ᠪᠠᠷᠢᠯᠭ᠎ᠠ ᠶᠢᠨ ᠠᠵᠢᠯ ᠤᠨ ᠮᠡᠳᠡᠭᠳᠡᠯ ᠤᠨ ᠪᠢᠴᠢᠭ | ᠰᠠᠭᠤᠭᠠᠯᠢ ᠠᠷᠠᠳ ᠨᠠᠶᠢᠵᠠ ᠨᠠᠷ ᠡ᠄ | ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠵᠦ᠂ ᠣᠯᠠᠨ ᠤ ᠶᠠᠪᠤᠵᠤ ᠰᠠᠭᠤᠬᠤ | ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠪᠠᠲᠤᠬᠠᠭᠠᠯᠭ᠎ᠠ ᠪᠠᠯᠭᠠᠰᠤᠨ ᠤ ᠬᠤᠲᠠ ᠶᠢ ᠰᠢᠨᠡᠳᠬᠡᠬᠦ ᠠᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠳᠠ ᠶᠢᠨ ᠲᠣᠪᠴᠢᠶ᠎ᠠ ᠪᠠᠶᠠᠨ ᠵᠠᠮ ︵ᠬᠤᠰᠢᠭᠤᠨ ᠤ ᠵᠠᠰᠠᠭ ᠤᠨ ᠣᠷᠳᠣᠨ ᠤ ᠵᠡᠭᠦᠨ ᠭᠤᠳᠤᠮᠵᠢ︶ ᠶᠢᠨ | ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠲᠥᠷᠥᠯ | ᠵᠦᠢᠯ ᠢ 5 ᠰᠠᠷ᠎ᠠ ᠶᠢᠨ 21 ᠤ ᠡᠳᠦᠷ ᠠᠵᠢᠯ ᠡᠬᠢᠯᠡᠭᠦᠯᠵᠦ᠂ 6 ᠰᠠᠷ᠎ᠠ ᠶᠢᠨ 30 ᠤ ᠡᠳᠦᠷ ᠠᠵᠢᠯ | ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠲᠣᠰ ᠤᠳᠠᠭᠠᠨ ᠤ ᠥᠭᠡᠷᠡᠴᠢᠯᠡᠯᠲᠡ ᠶᠢᠨ ᠵᠠᠮ ᠨᠢ ᠬᠤᠶᠢᠨ᠎ᠠ ᠠᠴᠠ | ᠪᠠᠶ᠋ᠬᠠᠣᠪᠤᠭ᠎ᠠ ᠵᠠᠮ ᠠᠴᠠ ᠡᠮᠦᠨᠡᠰᠢ ᠭᠠᠳᠠᠨᠠᠬᠢ ᠲᠣᠭᠤᠷᠢᠯ ᠵᠠᠮ ᠬᠦᠷᠦᠨ᠎ᠡ᠃ ᠪᠠᠷᠢᠯᠭ᠎ᠠ ᠶᠢᠨ ᠠᠵᠢᠯ ᠤᠨ | ᠬᠤᠭᠤᠴᠠᠭᠠᠨ ᠳᠤ᠂ ᠲᠣᠰ ᠵᠠᠮ ᠤᠨ ᠬᠡᠰᠡᠭ ᠲᠤ ᠬᠡᠰᠡᠭ ᠬᠤᠪᠢᠶᠠᠨ ᠪᠦᠷᠢᠨ ᠪᠢᠲᠡᠭᠦᠮᠵᠢᠯᠡᠵᠦ ᠪᠠᠷᠢᠯᠭ᠎ᠠ ᠶᠢᠨ ᠠᠵᠢᠯ | ᠬᠢᠵᠦ᠂ ᠵᠠᠮ ᠳᠠᠭᠠᠤ ᠶᠢᠨ ᠰᠠᠭᠤᠭᠠᠯᠢ ᠠᠷᠠᠳ ᠬᠤᠳᠠᠯᠳᠤᠭᠠᠨ ᠤ ᠡᠷᠦᠬᠡ ᠡᠮᠦᠨ᠎ᠡ ᠲᠣᠭᠤᠷᠢᠯ ᠵᠠᠮ᠂ ᠪᠠᠶ ᠯᠢᠩ | ᠶᠡᠭᠡ ᠵᠡᠭᠡᠯᠢ᠂ ᠪᠠᠶ ᠶᠦᠨ ᠵᠠᠮ ᠢᠶᠠᠷ ᠶᠠᠪᠤᠵᠤ ᠪᠣᠯᠤᠨ᠎ᠠ᠃ ᠡᠭᠦᠨ ᠠᠴᠠ ᠪᠤᠯᠵᠤ᠂ ᠵᠠᠮ ᠳᠠᠭᠠᠤ ᠶᠢᠨ ᠰᠠᠭᠤᠭᠠᠯᠢ | ᠠᠷᠠᠳ ᠪᠣᠯᠤᠨ ᠬᠤᠳᠠᠯᠳᠤᠭᠠᠨ ᠤ ᠳᠡᠯᠭᠡᠭᠦᠷ ᠤᠨ ᠡᠵᠡᠩᠨᠡᠭᠴᠢ ᠶᠢᠨ ᠶᠠᠪᠤᠵᠤ ᠰᠠᠭᠤᠬᠤ ᠳᠤ ᠳᠥᠭᠦᠮ ᠦᠭᠡᠢ | ᠪᠣᠯᠤᠭᠰᠠᠨ ᠳᠤ ᠠᠭᠤᠴᠢᠯᠠᠭᠠᠷᠠᠢ᠃ ᠪᠢᠳᠡ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠣᠬᠢᠴᠠᠩᠭᠤᠶ ᠠᠷᠭ᠎ᠠ | ᠬᠡᠮᠵᠢᠶ᠎ᠡ ᠠᠪᠴᠤ᠂ ᠣᠯᠠᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠨ᠎ᠠ᠃ ᠡᠭᠦᠨ ᠤ ᠬᠠᠮᠲᠤ᠂ ᠪᠠᠷᠢᠯᠭ᠎ᠠ ᠶᠢᠨ | ᠠᠵᠢᠯ ᠠᠬᠢᠴᠠ ᠶᠢ ᠲᠦᠷᠭᠡᠳᠬᠡᠵᠦ᠂ ᠪᠢᠲᠡᠭᠦᠮᠵᠢᠯᠡᠯ ᠤᠨ ᠴᠠᠭ ᠢ ᠪᠣᠭᠤᠨᠢᠰᠬᠠᠵᠤ᠂ ᠠᠵᠢᠯ ᠢ ᠡᠷᠲᠡᠬᠡᠨ ᠳᠠᠭᠤᠰᠬᠠᠨ᠎ᠠ | ᠃ ᠦᠷᠭᠡᠨ ᠤᠯᠠᠨ ᠲᠦᠮᠡᠨ ᠤ ᠪᠠᠷᠢᠯᠭ᠎ᠠ ᠶᠢᠨ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠳᠠ ᠶᠢᠨ ᠲᠣᠪᠴᠢᠶ᠎ᠠ | 2025 ᠣᠨ ᠤ 5 ᠰᠠᠷ᠎ᠠ ᠶᠢᠨ 17 ᠤ ᠡᠳᠦᠷ | |