ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠰᠦᠭ ᠲᠠᠷᠢᠶᠠᠯᠠᠩ ᠮᠠᠯ ᠠᠵᠤ ᠠᠬᠤᠶ ᠶᠢᠨ | ᠬᠤᠷᠰᠢᠶ᠎ᠠ ᠶᠢᠨ ᠠᠳᠤᠭᠤᠨ ᠤ ᠬᠠᠰᠢᠶ᠎ᠠ ᠳᠤ᠂ ᠪᠡᠶ᠎ᠡ ᠪᠢᠯᠳᠠᠷ ᠰᠠᠶᠢᠬᠠᠨ᠂ ᠴᠢᠭᠢᠷᠠᠭ ᠳᠡᠩᠬᠡᠯᠡᠭᠦᠨ ᠭᠤᠷᠪᠠᠨ ᠠᠵᠢᠷᠭ᠎ᠠ | ᠠᠳᠡ ᠲᠡᠨᠳᠡ ᠠᠯᠬᠤᠭᠰᠠᠭᠠᠷ ᠪᠠᠶᠢᠪᠠ᠂ ᠠᠵᠢᠯᠴᠢᠳ ᠨᠢᠭᠡ ᠲᠠᠯ᠎ᠠ ᠪᠠᠷ ᠴᠡᠪᠡᠷᠯᠡᠭᠡ ᠬᠢᠵᠦ᠂ ᠡᠪᠡᠰᠦ ᠪᠣᠷᠳᠤᠭ᠎ᠠ | ᠨᠡᠮᠡᠵᠦ ᠶᠠᠭᠠᠷᠠᠯᠳᠤᠨ᠎ᠠ᠃ ᠬᠤᠷᠰᠢᠶ᠎ᠠ ᠶᠢᠨ ᠬᠠᠷᠢᠭᠤᠴᠠᠯᠭᠠᠲᠠᠨ ᠡᠷᠳᠡᠨᠢᠴᠢᠯᠠᠭᠤ ᠪᠢᠳᠡᠨ ᠳᠤ ᠮᠣᠷᠢ ᠪᠦᠷᠢ ᠶᠢᠨ | ᠴᠢᠰᠤᠨ ᠤᠳᠤᠮ ᠢ ᠨᠢᠭᠡᠳ ᠨᠢᠭᠡᠳ ᠢᠶᠠᠷ ᠲᠠᠨᠢᠯᠴᠠᠭᠤᠯᠵᠠᠢ᠃ | ᠰᠢᠷᠠᠮᠦ᠋ᠷᠡᠨ ᠤ ᠲᠠᠯ᠎ᠠ ᠨᠤᠲᠤᠭ ᠤᠨ ᠮᠠᠯᠴᠢᠳ ᠮᠣᠷᠢ ᠪᠠᠨ ᠬᠠᠶᠢᠷᠠᠯᠠᠨ᠂ ᠮᠣᠷᠢ ᠪᠠᠨ ᠣᠶᠢᠯᠠᠭᠠᠨ᠂ ᠡᠨᠡ ᠬᠦ | ᠲᠠᠯ᠎ᠠ ᠨᠤᠲᠤᠭ ᠲᠤ ᠳᠥᠷᠦᠵᠥ ᠥᠰᠥᠭᠰᠡᠨ ᠡᠷᠳᠡᠨᠢᠴᠢᠯᠠᠭᠤ ᠴᠤ ᠠᠳᠠᠯᠢᠬᠠᠨ ᠪᠠᠶᠢᠳᠠᠭ᠃ 2003 ᠣᠨ ᠳᠤ᠂ | ᠡᠷᠳᠡᠨᠢᠴᠢᠯᠠᠭᠤ ᠪᠡᠭᠡᠵᠢᠩ ᠤᠨ ᠥᠨᠳᠥᠷ ᠠᠰᠠᠷ ᠲᠠᠭᠳᠤ ᠠᠴᠠ ᠰᠠᠯᠵᠤ᠂ ᠰᠢᠷᠠᠮᠥ᠋ᠷᠡᠨ ᠤ ᠲᠠᠯ᠎ᠠ ᠨᠤᠲᠤᠭ ᠲᠤ ᠪᠠᠨ | ᠬᠠᠷᠢᠵᠤ ᠢᠷᠡᠨ᠂ ᠮᠣᠷᠢ ᠲᠡᠵᠢᠭᠡᠬᠦ᠂ ᠮᠣᠷᠢ ᠶᠢ ᠦᠷᠡᠵᠢᠭᠦᠯᠦᠨ ᠪᠤᠶᠢᠵᠢᠭᠤᠯᠬᠤ ᠵᠠᠮ ᠢᠶᠠᠨ ᠡᠬᠢᠯᠡᠨ᠂ ᠡᠰᠦᠭ | ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠶᠢ ᠠᠯᠬᠤᠮ ᠠᠯᠬᠤᠮ ᠢᠶᠠᠷ ᠪᠠᠶᠢᠭᠤᠯᠪᠠ᠃ ᠣᠳᠣ᠂ ᠡᠰᠦᠭ | ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠨᠢ ᠤᠷᠤᠯᠳᠤᠭᠠᠨ ᠤ ᠮᠣᠷᠢ ᠶᠢ ᠥᠷᠡᠵᠢᠬᠦᠯᠬᠦ ᠪᠠᠷ ᠭᠤᠣᠯ ᠪᠣᠯᠭᠠᠵᠤ᠂ | ᠴᠡᠪᠡᠷ ᠴᠢᠰᠤᠨ ᠤ ᠮᠣᠷᠢ ᠶᠢ ᠰᠠᠶᠢᠨ ᠡᠭᠦᠯᠳᠡᠷ ᠤᠨ ᠮᠤᠩᠭᠤᠯ ᠮᠣᠷᠢ ᠲᠠᠢ ᠡᠷᠯᠢᠰᠡᠵᠢᠭᠦᠯᠵᠦ᠂ ᠰᠠᠶᠢᠨ ᠡᠭᠦᠯᠳᠡᠷ ᠤᠨ | ᠮᠣᠷᠢ ᠶᠢ ᠪᠤᠶᠢᠵᠢᠭᠤᠯᠤᠭᠰᠠᠨ ᠪᠠᠶᠢᠨ᠎ᠠ᠃ ᠡᠭᠦᠨ ᠤ ᠳᠠᠭᠠᠤ᠂ ᠡᠰᠦᠭ ᠲᠠᠷᠢᠶᠠᠯᠠᠩ ᠮᠠᠯ ᠠᠵᠦ ᠠᠬᠤᠢ ᠶᠢᠨ | ᠬᠤᠷᠰᠢᠶ᠎ᠠ ᠶᠢᠨ ᠮᠤᠷᠢ ᠴᠦ ᠡᠯ᠎ᠡ ᠲᠦᠷᠦᠯ ᠤᠨ ᠤᠷᠤᠯᠳᠤᠭᠠᠨ ᠳᠤ ᠣᠷᠤᠯᠴᠠᠳᠠᠭ᠃ | ᠣᠶᠢᠷ᠎ᠠ ᠶᠢᠨ ᠵᠢᠯ ᠤᠳ ᠲᠤ᠂ ᠡᠷᠳᠡᠨᠢᠴᠢᠯᠠᠭᠤ ᠤᠷᠤᠯᠳᠤᠭᠠᠨ ᠤ ᠮᠣᠷᠢ ᠶᠢ ᠪᠤᠶᠢᠵᠢᠭᠤᠯᠬᠤ ᠳᠤ ᠲᠤᠭ᠎ᠠ | ᠬᠡᠮᠵᠢᠶᠡᠨ ᠤ ᠬᠡᠯᠪᠡᠷᠢ ᠠᠴᠠ ᠶᠠᠰᠤ ᠴᠢᠨᠠᠷ ᠤᠨ ᠬᠡᠯᠪᠡᠷᠢ ᠲᠡᠶᠢᠰᠢ ᠰᠢᠯᠵᠢᠵᠦ᠂ ︽ᠴᠥᠭᠡᠨ ᠲᠡᠵᠢᠭᠡᠵᠦ ᠨᠠᠷᠢᠯᠢᠭ | ᠠᠷᠠᠴᠢᠯᠠᠬᠤ︾ ᠨᠢ ᠬᠤᠷᠰᠢᠶ᠎ᠠ ᠶᠢᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠠᠷᠠᠴᠢᠯᠠᠨ ᠲᠡᠵᠢᠭᠡᠬᠦ ᠣᠶᠢᠯᠠᠭᠠᠭᠳᠠᠬᠤᠨ | ᠪᠣᠯᠤᠭᠰᠠᠨ ᠪᠠᠶᠢᠨ᠎ᠠ᠃ ᠡᠶᠢᠮᠥᠷᠬᠦ ᠦᠵᠡᠯ ᠰᠠᠨᠠᠭᠠᠨ ᠤ ᠬᠤᠪᠢᠷᠠᠯᠲᠠ ᠶᠢᠨ ᠳᠣᠣᠷ᠎ᠠ᠂ ᠡᠰᠦᠭ ᠲᠠᠷᠢᠶᠠᠯᠠᠩ ᠮᠠᠯ ᠠᠵᠣ | ᠠᠬᠤᠢ ᠶᠢᠨ ᠬᠤᠷᠰᠢᠶ᠎ᠠ ᠶᠢᠨ ᠪᠦᠵᠢᠭᠤᠯᠤᠭᠰᠠᠨ ᠵᠢᠵᠢᠭ ᠮᠣᠷᠢ ᠨᠢ ᠴᠦ ᠮᠠᠰᠢ ᠣᠯᠠᠨ ᠳᠣᠰᠬᠠᠶᠢᠵᠢᠭᠰᠠᠨ᠂ ᠲᠣᠮᠣ | ᠬᠡᠯᠪᠡᠷᠢ ᠶᠢᠨ ᠮᠣᠷᠢᠨ ᠮᠡᠷᠭᠡᠵᠢᠯ ᠤᠨ ᠺᠯᠦ᠋ᠪ ᠤᠨ ᠲᠡᠷᠢᠭᠦᠨ ᠳᠤ ᠰᠤᠩᠭᠤᠳᠠᠭ ︽ᠲᠡᠷᠢᠭᠦᠨ ᠤ ᠲᠠᠮᠢᠷᠴᠢᠨ︾ | ᠪᠣᠯᠤᠭᠰᠠᠨ ᠪᠠᠶᠢᠨ᠎ᠠ᠃ ︽ᠣᠳᠣᠬᠠᠨ ᠳᠤ ᠦᠨᠳᠦᠰᠦᠨ ᠳᠤ ᠪᠠᠨ ᠡᠭᠦᠯᠳᠡᠷ ᠤᠨ ᠰᠦᠷᠦᠭ ᠴᠦ ᠲᠣᠭᠲᠠᠭᠤᠨ ᠪᠣᠯᠵᠤ᠂ | ᠠᠳᠤᠭᠤᠨ ᠤ ᠲᠤᠰ ᠪᠡᠶ᠎ᠡ ᠶᠢᠨ ᠬᠢᠨᠢ ᠤᠳᠤᠮ ᠨᠢ ᠨᠡᠯᠢᠶᠡᠳ ᠰᠠᠶᠢᠨ ᠪᠣᠯᠵᠤ᠂ ᠥᠪᠡᠷ ᠢᠶᠠᠨ ᠦᠷᠡᠵᠢᠭᠦᠯᠦᠭᠰᠡᠨ | ᠠᠵᠢᠷᠭ᠎ᠠ ᠪᠠ ᠭᠡᠭᠦᠦ ᠪᠠᠷ ᠢᠶᠠᠨ ᠡᠷᠯᠢᠰᠡᠵᠢᠭᠦᠯᠵᠥ ᠪᠤᠶᠢᠵᠢᠭᠤᠯᠵᠤ ᠪᠠᠶᠢᠨ᠎ᠠ᠃ ᠡᠷᠯᠢᠰᠡᠵᠢᠭᠦᠯᠵᠥ | ᠪᠣᠶᠢᠵᠢᠭᠤᠯᠤᠭᠰᠠᠨ ᠤ ᠭᠤᠣᠯ ᠰᠢᠯᠲᠠᠭᠠᠨ ᠨᠢ ᠬᠡᠷᠪᠡ ᠪᠠᠰᠠ ᠴᠡᠪᠡᠷ ᠴᠢᠰᠤᠨ ᠤ ᠠᠳᠤᠭᠤ ᠶᠢ ᠰᠠᠶᠢᠵᠢᠷᠠᠭᠤᠯᠤᠭᠰᠠᠨ | ᠮᠣᠷᠢ ᠪᠠᠷ ᠢᠶᠠᠨ ᠦᠷᠡᠵᠢᠭᠦᠯᠦᠨ ᠪᠤᠶᠢᠵᠢᠭᠤᠯᠤᠭᠰᠠᠨ ᠪᠣᠯ᠂ ᠤᠳᠤᠮ ᠨᠢ ᠰᠠᠶᠢᠨ ᠪᠣᠯᠪᠠᠴᠤ ᠳᠠᠭᠠᠭᠠᠴᠠ ᠨᠢ ᠠᠨᠠᠢ | ᠪᠠᠶᠢᠵᠤ᠂ ᠬᠤᠶᠢᠴᠢ ᠦᠶ᠎ᠡ ᠨᠢ ᠲᠠᠯ᠎ᠠ ᠨᠤᠲᠤᠭ ᠤᠨ ᠤᠷᠤᠯᠳᠤᠭᠠᠨ ᠳᠤ ᠵᠣᠬᠢᠴᠠᠬᠤ ᠦᠭᠡᠢ ᠪᠠᠶᠢᠵᠤ ᠮᠡᠳᠡᠨ᠎ᠡ︾ | ᠭᠡᠵᠥ ᠡᠷᠳᠡᠨᠢᠴᠢᠯᠠᠭᠤ ᠲᠠᠨᠢᠯᠴᠠᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠠᠰᠤᠷᠠᠯᠲᠠ | ᠥᠬᠡᠶ ᠰᠦᠪᠡᠭᠴᠢᠯᠡᠨ ᠬᠥᠭᠵᠢᠭᠦᠯᠬᠦ ᠶᠢ ᠳᠠᠭᠠᠯᠳᠤᠨ᠂ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠤ | ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠢᠳᠡᠪᠬᠢᠲᠡᠶ ᠪᠣᠶ ᠪᠣᠯᠭᠠᠵᠤ᠂ ᠤᠯᠠᠮ ᠠᠴᠠ ᠤᠯᠠᠮ ᠣᠯᠠᠨ ᠮᠣᠷᠢ | ᠲᠡᠵᠢᠭᠡᠭᠴᠢ᠂ ᠮᠣᠷᠢᠨ ᠳᠤ ᠪᠠᠭ᠋ᠠᠲᠠᠢ ᠬᠥᠮᠥᠰ ᠴᠤ ᠣᠷᠣᠯᠴᠠᠵᠤ᠂ ᠡᠷᠳᠡᠨᠢᠴᠢᠯᠠᠭᠤ ᠴᠤ ᠠᠳᠠᠯᠢᠬᠠᠨ ᠶᠤᠮ᠃ | ᠬᠡᠳᠦ᠋ᠢᠪᠡᠷ ᠥᠪᠡᠷ ᠢᠶᠠᠨ ᠤᠷᠤᠯᠳᠤᠭᠠᠨ ᠳᠤ ᠣᠷᠣᠯᠴᠠᠵᠤ ᠳᠡᠶᠢᠯᠬᠦ ᠦᠭᠡᠢ ᠪᠣᠯᠪᠠᠴᠤ ᠤᠳᠠᠯ ᠦᠭᠡᠢ ᠡᠷᠬᠢᠯᠡᠬᠦ ᠭᠡᠵᠦ | ᠪᠠᠶᠢᠭ᠎ᠠ 2025 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠭᠠᠴᠠᠭᠠᠨ ᠤ ᠰᠢᠭᠰᠢᠶ᠎ᠡ︾ | ᠮᠣᠷᠢᠨ ᠤᠷᠤᠯᠳᠤᠭᠠᠨ ᠳᠤᠮᠳᠠ᠂ ᠡᠰᠦᠭ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠴᠤ 6 ᠡᠷᠡᠯᠬᠡᠭ ︽ | ᠪᠠᠶᠢᠯᠳᠤᠭᠠᠨ ᠤ ᠮᠣᠷᠢ︾ ᠪᠠᠨ ᠳᠣᠮᠢᠯᠠᠨ ᠤᠷᠤᠯᠳᠤᠭᠠᠨ ᠳᠤ ᠣᠷᠣᠯᠴᠠᠭᠤᠯᠬᠤ ᠶᠢᠨ ᠬᠠᠮᠲᠤ ᠪᠠᠰᠠ ᠰᠢᠷᠠᠮᠦ᠋ᠷᠡᠨ | ᠪᠠᠯᠭᠠᠰᠤᠨ ᠤ ᠣᠷᠣᠯᠳᠤᠭᠠᠨ ᠤ ᠠᠩᠭᠢ ᠶᠢ ᠳᠡᠮᠵᠢᠵᠦ᠂ ᠤᠷᠤᠯᠳᠤᠭᠠᠨ ᠳᠤ ᠣᠷᠣᠯᠴᠠᠭᠰᠠᠳ ᠪᠠ ᠮᠣᠷᠢᠨ ᠳᠤ ᠪᠠᠲᠤ | ᠪᠠᠬᠢ ᠪᠠᠲᠤᠯᠠᠭ᠎ᠠ ᠬᠠᠩᠭᠠᠬᠤ ᠪᠣᠯᠤᠨ᠎ᠠ᠃ | ︽ᠣᠳᠣ ᠮᠠᠨ ᠤ ᠡᠰᠦᠭ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠨᠢ ᠰᠢᠷᠠᠮᠦ᠋ᠷᠡᠨ ᠪᠠᠯᠭᠠᠰᠤᠨ ᠤ | ᠵᠠᠰᠠᠭ ᠤᠨ ᠣᠷᠳᠣᠨ ᠤ ᠬᠠᠪᠰᠣᠷᠣᠯᠭ᠎ᠠ ᠳᠣᠣᠷ᠎ᠠ ᠰᠢᠷᠡᠮᠦ᠋ᠷᠡᠨ ᠤ ᠵᠢᠷᠤᠭ᠎ᠠ ᠮᠣᠷᠢᠨ ᠤ ᠨᠡᠶᠢᠭᠡᠮᠯᠢᠭ ᠢ ᠪᠠᠶᠢᠭᠤᠯᠵᠤ᠂ | ᠳᠠᠷᠠᠭ᠎ᠠ ᠠᠯᠬᠤᠮ ᠳᠤ᠂ ᠪᠢᠳᠡ ᠭᠤᠣᠯᠳᠠᠭᠤ ᠰᠢᠷᠡᠮᠦ᠋ᠷᠡᠨ ᠲᠡᠮᠲᠡᠭᠳᠥ ᠵᠢᠷᠤᠭ᠎ᠠ ᠮᠣᠷᠢ ᠶᠢ ᠦᠷᠡᠵᠢᠭᠦᠯᠦᠨ | ᠪᠤᠶᠢᠵᠢᠭᠤᠯᠬᠤ ᠪᠠᠷ ᠭᠤᠣᠯ ᠪᠣᠯᠭᠠᠵᠤ᠂ ᠣᠶᠢᠷ᠎ᠠ ᠬᠠᠪᠢ ᠶᠢᠨ ᠮᠠᠯᠴᠢᠳ ᠢᠶᠠᠨ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠤᠨ᠎ᠠ︾ ᠭᠡᠵᠥ ᠡᠷᠳᠡᠨᠢᠴᠢᠯᠠᠭᠤ ᠬᠡᠯᠡᠪᠡ᠃ | ᠵᠢᠷᠭᠠᠬᠤ ᠨᠠᠷᠠ ᠰᠢᠷᠠᠮᠦ᠋ᠷᠡᠨ ᠲᠠᠯ᠎ᠠ ᠨᠤᠲᠤᠭ ᠢ ᠨᠢᠭᠡ ᠳᠠᠪᠬᠤᠷ ᠠᠯᠲᠠᠨ ᠬᠥᠪᠡᠭᠡ ᠪᠠᠷ ᠥᠩᠭᠡᠯᠡᠭᠰᠡᠨ ᠪᠥᠭᠡᠳ | ᠡᠰᠦᠭ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠶᠢᠨ ᠮᠣᠷᠢᠨ ᠬᠠᠰᠢᠶ᠎ᠠ ᠳᠤ ᠠᠳᠣᠭᠤᠨ ᠤ ᠦᠦᠷᠰᠡᠬᠦ ᠳᠠᠭᠤᠨ | ᠰᠣᠨᠣᠰᠳᠠᠵᠤ᠂ ᠶᠠᠭ ᠯᠠ ᠠᠯᠤᠰ ᠨᠤᠲᠤᠭ ᠤᠨ ᠰᠠᠯᠬᠢᠨ ᠤ ᠠᠶ᠎ᠠ ᠪᠠᠷ ᠲᠠᠯ᠎ᠠ ᠨᠤᠲᠤᠭ ᠤᠨ ᠤᠷᠲᠤ ᠶᠢᠨ ᠳᠠᠭᠤᠤ ᠶᠢ | ᠬᠥᠭᠵᠢᠮᠳᠡᠭᠰᠡᠨ ᠰᠢᠭ ᠰᠠᠨᠠᠭᠳᠠᠨ᠎ᠠ᠃ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠨᠢ ᠨᠢᠭᠡᠨ | ᠬᠤᠷᠳᠤᠴᠠ ᠶᠢᠨ ᠦᠵᠡᠯᠴᠡᠭᠡᠨ ᠪᠣᠯᠬᠤ ᠪᠠᠷ ᠪᠠᠷᠠᠬᠤ ᠥᠬᠡᠶ᠂ ᠨᠠᠩ ᠴᠤ ᠰᠣᠶᠣᠯ ᠤᠨ ᠤᠯᠠᠮᠵᠢᠯᠠᠯ ᠪᠠ ᠰᠣᠶᠣᠯ | ᠵᠢᠭᠤᠯᠴᠢᠯᠠᠯ ᠤᠨ ᠰᠢᠨ᠎ᠡ ᠡᠭᠦᠳᠥᠯᠳᠡ ᠶᠢᠨ ᠳᠠᠪᠬᠤᠷ ᠭᠡᠷᠡᠴᠢ ᠪᠣᠯᠬᠤ ᠶᠤᠮ᠃ ᠠᠳᠡ᠂ ᠮᠣᠷᠢᠨ ᠳᠥᠪᠡᠷᠭᠡᠨ | ᠶᠡᠷᠦ ᠠᠴᠠ ᠪᠠᠨ ᠨᠠᠮᠳᠠᠵᠤ ᠦᠵᠡᠭᠡ ᠦᠭᠡᠢ᠂ ᠲᠡᠷᠡ ᠨᠢ ᠶᠠᠭ ᠨᠡᠩ ᠬᠦᠴᠦᠲᠡᠢ ᠴᠣᠬᠢᠯᠭ᠎ᠠ ᠪᠠᠷ ᠬᠥᠮᠥᠨ ᠪᠠ ᠮᠣᠷᠢ᠂ | ᠤᠯᠠᠮᠵᠢᠯᠠᠯ ᠪᠠ ᠣᠳᠣ ᠴᠠᠭ ᠦᠶ᠎ᠡ ᠶᠢ ᠬᠠᠮᠲᠤ ᠪᠠᠷ ᠵᠢᠷᠤᠭᠯᠠᠭᠰᠠᠨ ᠢᠷᠡᠭᠡᠳᠦᠢ ᠳᠤ ᠲᠡᠮᠡᠦᠯᠦᠨ᠎ᠡ᠃ | |