2025 ᠣᠨ ᠤ 5 ᠰᠠᠷ᠎ᠠ ᠶᠢᠨ 18 ᠤ ᠡᠳᠦᠷ ᠪᠣᠯ 35 ᠳ᠋ᠤᠭᠠᠷ ᠪᠥᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ᠄ ︽ᠥᠪᠡᠷ ᠢ ᠪᠠᠨ ᠬᠦᠴᠦᠷᠬᠡᠭᠵᠢᠭᠦᠯᠬᠦ ᠪᠠ | ᠵᠡᠮᠳᠡᠭᠴᠦᠳ ᠢ ᠲᠤᠰᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ ᠴᠢᠳᠠᠯ ᠢ | ᠨᠢᠭᠲᠠᠷᠠᠭᠤᠯᠤᠶ᠎ᠠ︾ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ | ᠨᠢᠭᠡ ᠠᠯᠬᠤᠮ ᠪᠤᠢ ᠪᠣᠯᠭᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠦᠨᠡᠨᠬᠦ | ᠠᠬᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠴᠢᠨ ᠲᠠᠪᠤᠳᠤᠭᠠᠷ ᠤᠳᠠᠭ᠎ᠠ ᠶᠢᠨ | ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠬᠦ ᠪᠠᠷ | ᠪᠠᠶᠢᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯᠯᠠᠭᠠᠨ ᠤ ᠴᠠᠭ᠄ 5 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ ᠶᠢᠨ 8᠄ 30 | ᠬᠤᠶᠠᠷ᠂ ᠠᠵᠢᠯᠯᠠᠭᠠᠨ ᠤ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ | ᠨᠠᠭᠠᠳᠤᠮ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ | ᠭᠤᠷᠪᠠ᠂ ᠣᠷᠣᠯᠴᠠᠬᠤ ᠰᠠᠯᠠᠭ᠎ᠠ ᠮᠥᠴᠢᠷ᠄ | ᠭᠤᠣᠯᠯᠠᠨ ᠡᠷᠬᠢᠯᠡᠭᠰᠡᠨ ᠪᠠᠶᠢᠭᠤᠯᠭ᠎ᠠ ᠨᠢᠭᠡᠴᠡ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠡᠮᠳᠡᠭᠴᠦᠳ ᠤᠨ ᠠᠵᠢᠯ ᠤᠨ ᠵᠥᠪᠯᠡᠯ | ᠳᠠᠭᠠᠭᠠᠨ ᠠᠪᠴᠤ ᠭᠦᠢᠴᠡᠳᠭᠡᠬᠦ ᠪᠠᠶᠢᠭᠤᠯᠭ᠎ᠠ ᠨᠢᠭᠡᠴᠡ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠡᠮᠳᠡᠭᠴᠦᠳ ᠤᠨ ᠬᠤᠯᠪᠣᠭ᠎ᠠ | ᠬᠠᠪᠰᠤᠷᠤᠨ ᠡᠷᠬᠢᠯᠡᠭᠰᠡᠨ ᠪᠠᠶᠢᠭᠤᠯᠭ᠎ᠠ ᠨᠢᠭᠡᠴᠡ᠄ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠡᠪᠯᠡᠯ ᠤᠨ ᠬᠤᠷᠢᠶ᠎ᠠ᠂ | ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠳᠥᠷᠪᠡ᠂ ᠠᠵᠢᠯᠯᠠᠭ᠎ᠠ ᠶᠢᠨ ᠠᠭᠤᠯᠭ᠎ᠠ᠄ ᠵᠡᠮᠳᠡᠭᠴᠦᠳ ᠤᠨ ᠲᠤᠬᠠᠢ ᠲᠥᠷᠥ ᠶᠢᠨ ᠪᠣᠳᠣᠯᠭ᠎ᠠ ᠶᠢ | ᠤᠬᠠᠭᠤᠯᠬᠤ ᠪᠠ ᠯᠠᠪᠯᠠᠬᠤ᠂ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ᠂ ᠨᠢᠳᠦᠨ ᠤ ᠡᠪᠡᠳᠴᠢᠨ ᠢ | ᠰᠢᠭᠰᠢᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠬᠦ ᠬᠤᠷᠠᠯ ᠬᠢᠬᠦ᠂ ᠵᠡᠮᠳᠡᠭᠴᠦᠳ ᠤᠨ | ᠪᠦᠲᠦᠭᠡᠯ ᠢ ᠳᠡᠯᠭᠡᠨ ᠪᠣᠷᠣᠯᠠᠭᠤᠯᠬᠤ ᠪᠠ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠲᠤᠬᠠᠶ ᠶᠢᠨ ᠲᠠᠯᠠᠪᠤᠷ ᠲᠤ | ᠵᠡᠮᠳᠡᠭᠴᠦᠳ ᠢ ᠬᠠᠪᠰᠤᠷᠤᠨ ᠲᠤᠰᠠᠯᠠᠬᠤ ᠪᠠᠭᠠᠵᠢ ᠬᠡᠷᠡᠭᠰᠡᠯ ︵ᠲᠤᠰᠠᠯᠠᠬᠤ ᠪᠠᠭᠠᠵᠢ ᠬᠡᠷᠡᠭᠰᠡᠯ ᠭᠤᠶᠤᠴᠢᠯᠠᠬᠤ | ᠭᠡᠷᠡᠭᠴᠡᠭᠡᠳᠠᠢ ᠵᠡᠮᠳᠡᠭᠴᠦᠳ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠵᠡᠮᠳᠡᠭ ᠬᠦᠮᠦᠨ ᠤ ᠦᠨᠡᠮᠯᠡᠯ ᠢᠶᠠᠨ | ᠠᠪᠬᠤ ᠴᠢᠬᠤᠯᠠᠲᠠᠶ︶ ᠢ ᠭᠤᠶᠤᠴᠢᠯᠠᠵᠤ ᠦᠭᠬᠦ ᠵᠡᠷᠭᠡ ᠃ | ᠪᠥᠬᠦ ᠬᠤᠰᠢᠭᠤᠨ ᠤ ᠥᠷᠭᠡᠨ ᠣᠯᠠᠨ ᠵᠡᠮᠳᠡᠭ ᠨᠠᠶᠢᠵᠠ ᠨᠠᠷ᠂ ᠵᠡᠮᠳᠡᠭᠴᠦᠳ ᠢ ᠲᠤᠰᠠᠯᠠᠬᠤ ᠬᠠᠯᠠᠭᠤᠨ | ᠰᠡᠳᠬᠢᠯᠲᠦ ᠬᠥᠮᠦᠰ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ | ᠬᠠᠯᠠᠭᠤᠨ ᠰᠡᠳᠬᠢᠯ ᠲᠠᠢ ᠣᠯᠠᠨ ᠲᠦᠮᠡᠨ ᠳᠤ ᠥᠷᠭᠡᠨ ᠢᠶᠠᠷ ᠮᠡᠳᠡᠭᠳᠡᠵᠦ᠂ ᠠᠵᠢᠯᠯᠠᠭ᠎ᠠ ᠳᠤ ᠢᠳᠡᠪᠬᠢᠲᠡᠶ | ᠤᠷᠤᠯᠴᠠᠬᠤ ᠶᠢ ᠬᠦᠨᠳᠦᠳᠭᠡᠨ ᠤᠷᠢᠵᠤ ᠪᠠᠶᠢᠨ᠎ᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠡᠮᠳᠡᠭᠴᠦᠳ ᠤᠨ ᠬᠤᠯᠪᠣᠭᠠᠲᠤ ᠬᠤᠷᠠᠯ | 2025 ᠣᠨ ᠤ 5 ᠰᠠᠷ᠎ᠠ ᠶᠢᠨ 13 ᠤ ᠡᠳᠦᠷ |