5 ᠰᠠᠷ᠎ᠠ ᠶᠢᠨ 14 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠶᠢᠨ | ᠬᠠᠮᠠᠭᠠᠯᠠᠯᠲᠠ ᠶᠢᠨ ᠠᠯᠪᠠᠨ ᠭᠡᠷ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠬᠤᠷᠠᠯ ᠬᠤᠳᠠᠯᠳᠤᠭᠠᠴᠢᠳ ᠤᠨ ᠬᠤᠷᠠᠯ | ᠬᠤᠷᠠᠯᠳᠣᠭᠤᠯᠵᠤ ᠬᠢᠯᠢ ᠶᠢᠨ ᠠᠵᠤ ᠠᠬᠤᠶᠢᠯᠠᠯ ᠤᠨ ᠬᠢᠯᠢ ᠪᠠᠨ ᠬᠠᠮᠠᠭᠠᠯᠠᠬᠤ ᠡᠩᠨᠡᠭᠡ ᠪᠠᠶᠢᠭᠤᠯᠤᠭᠳᠠᠬᠤ ᠶᠣᠰᠣᠯᠠᠯ | ᠶᠠᠪᠤᠭᠳᠠᠭᠤᠯᠵᠤ᠂ ᠬᠤᠷᠠᠯ ᠳᠡᠭᠡᠷ᠎ᠡ ᠬᠢᠯᠢ ᠬᠢᠵᠠᠭᠠᠷ ᠣᠷᠣᠨ ᠳᠤ ᠰᠠᠭᠤᠭ᠎ᠠ ᠡᠯ᠎ᠡ ᠪᠠᠶᠢᠭᠤᠯᠭ᠎ᠠ ᠨᠢᠭᠡᠴᠡ ᠣᠶᠢᠷ᠎ᠠ ᠶᠢᠨ | ᠬᠤᠭᠤᠴᠠᠭᠠᠨ ᠤ ᠠᠵᠢᠯ ᠤᠨ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠬᠤ ᠶᠢᠨ ᠬᠠᠮᠲᠤ ᠬᠠᠨᠳᠤᠯᠭᠠᠲᠤ | ᠴᠢᠨᠠᠷᠲᠠᠶ ᠪᠠᠷ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠤᠷᠠᠳᠪᠠ᠃ ᠬᠤᠷᠠᠯ ᠳᠡᠭᠡᠷ᠎ᠡ ᠬᠤᠰᠢᠭᠤᠨ ᠤ ᠭᠠᠳᠠᠭᠠᠳᠤ | ᠶᠠᠪᠤᠳᠠᠯ ᠤᠨ ᠠᠯᠪᠠᠨ ᠬᠡᠷ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠠᠵᠤ ᠠᠬᠤᠶᠢᠯᠠᠯ ᠤᠨ ᠲᠥᠯᠥᠭᠡᠯᠡᠭᠴᠢ | ᠬᠢᠯᠢ ᠶᠢᠨ ᠬᠠᠮᠠᠭᠠᠯᠠᠯᠲᠠ ᠶᠢᠨ ᠠᠵᠤ ᠠᠬᠤᠶᠢᠯᠠᠯ ᠤᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ | ᠠᠵᠢᠯ ᠤᠨ ᠲᠤᠬᠠᠶ ᠶᠠᠷᠢᠶ᠎ᠠ ᠲᠠᠯᠪᠢᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠶᠢᠭᠤᠯᠭ᠎ᠠ ᠨᠢᠭᠡᠴᠡ ᠬᠦᠴᠦᠨ ᠢᠶᠠᠨ ᠵᠣᠬᠢᠴᠠᠭᠤᠯᠤᠨ ᠬᠢᠯᠢ | ᠬᠢᠵᠠᠭᠠᠷ ᠤᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠵᠣᠬᠢᠶᠠᠨ | ᠪᠠᠶᠢᠭᠤᠯᠤᠯᠲᠠ ᠪᠠ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠬᠢᠯᠢ ᠶᠢᠨ ᠪᠠᠶᠢᠳᠠᠯ ᠢ ᠰᠤᠳᠤᠯᠤᠨ | ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠪᠠᠶᠢᠳᠠᠯ ᠢ | ᠰᠣᠯᠢᠯᠴᠠᠨ ᠵᠥᠪᠳᠡᠯᠴᠡᠬᠦ ᠬᠤᠳᠠᠯᠳᠤᠭᠠᠴᠢᠳ ᠤᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠬᠢᠯᠢ ᠶᠢᠨ | ᠪᠠᠶᠢᠳᠠᠯ ᠢ ᠵᠠᠳᠠᠯᠵᠤ᠂ ᠠᠷᠭᠠᠴᠠᠭᠠᠬᠤ ᠠᠷᠭ᠎ᠠ ᠬᠡᠮᠵᠢᠶ᠎ᠡ ᠶᠢ ᠰᠤᠳᠤᠯᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ | ᠬᠠᠮᠲᠤ ᠪᠠᠷ ᠡᠳ᠋ᠯᠡᠬᠦ᠂ ᠬᠠᠮᠲᠤ ᠪᠠᠷ ᠰᠤᠳᠤᠯᠤᠨ ᠮᠠᠭᠠᠳᠯᠠᠵᠤ ᠰᠢᠢᠳᠪᠦᠷᠢᠯᠡᠬᠦ ᠠᠵᠢᠯ ᠤᠨ ᠵᠠᠭᠪᠤᠷ ᠢ ᠪᠣᠶ ᠪᠣᠯᠭᠠᠵᠤ᠂ | ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃ ᠬᠢᠯᠢ ᠶᠢᠨ ᠣᠷᠣᠨ | ᠪᠦᠰᠡ ᠶᠢᠨ ᠬᠠᠮᠢᠶᠠᠷᠤᠯᠲᠠ ᠡᠵᠡᠮᠳᠡᠯ ᠤᠨ ᠡᠷᠴᠢᠮ ᠢ ᠬᠦᠴᠦᠯᠡᠨ ᠴᠢᠩᠭᠠᠳᠬᠠᠬᠤ ᠬᠡᠷᠡᠭᠲᠡᠶ᠃ ᠪᠠᠷᠢᠯᠭ᠎ᠠ ᠪᠠᠷᠢᠬᠤ | ᠪᠠᠶᠢᠭᠤᠯᠭ᠎ᠠ ᠨᠢᠭᠡᠴᠡ ᠶᠢᠨ ᠬᠥᠮᠦᠰ ᠵᠢᠴᠢ ᠨᠡᠭᠦᠳᠡᠯ ᠬᠥᠮᠦᠨ ᠠᠮᠠ ᠶᠢ ᠳᠠᠩᠰᠠᠯᠠᠬᠤ᠂ ᠦᠢᠯᠡᠴᠢᠯᠡᠬᠦ ᠬᠢᠭᠡᠳ | ᠬᠥᠳᠡᠯᠦᠩᠭᠦᠶ ᠬᠢᠨᠠᠨ ᠬᠠᠮᠢᠶᠠᠷᠬᠤ ᠶᠢ ᠴᠢᠩᠭᠠᠷᠠᠭᠤᠯᠵᠤ᠂ ᠣᠨᠴᠠᠭᠠᠶ ᠬᠥᠮᠦᠰ ᠢ ᠬᠠᠮᠢᠶᠠᠷᠤᠨ ᠡᠵᠡᠮᠳᠡᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ᠬᠢᠯᠢ ᠶᠢᠨ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠵᠤ᠂ ᠬᠢᠯᠢ ᠶᠢᠨ | ᠬᠠᠮᠠᠭᠠᠯᠠᠯᠲᠠ ᠶᠢᠨ ᠠᠩᠭᠢ᠂ ᠬᠢᠯᠢ ᠶᠢᠨ ᠬᠠᠮᠠᠭᠠᠯᠠᠯᠲᠠ ᠶᠢᠨ ᠳᠣᠮᠢᠯᠠᠭᠰᠠᠨ ᠰᠠᠯᠪᠤᠷᠢ᠂ ᠬᠢᠯᠢ ᠶᠢᠨ ᠬᠠᠮᠠᠭᠠᠯᠠᠭᠴᠢ᠂ | ᠠᠵᠤ ᠠᠬᠤᠶᠢᠯᠠᠯ ᠤᠨ ᠲᠥᠯᠥᠭᠡᠯᠡᠭᠴᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠨ ᠬᠢᠯᠢ ᠶᠢᠨ | ᠱᠤᠭᠤᠮ ᠤᠨ ᠴᠡᠭᠴᠡᠯᠡᠨ ᠵᠠᠰᠠᠬᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯᠯᠠᠭ᠎ᠠ ᠥᠷᠨᠢᠭᠦᠯᠵᠥ᠂ | ᠬᠢᠯᠢ ᠶᠢᠨ ᠱᠤᠭᠤᠮ ᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠴᠡᠭ᠂ | ᠱᠤᠭᠤᠮ᠂ ᠪᠦᠬᠦ ᠲᠠᠯ᠎ᠠ ᠶᠢ ᠴᠢᠩᠭ᠎ᠠ ᠬᠠᠮᠢᠶᠠᠷᠴᠤ᠂ ᠬᠢᠯᠢ ᠶᠢᠨ ᠨᠢᠭᠡᠳᠦᠭᠡᠷ ᠹᠷᠣᠨᠲ ᠤᠨ ᠠᠮᠤᠷ ᠲᠦᠪᠰᠢᠨ | ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠴᠢᠩᠭᠠᠳᠬᠠᠵᠤ ᠰᠢᠨ᠎ᠡ ᠴᠠᠭ ᠦᠶ᠎ᠡ ᠶᠢᠨ ᠬᠢᠯᠢ ᠶᠢᠨ ᠬᠠᠮᠠᠭᠠᠯᠠᠯᠲᠠ ᠶᠢᠨ ᠰᠣᠶᠣᠯ ᠢ ᠪᠠᠶᠢᠭᠤᠯᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ | ᠱᠤᠭᠤᠮ ᠤᠨ ᠱᠠᠭᠠᠷᠳᠠᠯᠭ᠎ᠠ ᠶᠢ ᠬᠦᠲᠦᠯᠦᠨ ᠵᠢᠯᠣᠭᠤᠳᠴᠤ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠠᠭ ᠲᠤᠬᠠᠢ ᠳᠤᠨᠢ ᠲᠤᠷᠰᠢᠯᠭ᠎ᠠ ᠪᠠᠨ ᠳ᠋ᠥᠩᠨᠡᠨ ᠬᠢᠭᠦ ᠠᠷᠭ᠎ᠠ ᠪᠠᠨ | ᠬᠤᠷᠢᠶᠠᠩᠭᠠᠤᠶᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ | ᠰᠣᠶᠣᠯ ᠤᠷᠠᠯᠢᠭ ᠢ ᠬᠢᠯᠢ ᠬᠢᠵᠠᠭᠠᠷ ᠲᠤ ᠣᠷᠣᠭᠤᠯᠬᠤ︾᠂ ︽ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠭ᠎ᠠ︾ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠮ ᠡᠮᠨᠡᠯᠭᠡ᠂ ᠰᠣᠶᠣᠯ᠂ | ᠬᠠᠤᠯᠢ ᠴᠠᠭᠠᠵᠠ ᠶᠢ ᠴᠡᠷᠢᠭ ᠤᠨ ᠬᠤᠸᠠᠷᠠᠨ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠠᠵᠤ | ᠠᠬᠤᠶᠢᠯᠠᠯ ᠳᠤ ᠣᠷᠣᠭᠤᠯᠬᠤ᠂ ᠮᠠᠯᠵᠢᠬᠤ ᠡᠷᠦᠬᠡ ᠳᠤ ᠣᠷᠣᠭᠤᠯᠬᠤ ᠶᠢ ᠬᠥᠲᠥᠯᠥᠨ ᠵᠢᠯᠣᠭᠤᠳᠴᠤ᠂ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ᠂ ᠬᠢᠯᠢ ᠶᠢᠨ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠠᠩᠬᠠᠷᠴᠤ᠂ ᠬᠠᠮᠲᠤ ᠪᠠᠷ ᠣᠷᠣᠯᠴᠠᠬᠤ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠬᠤᠷᠠᠯ ᠤᠨ ᠳᠠᠷᠠᠭ᠎ᠠ᠂ ᠬᠢᠯᠢ ᠳᠤ ᠰᠠᠭᠤᠭ᠎ᠠ ᠠᠵᠤ ᠠᠬᠤᠶᠢᠯᠠᠯ ᠤᠨ ᠬᠢᠯᠢ ᠬᠢᠵᠠᠭᠠᠷ ᠢᠶᠠᠨ ᠬᠠᠮᠠᠭᠠᠯᠠᠬᠤ | ᠡᠩᠨᠡᠭᠡ ᠨᠢ ᠲᠡᠷᠢ ᠲᠡᠭᠰᠢ ᠵᠢᠭᠰᠠᠵᠤ᠂ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠠᠯᠪᠠᠨ ᠬᠡᠷ ᠠᠴᠠ ᠬᠢᠯᠢ ᠳᠤ | ᠰᠠᠭᠤᠭ᠎ᠠ ᠠᠵᠤ ᠠᠬᠤᠶᠢᠯᠠᠯ ᠤᠨ ᠬᠢᠯᠢ ᠶᠢᠨ ᠬᠠᠮᠠᠭᠠᠯᠠᠯᠲᠠ ᠶᠢᠨ ᠡᠩᠨᠡᠭᠡ ᠵᠢᠩᠬᠢᠨᠢ ᠪᠠᠷ ᠪᠠᠶᠢᠭᠤᠯᠤᠭᠰᠠᠨ ᠢ | ᠨᠡᠶᠢᠲᠡᠯᠡᠭᠰᠡᠨ ᠪᠥᠭᠡᠳ ᠡᠯ᠎ᠡ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠵᠤ ᠪᠣᠭᠤᠮᠲᠠ ᠶᠢᠨ ᠬᠤᠶᠠᠷ ᠲᠠᠯ᠎ᠠ ᠳᠤ | ᠣᠴᠢᠵᠤ ᠬᠤᠯᠪᠣᠭᠠᠯᠠᠨ ᠰᠡᠷᠭᠡᠶᠢᠯᠡᠬᠦ ᠰᠣᠷᠢᠯᠲᠠ ᠵᠢᠴᠢ ᠬᠢᠯᠢ ᠬᠢᠵᠠᠭᠠᠷ ᠢᠶᠠᠨ ᠴᠡᠪᠡᠷᠯᠡᠬᠦ ᠠᠵᠢᠯᠯᠠᠭ᠎ᠠ ᠥᠷᠨᠢᠭᠦᠯᠪᠡ᠃ | |