ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠣᠯᠠᠨ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ | ᠰᠢᠪᠡᠷᠬᠦ᠋ᠷᠢᠶ᠎ᠡ ᠪᠠᠯᠭᠠᠰᠤ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠣᠯᠠᠨ | ᠵᠦᠢᠯ ᠤᠨ ᠬᠡᠯᠪᠡᠷᠢ ᠪᠠᠷ ᠰᠣᠶᠣᠯ ᠤᠨ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠰᠣᠶᠣᠯ ᠤᠨ | ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ︽ᠤᠯᠠᠮᠵᠢᠯᠠᠯᠲᠤ + ᠣᠳᠣ ᠴᠠᠭ ᠦᠶ᠎ᠡ︾ ᠶᠢ ᠠᠭᠤᠰᠤᠯᠴᠠᠭᠤᠯᠵᠤ ᠣᠨᠴᠠᠯᠢᠭᠲᠤ ᠰᠣᠶᠣᠯ ᠤᠨ ᠨᠡᠷᠡᠲᠦ | ᠲᠡᠮᠳᠡᠭ ᠢ ᠡᠬᠦᠳᠪᠡ ᠃ | ᠰᠢᠪᠡᠷᠬᠦ᠋ᠷᠢᠶ᠎ᠡ ᠪᠠᠯᠭᠠᠰᠤ ᠣᠷᠣᠨ ᠨᠤᠲᠤᠭ ᠤᠨ ᠰᠣᠶᠣᠯ ᠤᠨ ᠡᠬᠢ ᠪᠠᠶᠠᠯᠢᠭ ᠢ ᠠᠭᠤᠳᠠᠯᠯᠠᠨ ᠂ | ᠤᠯᠠᠮᠵᠢᠯᠠᠯᠲᠤ ᠵᠠᠩ ᠦᠢᠯᠡ ᠶᠢᠨ ᠰᠣᠶᠣᠯ ᠪᠠ ᠣᠳᠣ ᠦᠶ᠎ᠡ ᠶᠢᠨ ᠤᠷᠠᠯᠢᠭ ᠤᠨ ᠢᠯᠡᠷᠡᠭᠦᠯᠬᠦ ᠬᠡᠯᠪᠡᠷᠢ ᠶᠢ | ᠤᠶᠠᠯᠳᠤᠭᠤᠯᠪᠠ᠃ ᠤᠯᠠᠮᠵᠢᠯᠠᠯᠲᠤ ᠪᠠᠶᠠᠷ ᠤᠨ ᠡᠳᠦᠷ ᠤᠨ ᠬᠤᠭᠤᠴᠠᠭᠠᠨ ᠳᠤ᠂ ᠵᠠᠩ ᠦᠢᠯᠡ ᠶᠢᠨ ᠰᠣᠶᠣᠯ ᠤᠨ | ᠦᠵᠡᠭᠦᠯᠦᠯᠭᠡ ᠶᠢᠨ ᠲᠣᠭᠯᠠᠯᠲᠠ ᠶᠢ ᠵᠣᠬᠢᠶᠠᠨ ᠪᠠᠶᠢᠭᠤᠯᠵᠤ᠂ ᠵᠢᠱᠢᠶᠡᠯᠡᠪᠡᠯ ᠠᠷᠰᠯᠠᠨ ᠯᠤᠤ ᠲᠤᠭᠯᠠᠵᠤ᠂ ᠶᠠᠩᠭᠠᠷ | ᠪᠥᠵᠢᠭ ᠤᠨ ᠲᠣᠭᠯᠠᠯᠲᠠ ᠵᠡᠷᠭᠡ ᠨᠢ ᠲᠣᠰᠬᠤᠨ ᠤ ᠠᠷᠠᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ | ᠮᠡᠳᠡᠷᠡᠭᠦᠯᠬᠦ ᠶᠢᠨ ᠬᠠᠮᠲᠤ᠂ ᠤᠳᠤ ᠦᠶ᠎ᠡ ᠶᠢᠨ ᠳᠠᠭᠤᠤ ᠬᠥᠭᠵᠢᠮ᠂ ᠪᠥᠵᠢᠭ ᠤᠨ ᠡᠯᠧᠮᠧᠨ᠋ᠲ ᠢ ᠣᠷᠣᠭᠤᠯᠤᠨ ᠂ ︽ | ᠰᠢᠪᠡᠷᠬᠦ᠋ᠷᠢᠶ᠎ᠡ ᠬᠤᠷ᠎ᠠ yeah︾ ᠬᠠᠮᠲᠤᠯᠢᠭ ᠰᠢᠨ᠎ᠡ ᠵᠠᠭᠪᠤᠷ ᠢ ᠡᠭᠦᠳᠴᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ︽ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ | ᠲᠠᠯ᠎ᠠ ᠨᠤᠲᠤᠭ ᠢ ᠪᠠᠶᠠᠷ ᠬᠦᠷ ᠤᠨ ᠲᠠᠯᠠᠢ ᠪᠤᠯᠭᠠᠨ ᠬᠤᠪᠢᠷᠠᠭᠤᠯᠪᠠ᠃ 5 ᠰᠠᠷ᠎ᠠ ᠶᠢᠨ 1 ᠤ ᠣᠷᠣᠢ᠂ ᠰᠢᠪᠡᠷᠬᠦ᠋ᠷᠢᠶ᠎ᠡ | ᠬᠤᠷ᠎ᠠ yeah ᠬᠠᠮᠲᠤᠯᠢᠭ ᠨᠢ ᠲᠦᠳᠡᠭ ᠭᠠᠯ ᠤᠨ ᠳᠠᠭᠤᠤ ᠶᠢᠨ ᠦᠳᠡᠰᠢᠯᠡᠭᠡ ᠳᠤ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠳᠠᠭᠤᠯᠠᠵᠤ᠂ ᠭᠠᠯ ᠤᠨ ᠭᠡᠷᠡᠯ ᠪᠣᠯᠤᠨ ᠣᠳᠣᠨ ᠤ ᠭᠡᠷᠡᠯ ᠢ ᠰᠣᠯᠪᠢᠴᠠᠭᠤᠯᠵᠤ᠂ ᠳᠠᠭᠤᠤ ᠪᠣᠯᠤᠨ | ᠤᠷᠠᠢ ᠳᠠᠭᠤᠨ ᠢ ᠴᠤᠤᠷᠢᠶᠠᠲᠤᠭᠤᠯᠵᠤ᠂ ᠮᠠᠰᠢ ᠤᠯᠠᠨ ᠵᠠᠯᠠᠭᠤᠴᠤᠳ ᠤᠨ ᠲᠤᠷ᠎ᠠ ᠰᠤᠨᠢᠷᠬᠠᠯ ᠢ ᠲᠠᠲᠠᠵᠤ᠂ | ᠤᠯᠠᠮᠵᠢᠯᠠᠯᠲᠤ ᠰᠣᠶᠣᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠢᠪᠡᠷᠬᠦ᠋ᠷᠢᠶ᠎ᠡ ᠪᠠᠯᠭᠠᠰᠤ ᠶᠢᠨ | ᠣᠨᠴᠠᠯᠢᠭ ᠲᠠᠢ ᠰᠣᠶᠣᠯ ᠤᠨ ᠲᠦᠷᠦᠯ ᠲᠡᠮᠳᠡᠭ ᠢ ᠠᠮᠵᠢᠯᠲᠠ ᠲᠠᠢ ᠡᠭᠦᠳᠴᠡᠢ᠃ | ᠣᠯᠠᠨ ᠡᠰᠢᠲᠦ ᠰᠣᠶᠣᠯ ᠤᠨ ᠲᠠᠪᠴᠠᠩ ᠢ ᠪᠠᠶᠢᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠬᠤ ᠶᠢ | ᠪᠡᠶᠡᠯᠡᠬᠦᠯᠪᠡ᠃ | ᠠᠳᠠᠯᠢ ᠪᠤᠰᠤ ᠨᠠᠰᠤ᠂ ᠠᠳᠠᠯᠢ ᠪᠤᠰᠤ ᠳᠤᠷ᠎ᠠ ᠰᠣᠨᠢᠷᠬᠠᠯ ᠲᠠᠢ ᠲᠣᠰᠬᠤᠨ ᠤ ᠠᠷᠠᠳ ᠢ ᠰᠣᠶᠣᠯ ᠤᠨ | ᠠᠵᠢᠯᠯᠠᠭ᠎ᠠ ᠳᠤ ᠣᠷᠣᠯᠴᠠᠭᠤᠯᠬᠤ ᠶᠢᠨ ᠲᠥᠯᠥᠭᠡ᠂ ᠰᠢᠪᠡᠷᠬᠦ᠋ᠷᠢᠶ᠎ᠡ ᠪᠠᠯᠭᠠᠰᠤ ᠤᠯᠠᠨ ᠡᠰᠢᠲᠦ ᠰᠣᠶᠣᠯ ᠤᠨ | ᠲᠠᠪᠴᠠᠩ ᠢ ᠢᠳᠡᠪᠬᠢᠲᠡᠢ ᠪᠠᠶᠢᠭᠤᠯᠪᠠ᠃ ᠪᠠᠯᠭᠠᠰᠤ ᠲᠣᠰᠬᠤᠨ ᠤ ᠰᠣᠶᠣᠯ ᠤᠨ ᠠᠵᠢᠯᠯᠠᠭ᠎ᠠ ᠶᠢᠨ ᠲᠠᠰᠤᠭ ᠤᠨ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡᠨ ᠤ ᠰᠣᠶᠣᠯ ᠤᠨ ᠲᠠᠯᠠᠪᠤᠷ ᠢ | ᠪᠠᠶᠠᠯᠢᠭᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠣᠮ ᠤᠩᠰᠢᠵᠤ ᠬᠤᠪᠢᠶᠠᠯᠴᠠᠬᠤ ᠬᠤᠷᠠᠯ᠂ ᠬᠤᠭᠤᠯᠠᠨ ᠤ | ᠳᠠᠷᠠᠭᠠᠬᠢ ᠨᠢᠭᠡ ᠴᠠᠭ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠠᠵᠢᠯᠯᠠᠭ᠎ᠠ ᠶᠢ ᠥᠷᠨᠢᠭᠦᠯᠪᠡ︔ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠳᠤ ᠲᠦᠰᠢᠭᠯᠡᠨ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠪᠣᠯᠪᠠᠰᠤᠷᠠᠯ᠂ ᠮᠡᠷᠭᠡᠵᠢᠯ ᠤᠨ ᠲᠠᠶᠢᠯᠤᠮᠵᠢ ᠵᠡᠷᠭᠡ ᠶᠢ ᠥᠷᠨᠢᠭᠦᠯᠵᠦ᠂ ᠲᠣᠰᠬᠤᠨ ᠤ ᠠᠷᠠᠳ ᠤᠨ | ᠰᠣᠶᠣᠯ ᠤᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ︔ ᠡᠭᠦᠨ ᠠᠴᠠ | ᠭᠠᠳᠠᠨ᠎ᠠ ᠪᠠᠰᠠ ᠰᠦᠯᠵᠢᠶᠡᠨ ᠤ ᠲᠠᠪᠴᠠᠩ ᠢ ᠠᠰᠢᠭᠯᠠ᠂ ᠰᠦᠯᠵᠢᠶᠡᠨ ᠳᠡᠭᠡᠷᠡᠬᠢ ᠰᠣᠶᠣᠯ ᠤᠨ ᠠᠵᠢᠯᠯᠠᠭ᠎ᠠ ᠶᠢ | ᠥᠷᠨᠢᠭᠦᠯᠵᠦ᠂ ᠵᠢᠱᠢᠶᠡᠯᠡᠪᠡᠯ ᠰᠦᠯᠵᠢᠶᠡᠨ ᠳᠡᠭᠡᠷᠡᠬᠢ ᠤᠷ᠎ᠠ ᠴᠢᠳᠠᠪᠤᠷᠢ ᠶᠢ ᠤᠬᠠᠭᠤᠯᠤᠨ ᠳᠡᠯᠭᠡᠷᠡᠭᠦᠯᠬᠦ᠂ | ᠰᠣᠶᠣᠯ ᠤᠨ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠴᠠᠭ ᠪᠠ ᠣᠷᠣᠨ ᠵᠠᠶ ᠶᠢᠨ | ᠬᠢᠵᠠᠭᠠᠷᠯᠠᠯ ᠢ ᠡᠪᠳᠡᠵᠦ᠂ ᠨᠠᠩ ᠣᠯᠠᠨ ᠲᠣᠰᠬᠤᠨ ᠤ ᠠᠷᠠᠳ ᠢ ᠣᠷᠣᠯᠴᠠᠭᠤᠯᠪᠠ᠃ | ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠵᠤ᠂ ᠬᠥᠭᠵᠢᠯᠲᠡ ᠶᠢᠨ ᠨᠥᠭᠡᠴᠡ ᠬᠦᠴᠦᠨ ᠢ ᠨᠢ | ᠨᠡᠮᠡᠭᠳᠡᠬᠦᠯᠪᠡ᠃ | ᠰᠢᠪᠡᠷᠬᠦ᠋ᠷᠢᠶ᠎ᠡ ᠪᠠᠯᠭᠠᠰᠤ ᠰᠣᠶᠣᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠣᠯᠢᠯᠴᠠᠭ᠎ᠠ ᠲᠣᠭᠯᠠᠯᠲᠠ ᠶᠢᠨ ᠠᠵᠢᠯᠯᠠᠭ᠎ᠠ ᠡᠷᠭᠢᠯᠡᠬᠦ᠂ ᠲᠤᠰᠬᠠᠶ ᠮᠡᠷᠭᠡᠵᠢᠯ ᠤᠨ | ᠪᠠᠭᠰᠢ ᠶᠢ ᠤᠷᠢᠵᠤ ᠵᠢᠯᠤᠭᠤᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠣᠷᠣᠨ | ᠨᠤᠲᠤᠭ ᠤᠨ ᠰᠣᠶᠣᠯ ᠤᠨ ᠭᠤᠤᠯᠯᠠᠭᠴᠢ ᠬᠦᠴᠦᠨ ᠢ ᠬᠥᠮᠦᠵᠢᠭᠦᠯᠪᠡ᠃ ᠡᠳᠡᠭᠡᠷ ᠰᠣᠶᠣᠯ ᠤᠨ ᠭᠤᠤᠯᠯᠠᠬᠤ | ᠬᠦᠴᠦᠨ ᠨᠢ ᠡᠯ᠎ᠡ ᠱᠠᠲᠤᠨ ᠤ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠬᠦᠴᠦᠨ | ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠰᠢᠪᠡᠷᠬᠦ᠋ᠷᠢᠶ᠎ᠡ ᠪᠠᠯᠭᠠᠰᠤ ᠪᠠᠰᠠ ᠬᠤᠲᠠ ᠬᠤᠰᠢᠭᠤ ᠬᠤᠶᠠᠷ ᠱᠠᠲᠤᠨ ᠳᠤ | ᠠᠷᠠᠳ ᠤᠨ ᠳᠤᠮᠳᠠᠬᠢ ᠰᠢᠯᠢᠳᠡᠭ ᠰᠣᠶᠣᠯ ᠤᠨ ᠠᠵᠢᠯᠲᠠᠨ ᠢ ᠰᠣᠩᠭᠤᠨ ᠮᠡᠳᠡᠭᠦᠯᠵᠦ᠂ ᠲᠡᠳᠡᠨ ᠤ ᠳᠤᠮᠳᠠ | ᠵᠡᠮᠳᠡᠭᠴᠦᠳ ᠤᠨ ᠬᠠᠳᠬᠤᠮᠠᠯ ᠤᠨ ᠠᠵᠢᠯᠲᠠᠨ᠂ ᠨᠠᠰᠤᠳᠠᠶᠢᠴᠤᠳ ᠤᠨ ᠶᠤᠤᠮᠠᠢ ᠨᠤᠬᠤᠬᠤ ᠮᠡᠷᠭᠡᠵᠢᠯᠲᠡᠨ᠂ | ᠴᠠᠭᠠᠰᠤᠨ ᠬᠠᠶᠢᠴᠢᠯᠠᠮᠠᠯ ᠤᠨ ᠪᠠᠭ᠋ᠠᠲᠠᠶ ᠬᠥᠮᠦᠰ ᠪᠠᠶᠢᠵᠤ᠂ ᠪᠠᠯᠭᠠᠰᠤᠨ ᠤ ᠵᠠᠰᠠᠭ ᠤᠨ ᠣᠷᠳᠣᠨ ᠲᠡᠳᠡᠨ ᠳᠤ ᠣᠶᠤᠨ | ᠰᠠᠨᠠᠭᠠᠨ ᠤ ᠢᠷᠠᠭᠤ ᠠᠯᠳᠠᠷ ᠢ ᠣᠯᠭᠤᠬᠤ ᠶᠢᠨ ᠬᠠᠮᠲᠤ ᠪᠠᠰᠠ ᠦᠢᠯᠡᠳᠬᠦᠨ ᠢ ᠭᠠᠳᠠᠭᠰᠢ ᠭᠠᠷᠭᠠᠵᠤ᠂ ᠨᠠᠩ ᠣᠯᠠᠨ | ᠬᠥᠮᠦᠨ ᠳᠤ ᠦᠵᠡᠭᠦᠯᠵᠦ᠂ ᠣᠷᠣᠯᠭ᠎ᠠ ᠶᠢ ᠨᠡᠮᠡᠭᠳᠡᠭᠦᠯᠦᠨ ᠬᠠᠪᠰᠤᠷᠤᠨ ᠲᠡᠳᠬᠦᠬᠦ ᠶᠢ ᠪᠡᠶᠡᠯᠡᠭᠦᠯᠬᠦ ᠪᠠᠷ ᠴᠢᠷᠮᠠᠶᠢᠪᠠ᠂ | ᠡᠨᠡ ᠬᠦ ᠠᠯᠢ ᠣᠯᠠᠨ ᠠᠷᠭ᠎ᠠ ᠬᠡᠮᠵᠢᠶ᠎ᠡ ᠨᠢ ᠰᠢᠪᠡᠷᠬᠦ᠋ᠷᠢᠶ᠎ᠡ ᠪᠠᠯᠭᠠᠰᠤᠨ ᠤ ᠰᠣᠶᠣᠯ ᠤᠳᠬ᠎ᠠ ᠤᠷᠠᠯᠢᠭ ᠤᠨ ᠳᠤᠷ᠎ᠠ | ᠪᠠᠭ᠋ᠠᠲᠠᠳ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠬᠥᠭᠵᠢᠭᠡᠵᠡᠢ᠃ | ᠰᠣᠶᠣᠯ ᠤᠨ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠰᠢᠪᠡᠷᠬᠦ᠋ᠷᠢᠶ᠎ᠡ | ᠪᠠᠯᠭᠠᠰᠤ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ | ᠪᠠᠷᠠᠬᠤ ᠥᠬᠡᠶ ᠪᠠᠰᠠ ᠲᠣᠰᠬᠤᠨ ᠤ ᠠᠷᠠᠳ ᠤᠨ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ | ᠨᠡᠮᠡᠭᠳᠡᠭᠦᠯᠵᠦ᠂ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ᠃ ᠢᠷᠡᠭᠡᠳᠦᠢ ᠳᠤ᠂ ᠰᠢᠪᠡᠷᠬᠦ᠋ᠷᠢᠶ᠎ᠡ ᠪᠠᠯᠭᠠᠰᠤ ᠦᠷᠭᠦᠯᠵᠢᠯᠡᠨ ᠰᠢᠨ᠎ᠡ ᠶᠢ ᠡᠬᠦᠳᠬᠦ ᠠᠷᠭ᠎ᠠ ᠬᠡᠮᠵᠢᠶ᠎ᠡ ᠶᠢ | ᠰᠦᠪᠡᠭᠴᠢᠯᠡᠨ᠂ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ | ᠬᠥᠳᠡᠯᠭᠡᠬᠦ ᠬᠦᠴᠦᠨ ᠪᠠ ᠰᠣᠶᠣᠯ ᠤᠨ ᠲᠤᠯᠭᠠᠭᠤᠷᠢᠯᠠᠯ ᠬᠠᠩᠭᠠᠨ᠎ᠠ᠃ |