ᠤᠯᠠᠨ ᠡᠰᠢᠲᠦ ᠰᠣᠶᠣᠯ ᠴᠡᠩᠭᠡᠯ ᠢ ᠢᠵᠢ ᠪᠦᠷᠢᠳᠦᠭᠦᠯᠦᠨ ᠡᠷᠬᠢᠯᠡᠵᠦ᠂ « ᠡᠳᠦᠷ ᠨᠢ ᠮᠣᠷᠢ ᠤᠷᠤᠯᠳᠤᠬᠤ᠂ ᠰᠥᠨᠢ ᠨᠢ ᠲᠣᠭᠯᠠᠯᠲᠠ ᠭᠠᠷᠭᠠᠬᠤ᠂ ᠪᠦᠬᠦᠯᠢ ᠡᠳᠦᠷ ᠢᠶᠠᠷ ᠤᠢᠢᠯᠠᠭᠠᠭᠤᠯᠬᠤ » ᠰᠣᠶᠣᠯ ᠤᠨ ᠵᠢᠭᠤᠯᠴᠢᠯᠠᠯ‌‍ᠤᠨ ᠪᠢᠲᠡᠭᠦᠦ ᠴᠠᠭᠠᠷᠢᠭ ᠢ ᠴᠣᠭᠴᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠣᠶᠣᠯ ᠢ ᠬᠠᠮᠲᠤᠪᠠᠷ ᠡᠳ᠋ᠯᠡᠬᠦ ᠷᠠᠳᠢᠦ᠋ᠰ ᠢ ᠥᠷᠭᠡᠳᠬᠡᠵᠦ᠂ « ᠪᠡᠶᠡᠴᠢᠯᠡᠨ ᠣᠶᠢᠯᠠᠭᠠᠬᠤ ᠮᠠᠶ᠋ᠢᠭ ᠤᠨ ᠬᠡᠷᠡᠭᠯᠡᠭᠡ » ᠪᠠᠷ ᠰᠣᠶᠣᠯ ᠤᠨ ᠬᠠᠮᠲᠤᠪᠠᠷ ᠡᠳ᠋ᠯᠡᠬᠦ ᠰᠣᠯᠢᠯᠴᠠᠭ᠎ᠠ ᠶᠢ ᠨᠡᠮᠡᠭᠳᠡᠭᠦᠯᠵᠦ᠂ « ᠰᠣᠶᠣᠯ ᠢ ᠬᠠᠷᠢᠯᠴᠠᠨ ᠲᠤᠯᠢᠳᠠᠵᠤ᠂ ᠬᠠᠶᠢᠷ᠎ᠠ ᠰᠡᠳᠬᠢᠯᠭᠡ ᠪᠠᠨ ᠬᠠᠮᠲᠤᠳᠬᠠᠬᠤ » ᠠᠮᠢᠳᠤᠯᠢᠭ ᠦᠵᠡᠭᠳᠡᠯ ᠢ ᠪᠦᠷᠢᠯᠳᠦᠭᠦᠯᠵᠦ᠂ 10 ᠲᠦᠮᠡ ᠭᠠᠷᠤᠢ ᠬᠥᠮᠦᠨ ᠤᠳᠠᠭ᠎ᠠ ᠣᠷᠣᠯᠴᠠᠬᠤ ᠶᠢ ᠠᠬᠢᠭᠤᠯᠪᠠ᠃ ᠭᠤᠷᠪᠠ ᠳᠤ᠂ ᠰᠦᠯᠵᠢᠶ᠎ᠡ ᠪᠠᠷ « ᠭᠤᠷᠪᠠᠨ ᠬᠠᠷᠢᠯᠴᠠᠭ᠎ᠠ» ᠶᠢ ᠠᠬᠢᠭᠤᠯᠪᠠ᠃ « ᠰᠦᠯᠵᠢᠶᠡᠨ ᠤ ᠡᠭᠦᠯᠡᠨ ᠦᠵᠦᠭᠦᠷ ᠤᠨ ᠮᠣᠷᠢᠨ ᠤᠷᠤᠯᠳᠤᠭᠠᠨ » ᠢᠶᠠᠷ ᠭᠠᠵᠠᠷ ᠣᠷᠣᠨ ᠤ ᠪᠠᠬᠢᠯᠡᠯᠲᠡ ᠶᠢ ᠡᠪᠳᠡᠵᠦ᠂ ᠦᠨᠳᠦᠰᠦᠲᠡᠨ ᠨᠦᠭᠦᠳ ᠤᠨ ᠭᠦᠨ ᠠᠭᠤᠰᠤᠯᠴᠠᠭᠰᠠᠨ ᠠᠴᠢᠶᠠᠯᠠᠭᠴᠢ ᠶᠢ ᠠᠮᠢᠯᠠᠭᠤᠯᠵᠤ᠂ ᠠᠷᠠᠳ ᠤᠨ ᠡᠳᠦᠷ ᠤᠨ ᠰᠣᠨᠢᠨ᠂ ᠰᠢᠨᠬᠤᠸᠠ ᠰᠦᠯᠵᠢᠶ᠎ᠡ᠂ ᠲᠠᠯ᠎ᠠ ᠨᠤᠲᠤᠭ ᠤᠨ ᠡᠭᠦᠯᠡ ᠵᠡᠷᠭᠡ ᠲᠥᠪ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠬᠤᠲᠠ ᠶᠢᠨ ᠲᠠᠰ ᠤᠨ ᠵᠠᠭᠤᠴᠢᠯᠠᠭᠤᠷ ᠤᠨ ᠠᠩᠬᠠᠷᠤᠯ ᠢ ᠲᠠᠲᠠᠨ ᠮᠡᠳᠡᠭᠡᠯᠡᠯ ᠬᠢᠵᠥ᠂ ᠣᠷᠣᠨ ᠤ ᠳᠣᠲᠣᠨ᠎ᠠ ᠭᠠᠳᠠᠨᠠᠬᠢ 24 ᠵᠠᠭᠤᠴᠢᠯᠠᠭᠤᠷ ᠤᠨ ᠲᠠᠪᠴᠠᠩ ᠵᠡᠷᠭᠡᠪᠡᠷ ᠪᠥᠬᠦ ᠶᠠᠪᠤᠴᠠ ᠶᠢ ᠰᠢᠭᠤᠳ ᠨᠡᠪᠲᠡᠷᠡᠭᠦᠯᠵᠦ᠂ ᠶᠡᠷᠦᠩᠬᠡᠶ ᠲᠣᠭᠰᠢᠭᠰᠠᠨ ᠬᠡᠮᠵᠢᠶ᠎ᠡ ᠨᠢ 114.8 ᠲᠦᠮᠡ ᠪᠠᠶᠢᠵᠤ᠂ ᠰᠦᠯᠵᠢᠶᠡᠨ ᠳᠡᠭᠡᠷᠡᠬᠢ ᠱᠠᠩᠨᠠᠯ ᠲᠠᠢ ᠠᠰᠠᠭᠤᠯᠲᠠ ᠬᠠᠷᠢᠭᠤᠯᠲᠠ᠂ ᠥᠨᠳᠥᠰᠥᠳᠡᠨ ᠤ ᠵᠠᠩ ᠦᠢᠯᠡ ᠶᠢ ᠪᠡᠶᠡᠴᠢᠯᠡᠨ ᠣᠶᠢᠯᠠᠭᠠᠬᠤ ᠪᠣᠯᠵᠤᠭ᠎ᠠ ᠵᠡᠷᠭᠡ ᠭᠤᠭᠴᠤᠭ᠎ᠠ ᠶᠢ ᠪᠠᠶᠢᠷᠢᠯᠠᠭᠤᠯᠵᠤ᠂ ᠤᠷᠤᠰᠴᠠ ᠶᠢ ᠰᠣᠶᠣᠯ ᠤᠨ ᠤᠯᠠᠮᠵᠢᠯᠠᠬᠤ ᠬᠦᠴᠦᠨ ᠪᠣᠯᠭᠠᠨ ᠬᠤᠪᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤ « ᠰᠦᠯᠵᠢᠶᠡᠨ ᠤ ᠡᠭᠦᠯᠡᠨ ᠳᠡᠭᠡᠷᠡᠬᠢ » ᠬᠥᠭᠦᠷᠭᠡ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号