ᠵᠤᠨ ᠤ ᠤᠯᠠᠷᠢᠯ ᠳᠤ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ | ᠠᠵᠢᠯ ᠵᠢᠩᠬᠢᠨᠢ ᠪᠠᠷ ᠡᠬᠢᠯᠡᠵᠦ᠂ ᠲᠤᠰᠬᠠᠶᠢᠵᠢᠭᠰᠠᠨ ᠦᠢᠯᠡᠴᠢᠯᠡᠭᠡ᠂ ᠬᠡᠪᠴᠢᠶᠡᠵᠢᠭᠰᠡᠨ ᠡᠵᠡᠩᠨᠡᠯᠲᠡ ᠪᠠᠷ | ᠳᠠᠮᠵᠢᠭᠤᠯᠤᠨ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡ ᠨᠢ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠦᠰᠡᠯ ᠡᠷᠡᠮᠡᠯᠵᠡᠯ | ᠪᠢᠯᠬᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠠᠭᠠᠵᠢᠮ ᠢᠶᠠᠷ ᠶᠠᠪᠤᠭᠳᠠᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2025 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠲᠥᠷᠥᠯ ᠵᠦᠢᠯ ᠤᠨ ᠬᠠᠮᠤᠷᠬᠤ ᠲᠠᠯᠠᠪᠠᠶ 14.8 ᠲᠦᠮᠡᠨ ᠮᠥ ᠳᠤ ᠬᠦᠷᠴᠦ᠂ ᠲᠥᠷᠥᠯ ᠵᠦᠢᠯ ᠤᠨ ᠪᠠᠯᠠ ᠮᠥᠩᠭᠦ | ᠪᠠᠷᠤᠭ 1036 ᠲᠦᠮᠡᠨ ᠲᠥᠭᠦᠷᠢᠭ ᠲᠤ ᠬᠦᠷᠴᠡᠶ᠃ | 5 ᠳ᠋ᠤᠭᠠᠷ ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠪᠠᠭ᠎ᠠ ᠣᠩᠭᠤᠨ ᠰᠢᠶᠠᠩ ᠤᠨ ᠪᠠᠭ᠎ᠠ ᠣᠩᠭᠤᠨ | ᠲᠣᠰᠬᠤᠨ ᠤ ᠲᠠᠷᠢᠶᠠᠨ ᠭᠠᠵᠠᠷ ᠲᠤ ᠬᠦᠷᠴᠦ᠂ ᠳᠥᠷᠪᠡ ᠲᠠᠪᠤᠨ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ | ᠬᠡᠭᠡᠷ᠎ᠡ ᠲᠠᠯ᠎ᠠ ᠪᠠᠷ ᠨᠠᠭᠠᠰᠢ ᠴᠠᠭᠠᠰᠢ ᠰᠦᠯᠵᠢᠯᠳᠦᠵᠦ᠂ ᠬᠡᠰᠡᠭ ᠬᠡᠰᠡᠭ ᠬᠦᠩᠭᠢᠨᠡᠬᠦ ᠳᠠᠭᠤᠨ ᠭᠠᠷᠴᠤ᠂ | ᠵᠠᠯᠭᠠᠯᠳᠤᠭᠰᠠᠨ ᠡᠷᠳᠡᠨᠢ ᠰᠢᠰᠢ ᠲᠠᠷᠢᠬᠤ ᠠᠵᠢᠯ ᠢ ᠬᠢᠪᠡ᠃ ᠲᠠᠷᠢᠶᠠᠴᠢᠨ ᠡᠷᠦᠬᠡ ᠡᠨᠡ ᠵᠢᠯ ᠤᠨ ᠲᠠᠷᠢᠮᠠᠯ ᠤᠨ | ᠲᠥᠯᠥᠪᠯᠡᠭᠡ ᠪᠠᠨ ᠰᠣᠯᠢᠯᠴᠠᠵᠤ᠂ ᠴᠢᠷᠠᠢ ᠳᠤ ᠨᠢ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠪᠢᠯᠬᠠᠵᠤ ᠪᠠᠶᠢᠯ᠎ᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠭ᠎ᠠ ᠣᠩᠭᠤᠨ ᠤᠷᠢᠳᠠᠪᠠᠷ ᠲᠠᠷᠢᠶᠠᠯᠠᠩ ᠤᠨ ᠮᠠᠰᠢᠨ ᠤ | ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠪᠠᠭ᠎ᠠ ᠣᠩᠭᠤᠨ ᠲᠣᠰᠬᠤᠨ ᠤ ᠨᠠᠮ ᠤᠨ ᠡᠭᠦᠷ ᠤᠨ ᠱᠦᠵᠢ | ᠸᠠᠩ ᠰᠢᠤ ᠯᠠᠨ ᠤ ᠲᠠᠨᠢᠯᠴᠠᠭᠤᠯᠤᠭᠰᠠᠨ ᠢᠶᠠᠷ᠂ ᠤᠷᠢᠳ ᠢᠶᠠᠷ ᠲᠠᠷᠢᠶᠠᠯᠠᠩ ᠤᠨ ᠮᠠᠰᠢᠨ ᠤ ᠬᠤᠷᠰᠢᠶ᠎ᠠ 2023 | ᠣᠨ ᠳᠤ ᠪᠠᠶᠢᠭᠤᠯᠤᠭᠳᠠᠪᠠ᠂ ᠤᠭ ᠵᠣᠷᠢᠯᠭ᠎ᠠ ᠨᠢ ᠲᠠᠷᠢᠶᠠᠴᠢᠳ ᠤᠨ ᠬᠠᠪᠤᠷ ᠤᠨ ᠤᠯᠠᠷᠢᠯ ᠳᠤ ᠲᠠᠷᠢᠬᠤ ᠳᠤ ᠬᠦᠴᠢᠷ | ᠂ ᠲᠠᠷᠢᠶᠠᠯᠠᠩ ᠤᠨ ᠮᠠᠰᠢᠨ ᠤ ᠭᠠᠷ ᠲᠡᠷᠭᠡ ᠲᠡᠵᠢᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠨᠠᠮᠳᠠᠭᠤᠯᠬᠤ ᠶᠢᠨ | ᠲᠥᠯᠥᠭᠡ ᠶᠤᠮ᠂ ᠡᠬᠢᠨ ᠤ ᠦᠶ᠎ᠡ ᠳᠤ 78 ᠲᠷᠠᠺᠲ᠋ᠣᠷ ᠬᠤᠪᠢ ᠣᠷᠣᠵᠤ᠂ ᠦᠢᠯᠡᠴᠢᠯᠡᠭᠡᠨ ᠤ ᠬᠡᠪᠴᠢᠶ᠎ᠡ ᠨᠢ ᠪᠦᠬᠦ | ᠰᠢᠶᠠᠩ ᠤᠨ 9 ᠲᠣᠰᠬᠤᠨ ᠤ ᠵᠥᠪᠯᠡᠯ ᠢ ᠨᠥᠯᠥᠭᠡᠯᠡᠵᠡᠶ᠃ ︽ᠨᠢᠳᠤᠨᠤᠨ ᠤ ᠨᠡᠶᠢᠭᠡᠮᠴᠢᠯᠡᠭᠰᠡᠨ ᠦᠢᠯᠡᠴᠢᠯᠡᠭᠡ 3. | 4 ᠲᠦᠮᠡᠨ ᠮᠦ᠂ ᠡᠨᠡ ᠵᠢᠯ ᠪᠦᠬᠦ ᠰᠢᠶᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠨᠡᠶᠢᠲᠡ 5 ᠲᠦᠮᠡᠨ ᠮᠦ ᠪᠠᠶᠢᠵᠤ᠂ | ᠪᠦᠬᠦ ᠰᠢᠶᠠᠩ ᠤᠨ 6 ᠲᠠᠷᠢᠶᠠᠯᠠᠩ ᠤᠨ ᠮᠠᠰᠢᠨ ᠤ ᠬᠤᠷᠰᠢᠶ᠎ᠠ ᠳᠤ ᠲᠡᠰᠬᠡᠨ ᠨᠣᠭᠳᠠᠭᠤᠯᠵᠤ᠂ ᠮᠠᠨ ᠤ ᠬᠤᠷᠰᠢᠶ᠎ᠠ ᠶᠢᠨ | ᠡᠭᠦᠷᠭᠡᠯᠡᠭᠰᠡᠨ 40% ᠬᠦᠷᠬᠦ ᠦᠭᠡᠶ ᠪᠠᠶᠢᠵᠤ᠂ ᠪᠦᠬᠦ ᠰᠢᠶᠠᠩ ᠤᠨ 6 ᠲᠣᠰᠬᠤᠨ ᠤ ᠵᠥᠪᠯᠡᠯ ᠳᠤ ᠦᠢᠯᠡᠴᠢᠯᠡᠵᠦ᠂ | ᠪᠠᠰᠠ ᠮᠠᠨ ᠤ ᠳᠠᠷᠤᠯᠲᠠ ᠶᠢ ᠨᠠᠮᠳᠠᠭᠤᠯᠵᠠᠶ᠃︾ ᠭᠡᠵᠦ ᠸᠠᠩ ᠰᠢᠤ ᠯᠠᠨ ᠬᠡᠯᠡᠵᠦ᠂ ᠥᠩᠭᠡᠷᠡᠭᠰᠡᠨ ᠳᠤ ᠲᠠᠷᠢᠶᠠᠴᠢᠨ | ᠡᠷᠦᠬᠡ ᠶᠢᠨ ᠲᠠᠷᠢᠶ᠎ᠠ ᠳᠠᠷᠢᠬᠤ ᠦᠨ᠎ᠡ ᠨᠢ ᠲᠠᠩ ᠭᠠᠵᠠᠷ ᠤᠨ 35 ᠲᠥᠭᠦᠷᠢᠭ᠂ ᠠᠮᠤ ᠪᠤᠳᠠᠭᠠᠨ ᠤ ᠲᠠᠷᠢᠶᠠᠨ ᠭᠠᠵᠠᠷ | ᠮᠥ ᠪᠦᠷᠢ 30 ᠲᠥᠭᠦᠷᠢᠭ ᠪᠣᠯᠤᠨ᠎ᠠ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠢᠶᠠᠷ ᠳᠡᠮᠵᠢᠨ᠂ ᠲᠠᠷᠢᠶᠠᠴᠢᠨ ᠡᠷᠦᠬᠡ ᠶᠢᠨ ᠲᠠᠷᠢᠶ᠎ᠠ ᠳᠠᠷᠢᠬᠤ ᠦᠨ᠎ᠡ ᠰᠢᠭᠤᠳ | ᠬᠠᠭᠠᠰ ᠢᠶᠠᠷ ᠪᠠᠭᠤᠷᠠᠵᠤ᠂ ᠲᠠᠩ ᠭᠠᠵᠠᠷ ᠤᠨ ᠭᠠᠵᠠᠷ 17 ᠲᠥᠭᠦᠷᠢᠭ᠂ ᠠᠮᠤ ᠪᠤᠳᠠᠭᠠᠨ ᠤ ᠲᠠᠷᠢᠶᠠᠨ ᠭᠠᠵᠠᠷ 15 | ᠲᠥᠭᠦᠷᠢᠭ᠂ ᠲᠠᠷᠢᠶᠠᠴᠢᠨ ᠡᠷᠦᠬᠡ ᠶᠢᠨ ᠰᠢᠭᠤᠳ ᠠᠰᠢᠭ ᠣᠷᠣᠯᠭ᠎ᠠ ᠣᠯᠵᠤ᠂ ᠲᠠᠷᠢᠶᠠᠯᠠᠩ ᠤᠨ ᠮᠠᠰᠢᠨ ᠤ | ᠠᠵᠢᠯᠲᠠᠨ ᠬᠥᠳᠡᠯᠮᠦᠷᠢ ᠶᠢᠨ ᠬᠥᠯᠥᠰᠥ ᠣᠯᠭᠤᠮᠵᠢ ᠭᠥᠷᠳᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠤᠨ ᠡᠮᠦᠨ᠎ᠡ ᠲᠠᠯ᠎ᠠ ᠶᠢᠨ ᠰᠢ ᠾᠧ ᠰᠢᠶᠠᠩ ᠳᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠨ ᠾᠧ ᠢ ᠲᠠᠷᠢᠶᠠᠯᠠᠩ ᠤᠨ ᠮᠠᠰᠢᠨ ᠤ ᠲᠤᠰᠬᠠᠢ | ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠰᠢ ᠾᠧ ᠲᠣᠰᠬᠤᠨ ᠤ ᠨᠠᠮ ᠤᠨ ᠡᠭᠦᠷ ᠤᠨ ᠱᠦᠵᠢ᠂ | ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠠᠩ ᠭᠤᠸᠠᠨ ᠱᠧ ᠲᠠᠷᠢᠶᠠᠨ ᠭᠠᠵᠠᠷ ᠲᠤ ᠬᠡᠳᠦᠨ ᠲᠷᠠᠺᠲ᠋ᠣᠷ | ᠶᠠᠭ ᠲᠠᠷᠢᠶᠠᠨ ᠭᠠᠵᠠᠷ᠂ ᠪᠦᠷᠬᠦᠪᠴᠢ᠂ ᠲᠠᠷᠢᠬᠤ ᠠᠵᠢᠯ ᠬᠢᠵᠦ ᠪᠠᠶᠢᠬᠤ ᠶᠢ ᠦᠵᠡᠭᠡᠳ ᠲᠡᠭᠦᠨ ᠤ ᠨᠢᠳᠦᠨ ᠳᠤ | ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠯ᠎ᠠ᠃ ᠰᠠᠨ ᠾᠧ ᠢ ᠲᠠᠷᠢᠶᠠᠯᠠᠩ ᠤᠨ ᠮᠠᠰᠢᠨ ᠤ ᠬᠤᠷᠰᠢᠶ᠎ᠠ 2018 | ᠣᠨ ᠳᠤ ᠪᠠᠶᠢᠭᠤᠯᠤᠭᠳᠠᠵᠤ᠂ ᠰᠢ ᠾᠧ ᠲᠣᠰᠬᠤᠨ᠂ ᠰᠢᠷ᠎ᠠ ᠦᠩᠭᠡ ᠲᠣᠰᠬᠤᠨ᠂ ᠰᠢᠷᠠᠨᠬᠠᠳᠠ ᠲᠣᠰᠬᠤᠨ ᠵᠡᠷᠭᠡ | 3 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠪᠠᠷ ᠬᠤᠪᠢ ᠣᠷᠣᠭᠤᠯᠤᠭᠰᠠᠨ ᠵᠢᠴᠢ ᠬᠡᠰᠡᠭ | ᠲᠠᠷᠢᠶᠠᠴᠢᠨ ᠡᠷᠦᠬᠡ ᠶᠢᠨ ᠮᠠᠰᠢᠨ ᠢᠶᠠᠷ ᠬᠤᠪᠢ ᠣᠷᠣᠵᠤ ᠪᠠᠶᠢᠭᠤᠯᠤᠭᠳᠠᠪᠠ᠃ ︽ᠪᠢᠳᠡ 2023 ᠣᠨ ᠠᠴᠠ | ᠡᠬᠢᠯᠡᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠬᠢᠵᠦ᠂ ᠪᠥᠬᠦ | ᠵᠢᠯ ᠤᠨ ᠦᠢᠯᠡᠴᠢᠯᠡᠭᠡ 2.8 ᠲᠦᠮᠡᠨ ᠮᠥ᠂ ᠴᠡᠪᠡᠷ ᠠᠰᠢᠭ ᠬᠤᠨᠵᠢᠪᠣᠷᠢ ᠨᠢ 61 ᠲᠦᠮᠡ ᠰᠢᠬᠠᠮ ᠪᠣᠯᠪᠠ᠃ | 2024 ᠣᠨ ᠳᠤ ᠪᠠᠷᠤᠭ 3 ᠲᠦᠮᠡᠨ ᠮᠦ ᠦᠢᠯᠡᠴᠢᠯᠡᠭᠡ ᠬᠠᠩᠭᠠᠵᠤ᠂ ᠴᠠᠭ ᠠᠭᠤᠷ ᠵᠢᠴᠢ ᠮᠠᠰᠢᠨ ᠲᠥᠬᠦᠭᠡᠷᠦᠮᠵᠢ | ᠬᠠᠭᠤᠴᠢᠷᠠᠭᠰᠠᠨ ᠵᠡᠷᠭᠡ ᠡᠯᠧᠮᠧᠨ᠋ᠲ ᠤᠨ ᠨᠥᠯᠥᠭᠡ ᠠᠴᠠ ᠪᠤᠯᠵᠤ᠂ ᠠᠰᠢᠭ ᠬᠤᠨᠵᠢᠪᠤᠷᠢ ᠨᠢ 2023 ᠣᠨ ᠢ ᠬᠦᠷᠬᠦ | ᠦᠭᠡᠢ᠃ 2025 ᠣᠨ ᠳᠤ ᠪᠢᠳᠡ ᠲᠥᠬᠦᠭᠡᠷᠦᠮᠵᠢ ᠶᠢᠨ ᠬᠠᠮᠠᠭᠠᠯᠠᠯᠲᠠ ᠬᠢᠵᠦ᠂ ᠨᠡᠶᠢᠭᠡᠮᠴᠢᠯᠡᠭᠰᠡᠨ | ᠦᠶ᠋ᠯᠡᠴᠢᠯᠡᠭᠡᠨ ᠤ ᠲᠥᠷᠥᠯ ᠵᠦᠢᠯ ᠢ 1.8 ᠲᠦᠮᠡᠨ ᠮᠥ ᠡᠭᠦᠷᠭᠡᠯᠡᠵᠦ᠂ ᠣᠳᠣᠬᠠᠨ ᠳᠤ ᠠᠰᠢᠭ ᠬᠤᠨᠵᠢᠪᠣᠷᠢ ᠶᠢ | ᠨᠢᠳᠤᠨᠤᠨ ᠤ ᠬᠢ ᠠᠴᠠ ᠰᠠᠶᠢᠨ ᠪᠠᠶᠢᠬᠤ ᠬᠡᠷᠡᠭᠲᠡᠶ︾ ᠭᠡᠵᠦ ᠵᠠᠩ ᠭᠤᠸᠠᠨ ᠱᠧ ᠬᠡᠯᠡᠪᠡ᠃ | ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠦᠷᠦᠯ ᠵᠦᠢᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠦᠢᠯᠡᠳᠪᠦᠷᠢᠯᠡᠯ ᠢ ᠨᠠᠶᠢᠳᠠᠨ | ᠬᠠᠮᠢᠶᠠᠷᠤᠭᠤᠯᠬᠤ ᠪᠠᠷ ᠭᠤᠣᠯ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠠᠬᠢᠭᠤᠯᠪᠠ᠃ 2024 ᠣᠨ ᠳᠤ᠂ ᠪᠦᠬᠦ ᠬᠤᠰᠢᠭᠤ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ ᠨᠡᠶᠢᠲᠡ 17.2 ᠲᠦᠮᠡᠨ ᠮᠦ ᠬᠡᠷᠡᠭᠵᠢᠭᠦᠯᠵᠦ | ᠂ ᠳᠡᠭᠡᠳᠦ ᠱᠠᠲᠤᠨ ᠠᠴᠠ 1231 ᠲᠦᠮᠡᠨ ᠲᠥᠭᠦᠷᠢᠭ ᠤᠨ ᠲᠦᠷᠦᠯ ᠵᠦᠢᠯ ᠤᠨ ᠪᠡᠯᠡ ᠮᠥᠩᠭᠦ ᠶᠢ ᠢᠳᠡᠪᠬᠢᠲᠡᠢ | ᠲᠡᠮᠡᠴᠡᠨ ᠣᠯᠵᠤ᠂ ᠦᠢᠯᠡᠴᠢᠯᠡᠭᠡ ᠥᠷᠨᠢᠭᠦᠯᠬᠦ ᠳᠤ ᠪᠠᠲᠤ ᠪᠠᠬᠢ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃ | ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠤᠯᠪᠣᠭᠳᠠᠯ ᠪᠥᠬᠦᠶ | ᠬᠥᠮᠦᠰ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠪᠣᠯᠪᠠᠰᠤᠷᠠᠯ ᠤᠨ ᠬᠤᠷᠠᠯ᠂ ᠠᠵᠢᠯ ᠤᠨ ᠠᠬᠢᠭᠤᠯᠬᠤ ᠬᠤᠷᠠᠯ ᠳᠤ | ᠣᠷᠣᠯᠴᠠᠭᠤᠯᠵᠤ᠂ ᠨᠢᠭᠡ ᠪᠦᠯᠦᠭ ᠮᠡᠷᠭᠡᠵᠢᠯ ᠢ ᠮᠡᠳᠡᠬᠦ᠂ ᠡᠵᠡᠩᠨᠡᠬᠦ ᠳᠤ ᠪᠠᠨ ᠴᠢᠳᠠᠮᠠᠭᠠᠶ᠂ ᠬᠠᠮᠢᠶᠠᠷᠴᠤ ᠴᠢᠳᠠᠬᠤ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ | ᠬᠥᠮᠦᠵᠢᠭᠦᠯᠬᠦ ᠶᠢᠨ ᠬᠠᠮᠲᠤ ᠲᠠᠷᠢᠶᠠᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ ᠠᠵᠢᠯ ᠤᠨ ᠭᠤᠭᠴᠤᠭ᠎ᠠ ᠳᠤ | ᠬᠤᠯᠪᠣᠭᠳᠠᠭᠰᠠᠨ ᠲᠠᠷᠢᠶᠠᠯᠠᠩ ᠤᠨ ᠮᠠᠰᠢᠨ ᠳᠤ 200 ᠭᠠᠷᠤᠶ ᠲᠠᠢᠪᠧᠢ ᠶᠢᠨ ᠣᠶᠤᠨᠴᠢ ᠬᠢᠨᠠᠨ ᠬᠡᠮᠵᠢᠯᠲᠡ ᠶᠢᠨ | ᠦᠵᠦᠭᠦᠷ ᠤᠨ ᠲᠥᠬᠦᠭᠡᠷᠦᠮᠵᠢ ᠤᠭᠰᠠᠷᠠᠵᠤ᠂ ᠳᠣᠬᠢᠭᠤᠷ ᠳᠣᠯᠣᠭᠠᠨ ᠦᠵᠦᠭᠦᠷ ᠤᠨ ᠲᠤᠭ᠎ᠠ ᠪᠠᠷᠢᠮᠲᠠ ᠲᠠᠢ ᠪᠣᠯᠵᠣ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠯ᠎ᠡ ᠭᠤᠭᠴᠣᠭᠠᠨ ᠤ ᠠᠵᠢᠯ ᠳᠤ ᠨᠥᠬᠦᠪᠥᠷᠢ ᠥᠭᠴᠦ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠳᠤ ︽ᠰᠡᠳᠬᠢᠯ ᠢ ᠠᠮᠤᠷᠵᠢᠭᠤᠯᠬᠤ︾ ᠦᠢᠯᠡᠳᠦᠯ ᠦᠵᠡᠭᠦᠯᠪᠡ᠃ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠬᠡᠷᠡᠭ ᠶᠠᠪᠤᠳᠠᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠵᠠᠩ ᠬᠦᠢ ᠵᠢᠶᠦ᠋ᠨ ᠤ | ᠲᠠᠨᠢᠯᠴᠠᠭᠤᠯᠤᠭᠰᠠᠨ ᠢᠶᠠᠷ᠂ ᠡᠨᠡ ᠵᠢᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 9 ᠰᠤᠮᠤ ᠰᠢᠶᠠᠩ | ᠪᠠᠯᠭᠠᠰᠤ᠂ 50 ᠭᠠᠴᠠᠭ᠎ᠠ ᠲᠣᠰᠬᠤᠨ ᠳᠤ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠢ ᠪᠥᠬᠦ | ᠲᠠᠯ᠎ᠠ ᠪᠠᠷ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠤᠨ ᠬᠠᠮᠤᠷᠬᠤ ᠲᠠᠯᠠᠪᠠᠶ 14.8 ᠲᠦᠮᠡᠨ ᠮᠥ ᠳᠤ ᠬᠦᠷᠴᠦ᠂ ᠲᠥᠷᠥᠯ ᠵᠦᠢᠯ ᠤᠨ | ᠪᠠᠯᠠ ᠮᠥᠩᠭᠦ ᠪᠠᠷᠤᠭ 1036 ᠲᠦᠮᠡᠨ ᠲᠥᠭᠦᠷᠢᠭ ᠲᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠵᠢᠱᠢᠯᠲᠡ ᠪᠠᠷ ︽ᠨᠢᠭᠡᠳᠦᠯᠲᠡᠶ ᠳᠠᠷᠢᠵᠤ | ᠬᠠᠮᠲᠤ ᠪᠠᠷ ᠪᠠᠶᠠᠵᠢᠬᠤ︾ ᠠᠵᠤ ᠦᠢᠯᠡᠰ ᠢ 71.4% ᠪᠦᠷᠬᠦᠪᠡ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠪᠠ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠳᠡᠪᠬᠢᠲᠡᠶ | ᠬᠥᠳᠡᠯᠦᠯᠴᠡᠵᠦ᠂ ᠠᠯᠢ ᠣᠯᠠᠨ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠯᠠᠪᠳᠠᠭᠤᠨ ᠢᠶᠠᠷ ᠠᠬᠢᠭᠤᠯᠵᠤ᠂ ᠪᠥᠬᠦ ᠵᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳᠠᠷᠬᠠᠨ | ᠮᠤᠤᠮᠢᠩᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠤᠯᠠᠨ ᠡᠰᠢᠴᠢᠯᠡᠭᠰᠡᠨ ᠬᠠᠩᠭᠠᠯᠭ᠎ᠠ ᠶᠢᠨ ᠰᠢᠰᠲ᠋ᠧᠮ ᠢ | ᠪᠠᠶᠢᠭᠤᠯᠬᠤ ᠪᠠᠷ ᠳᠠᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠳᠠᠯᠳᠠ ᠬᠦᠴᠦᠨ ᠢ ᠬᠥᠭᠵᠢᠭᠡᠵᠦ᠂ | ᠥᠷᠭᠡᠨ ᠠᠭᠤᠳᠠᠮ ᠬᠡᠭᠡᠷ᠎ᠡ ᠲᠠᠯ᠎ᠠ ᠳᠤ ᠣᠳᠣᠬᠢᠴᠢᠯᠠᠭᠰᠠᠨ ᠲᠠᠷᠢᠶᠠᠯᠠᠬᠤ ᠬᠥᠳᠡᠯᠭᠡᠬᠦ ᠬᠦᠴᠦᠨ ᠢ ᠨᠡᠮᠡᠷᠢᠯᠡᠵᠦ᠂ ᠠᠮᠤ | ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠵᠦ᠂ ᠪᠠᠲᠤ ᠴᠣᠭᠴᠠᠯᠠᠨ᠎ᠠ᠃ |