ᠬᠦᠢᠲᠡᠨ ᠤᠷᠤᠰᠬᠠᠯ ᠭᠡᠨᠡᠳᠲᠡ ᠪᠠᠷ ᠢᠷᠡᠬᠦ ᠭᠡᠵᠥ ᠪᠠᠶᠢᠨ᠎ᠠ ᠠᠭᠠᠷ ᠤᠨ ᠳᠤᠯᠠᠭᠠᠨ ᠤ ᠬᠡᠮᠵᠢᠶ᠎ᠡ 10 ᠭᠷᠠᠳᠦ᠋ᠰ ᠳᠣᠷᠤᠭᠰᠢᠯᠠᠵᠤ ᠰᠠᠯᠬᠢᠨ ᠤ ᠳᠡᠰ 9 ᠳᠡᠰ ᠲᠤ ᠬᠥᠷᠬᠦ ᠪᠣᠯᠣᠨ᠎ᠠ
ᠨᠡᠶᠢᠲᠡᠯᠡᠭᠰᠡᠨ ᠴᠠᠭ᠄
2025/5/16
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠬᠠᠮᠤᠭ ᠤᠨ ᠰᠢᠨ᠎ᠡ ᠤᠷᠢᠳᠴᠢᠯᠠᠭᠰᠠᠨ ᠮᠡᠳᠡᠭᠡ ᠶᠢ ᠥᠨᠳᠥᠰᠦᠯᠡᠪᠡᠯ      ᠬᠦᠢᠲᠡᠨ ᠠᠭᠠᠷ ᠤᠨ ᠨᠥᠯᠦᠭᠡᠯᠡᠯ ᠳᠣᠣᠷ᠎ᠠ      5 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ      ᠮᠠᠨ ᠤ ᠬᠤᠰᠢᠭᠤ ᠶᠡᠭᠡ ᠰᠠᠯᠬᠢ ᠬᠦᠢᠲᠡᠨ ᠠᠭᠤᠷ ᠠᠮᠢᠰᠬᠤᠯ ᠤᠨ ᠴᠠᠭ ᠠᠭᠠᠷ ᠢᠯᠡᠷᠡᠵᠦ      ᠬᠠᠮᠤᠭ ᠳᠣᠣᠷ᠎ᠠ ᠳᠤᠯᠠᠭᠠᠨ ᠤ ᠬᠡᠮᠵᠢᠶ᠎ᠡ -1~3℃ ᠲᠤ ᠬᠥᠷᠴᠥ17 ᠤ ᠡᠳᠦᠷ ᠤᠨ ᠥᠷᠯᠥᠭᠡ ᠢᠯᠡᠷᠡᠨ᠎ᠡ      ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠪᠠ ᠠᠵᠢᠯᠳᠡᠳ ᠢ ᠰᠠᠷᠭᠡᠶᠢᠯᠡᠯᠳᠡ ᠶᠢᠨ ᠠᠵᠢᠯ ᠢᠶᠠᠨ ᠰᠠᠶᠢᠲᠤᠷ ᠬᠢᠭᠡᠷᠡᠢ᠃ᠪᠤᠳᠠᠲᠠᠢ ᠤᠷᠢᠳᠴᠢᠯᠠᠨ ᠮᠡᠳᠡᠭᠡᠯᠡᠯ ᠨᠢ ᠳᠣᠣᠷᠠᠬᠢ ᠮᠡᠲᠦ᠄      ᠬᠦᠢᠲᠡᠨ ᠤᠷᠤᠰᠬᠠᠯ ᠤᠨ ᠰᠢᠷ᠎ᠠ ᠥᠩᠭᠡ ᠶᠢᠨ ᠰᠡᠷᠡᠮᠵᠢ ᠶᠢᠨ ᠳᠤᠬᠢᠶ᠎ᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠬᠤᠷᠢᠶ᠎ᠠ 2025 ᠣᠨ ᠤ 5 ᠰᠠᠷ᠎ᠠ ᠶᠢᠨ 16 ᠤ ᠡᠳᠦᠷ ᠤᠨ 8 ᠴᠠᠭ 41 ᠮᠢᠨᠦ᠋ᠲ ᠲᠤ ᠬᠦᠢᠲᠡᠨ ᠤᠷᠤᠰᠬᠠᠯ ᠤᠨ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄      24 ᠴᠠᠭ ᠤᠨ ᠳᠣᠲᠣᠷ᠎ᠠ ᠪᠠᠭ᠎ᠠ ᠣᠩᠭᠤᠨ ᠰᠢᠶᠠᠩ᠂ ᠰᠢᠷᠠᠮᠦ᠋ᠷᠡᠨ ᠪᠠᠯᠭᠠᠰᠤ᠂ ᠦᠬᠡᠷᠬᠤᠳᠳᠤᠭ ᠪᠠᠯᠭᠠᠰᠤ᠂ ᠰᠢᠪᠡᠷᠬᠦ᠋ᠷᠢᠶ᠎ᠡ ᠪᠠᠯᠭᠠᠰᠤ᠂ ᠰᠢ ᠾᠧ ᠰᠢᠶᠠᠩ᠂ ᠪᠠᠳᠤᠬᠠᠭᠠᠯᠭ᠎ᠠ ᠪᠠᠯᠭᠠᠰᠤ᠂ ᠮᠢᠩᠭᠠᠨ ᠪᠠᠯᠭᠠᠰᠤ᠂ ᠪᠠᠶ᠋ᠬᠠᠤᠪᠤᠭ᠎ᠠ ᠰᠤᠮᠤ᠂ ᠳᠠᠷᠬᠠᠨ ᠰᠤᠮᠤ᠂ ᠮᠠᠨᠳᠤᠯ ᠪᠠᠯᠭᠠᠰᠤ᠂ ᠪᠠᠶᠠᠨᠬᠤᠸᠠ ᠪᠠᠯᠭᠠᠰᠤ᠂ ᠴᠠᠭᠠᠨᠬᠠᠳᠠ ᠰᠤᠮᠤ ᠶᠢᠨ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ 10℃ ᠠᠴᠠ ᠲᠡᠭᠡᠭᠰᠢ ᠳᠣᠷᠤᠭᠰᠢᠯᠠᠵᠤ᠂ ᠬᠠᠮᠤᠭ ᠳᠣᠣᠷ᠎ᠠ ᠳᠤᠯᠠᠭᠠᠨ ᠤ ᠬᠡᠮᠵᠢᠶ᠎ᠡ 4℃ ᠲᠤ ᠬᠦᠷᠬᠦ ᠪᠤᠶᠤ4℃ ᠳᠣᠷᠤᠭᠰᠢᠯᠠᠵᠤ᠂ ᠳᠤᠮᠳᠠᠴᠢ ᠰᠠᠯᠬᠢᠨ ᠤ ᠬᠦᠴᠦ ᠨᠢ 6 ᠲᠡᠰ ᠠᠴᠠ ᠲᠡᠭᠡᠭᠰᠢ᠂ ᠬᠡᠰᠡᠭ ᠲᠤ ᠪᠠᠨ ᠰᠠᠯᠬᠢᠨ ᠤ ᠬᠡᠮᠵᠢᠶ᠎ᠡ ᠨᠢ 8 - 9 ᠲᠡᠰ ᠲᠤ ᠬᠦᠷᠦᠨ᠎ᠡ᠃ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠪᠠ ᠠᠵᠢᠯᠳᠡᠳ ᠢ ᠰᠠᠷᠭᠡᠶᠢᠯᠡᠯᠳᠡ ᠶᠢᠨ ᠠᠵᠢᠯ ᠢᠶᠠᠨ ᠰᠠᠶᠢᠲᠤᠷ ᠬᠢᠭᠡᠷᠡᠢ᠃ᠰᠡᠷᠭᠡᠶᠢᠯᠡᠯᠳᠡ ᠶᠢᠨ ᠵᠦᠭᠯᠡᠭᠦᠷ᠄      1. ᠵᠠᠰᠠᠭ ᠤᠨ ᠣᠷᠲᠣᠠ ᠪᠠ ᠬᠤᠯᠪᠤᠬᠲᠠᠯ ᠪᠦᠭᠦᠢ ᠰᠠᠯᠠᠭ᠎ᠠ ᠮᠦᠴᠢᠷ ᠥᠪᠡᠷ ᠤᠨ ᠡᠭᠦᠷᠭᠡ ᠬᠠᠷᠢᠭᠤᠴᠠᠯᠭ᠎ᠠ ᠶᠣᠰᠤᠭᠠᠷ ᠬᠦᠢᠲᠡᠨ ᠤᠷᠤᠰᠬᠠᠯ ᠤᠨ ᠰᠡᠷᠭᠡᠶᠢᠯᠡᠯᠳᠡ ᠶᠢᠨ ᠠᠵᠢᠯ ᠢᠶᠠᠨ ᠰᠠᠶᠢᠲᠣᠷ ᠬᠢᠭᠦ ᠬᠡᠷᠡᠭᠳᠡᠢ᠃      2. ᠬᠤᠪᠴᠠᠰᠤ ᠨᠡᠮᠡᠵᠦ ᠢᠶᠠᠨ ᠵᠤᠵᠠᠭᠠᠯᠠᠵᠤ ᠡᠮᠦᠰᠬᠦ ᠶᠢ ᠠᠩᠬᠠᠷᠴᠤ᠂ ᠨᠠᠰᠤᠳᠠᠢ᠂ ᠪᠠᠭᠤᠷᠠᠶ᠂ ᠡᠪᠡᠳᠴᠢᠲᠡᠨ ᠢᠶᠠᠨ ᠰᠠᠶᠢᠲᠤᠷ ᠬᠠᠷᠠᠭᠠᠯᠵᠠᠬᠤ ᠬᠡᠷᠡᠭᠳᠡᠢ᠃      3. ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠭᠦ ᠬᠡᠷᠡᠭᠳᠡᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号