ᠲᠠᠷᠬᠠᠨ ᠮᠤᠤᠮᠢᠩᠭᠠᠨ ᠤ ᠲᠠᠯ᠎ᠠ ᠨᠤᠲᠤᠭ ᠠᠴᠠ ᠭᠠᠷᠴᠤ ᠢᠷᠡᠭᠰᠡᠨ 85 ᠣᠨ ᠠᠴᠠ ᠰᠡᠭᠦᠯᠡᠷ ᠳᠥᠷᠥᠭᠰᠡᠨ | ᠵᠠᠯᠠᠭᠤ᠂ ᠬᠤᠳᠠ ᠳᠤ ᠤᠯᠠᠨ ᠵᠢᠯ ᠤᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠬᠤᠷᠠᠮᠳᠤᠭᠤᠯᠤᠭᠰᠠᠨ ᠤ | ᠳᠠᠷᠠᠭ᠎ᠠ᠂ ᠡᠷᠡᠰ ᠰᠢᠭᠤᠷᠬᠠᠶ ᠪᠠᠷ ᠨᠤᠲᠤᠭ ᠲᠤ ᠪᠠᠨ ᠪᠤᠴᠠᠨ᠂ ᠨᠤᠲᠤᠭ ᠤᠰᠤᠨ ᠤ ᠪᠠᠨ ᠪᠥᠳᠥᠭᠡᠨ | ᠪᠠᠶᠢᠭᠤᠯᠤᠯᠳᠡ ᠳᠤ ᠣᠷᠣᠯᠴᠠᠵᠤ᠂ ᠨᠢᠭᠡᠨ ︽ᠰᠢᠨ᠎ᠡ ᠴᠠᠭ ᠦᠶ᠎ᠡ ᠶᠢᠨ ᠲᠠᠷᠢᠶᠠᠴᠢᠨ︾ ᠪᠣᠯᠬᠤ ᠪᠠᠷ ᠵᠣᠷᠢᠭᠯᠠᠭᠰᠠᠨ | ᠪᠠᠶᠢᠨ᠎ᠠ᠃ ᠪᠣᠯᠪᠠᠰᠤᠷᠠᠭᠤᠯᠬᠤ᠂ ᠠᠯᠠᠬᠤ᠂ ᠰᠠᠯᠭᠠᠬᠤ᠂ ᠪᠣᠭᠤᠳᠠᠯᠯᠠᠬᠤ ᠁ ᠲᠡᠷᠡ ᠬᠡᠯᠡᠭᠰᠡᠭᠡᠷ ᠠᠵᠢᠯᠯᠠᠵᠤ᠂ | ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠨᠤᠲᠤᠭ ᠤᠰᠤᠨ ᠳᠠᠭᠠᠨ ᠬᠡᠰᠡᠨ | ᠬᠠᠶᠢᠷ᠎ᠠ ᠰᠡᠳᠬᠢᠯᠭᠡ ᠪᠠᠨ ᠢᠯᠡᠷᠡᠭᠦᠯᠵᠡᠢ᠃ ᠲᠡᠷᠡ ᠪᠣᠯ ᠥᠪᠥᠷ ᠮᠣᠩᠭᠤᠯ ᠤᠨ ᠮᠦ ᠯᠠᠢ ᠭᠧ ᠮᠠᠯ ᠠᠵᠤ ᠠᠬᠤᠢ | ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠡᠭᠦᠰᠬᠡᠨ ᠪᠠᠶᠢᠭᠤᠯᠤᠭᠴᠢ ᠴᠠᠩ ᠰᠢᠶᠣᠣ ᠪᠥᠸᠧ ᠪᠣᠯᠣᠨ᠎ᠠ᠃ | ᠲᠡᠷᠡ ᠰᠢᠨ᠎ᠡ ᠣᠶᠢᠯᠠᠭᠠᠭᠳᠠᠬᠤᠨ᠂ ᠰᠢᠨ᠎ᠡ ᠮᠡᠳᠡᠯᠭᠡ᠂ ᠰᠢᠨ᠎ᠡ ᠤᠷ᠎ᠠ ᠴᠢᠳᠠᠪᠤᠷᠢ ᠢᠶᠠᠨ ᠡᠪᠦᠷᠯᠡᠨ᠂ ᠲᠠᠯ᠎ᠠ | ᠨᠤᠲᠤᠭ ᠲᠤ ᠪᠠᠨ ᠪᠤᠴᠠᠨ ᠬᠦᠰᠡᠯ ᠵᠡᠭᠦᠳᠦ ᠪᠠᠨ ᠲᠡᠷᠭᠡᠯᠰᠢᠯᠡᠭᠦᠯᠵᠦ᠂ ᠮᠦ ᠯᠠᠢ ᠭᠧ ᠠᠮᠢ ᠠᠬᠤᠢ ᠶᠢᠨ ᠮᠠᠯ ᠠᠵᠤ | ᠠᠬᠤᠢ ᠶᠢᠨ ᠲᠦᠷᠦᠯ ᠲᠡᠮᠳᠡᠭ ᠢ ᠡᠭᠦᠳᠴᠦ᠂ ᠣᠳᠣᠬᠢᠴᠢᠯᠠᠭᠰᠠᠨ ᠡᠵᠡᠩᠨᠡᠯᠲᠡ ᠶᠢᠨ ᠣᠶᠢᠯᠠᠭᠠᠭᠳᠠᠬᠤᠨ ᠢ | ᠤᠯᠠᠮᠵᠢᠯᠠᠯᠲᠤ ᠮᠠᠯ ᠠᠵᠤ ᠠᠬᠤᠢ ᠳᠤ ᠣᠷᠣᠭᠤᠯᠤᠨ ᠠᠪᠴᠢᠷᠠᠵᠤ᠂ ᠮᠠᠯ ᠠᠵᠤ ᠠᠬᠤᠢ ᠲᠠᠷᠢᠶᠠᠯᠠᠩ ᠤᠨ | ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠮᠠᠯᠴᠢᠨ | ᠲᠠᠷᠢᠶᠠᠴᠢᠨ ᠡᠷᠦᠬᠡ ᠶᠢ ᠳᠠᠭᠠᠭᠤᠯᠤᠨ ᠬᠠᠮᠲᠤᠪᠠᠷ ᠪᠠᠶᠠᠵᠢᠪᠠ᠃ | ᠡᠳᠦᠭᠡ᠂ ᠨᠡᠩ ᠣᠯᠠᠨ ᠴᠠᠩ ᠰᠢᠶᠤᠤ ᠪᠥᠸᠧ ᠮᠡᠲᠦ ᠶᠢᠨ ᠰᠢᠨ᠎ᠡ ᠵᠠᠯᠠᠭᠤᠴᠤᠳ ᠨᠤᠲᠤᠭ ᠤᠰᠤᠨ ᠳᠤ ᠪᠠᠨ | ᠪᠤᠴᠠᠨ᠂ ᠠᠵᠢᠯ ᠦᠢᠯᠡᠰ ᠪᠣᠰᠬᠠᠬᠤ ᠵᠠᠮ ᠢ ᠰᠣᠩᠭᠤᠨ᠂ ᠨᠤᠲᠤᠭ ᠤᠰᠤᠨ ᠤ ᠪᠠᠨ ᠬᠥᠭᠵᠢᠯ ᠮᠠᠨᠳᠤᠯ ᠳᠤ ᠰᠢᠨ᠎ᠡ | ᠦᠵᠡᠯᠲᠡ ᠠᠪᠴᠢᠷᠠᠵᠤ᠂ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠨ᠂ ᠡᠨᠡᠬᠦ ᠬᠦᠰᠡᠯ ᠡᠷᠡᠮᠡᠯᠵᠡᠯ ᠢᠶᠠᠷ | ᠪᠢᠯᠬᠠᠷᠠᠭᠰᠠᠨ ᠬᠠᠯᠠᠭᠤᠨ ᠬᠥᠷᠥᠰᠥᠨ ᠳᠤ ᠰᠢᠨ᠎ᠡ ᠴᠠᠭ ᠦᠶ᠎ᠡ ᠶᠢᠨ ᠦᠢᠯᠡᠰ ᠪᠤᠰᠬᠠᠬᠤ ᠦᠯᠢᠭᠡᠷ ᠢ ᠪᠢᠴᠢᠭᠯᠡᠵᠦ | ᠪᠠᠶᠢᠨ᠎ᠠ᠃ | |