ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ᠂ ᠳ᠋ᠠᠩ ᠴᠧᠩ ᠱᠢ ᠶᠢᠨ ᠨᠡᠷ᠎ᠡ ᠨᠢ ᠨᠡᠶᠢᠲᠡ ᠶᠢᠨ | ᠠᠰᠠᠷᠠᠮᠵᠢ ᠶᠢᠨ ᠦᠢᠯᠡᠰ ᠲᠠᠢ ᠨᠢᠭᠲᠠ ᠬᠤᠯᠪᠣᠯᠳᠤᠵᠤ ᠪᠠᠶᠢᠳᠠᠭ᠃ ᠳ᠋ᠠᠩ ᠴᠧᠩ ᠱᠢ ᠪᠣᠯ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠣᠭᠠᠲᠤ ᠬᠤᠷᠠᠯ ᠤᠨ ᠳᠠᠷᠤᠭ᠎ᠠ ᠪᠣᠯᠬᠤ ᠪᠠᠷ | ᠪᠠᠷᠠᠬᠤ ᠥᠬᠡᠶ᠂ ᠨᠠᠩ ᠴᠤ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠰᠡᠳᠬᠢᠯ ᠢ ᠳᠤᠯᠠᠭᠠᠴᠠᠭᠤᠯᠤᠭᠰᠠᠨ ︽ | ᠬᠠᠶᠢᠷ᠎ᠠ ᠬᠠᠯᠠᠮᠵᠢᠲᠦ ᠠᠪᠤ︾ ᠪᠣᠯᠤᠨ᠎ᠠ᠃ ᠠᠵᠤ ᠠᠬᠤᠶᠢᠯᠠᠯᠲᠠᠨ ᠠᠴᠠ ᠨᠡᠶᠢᠲᠡ ᠶᠢᠨ ᠠᠰᠠᠷᠠᠮᠵᠢ ᠶᠢᠨ ᠬᠥᠮᠦᠨ | ᠬᠦᠷᠲᠡᠯ᠎ᠡ᠂ ᠳ᠋ᠠᠩ ᠴᠧᠩ ᠱᠢ ᠤᠯᠠᠨ ᠵᠢᠯ ᠴᠢᠷᠮᠠᠶᠢᠨ ᠠᠵᠢᠯᠯᠠᠵᠤ᠂ ︽ᠪᠤᠶᠠᠨ ᠤ ᠦᠢᠯᠡᠰ ᠢ ᠪᠦᠲᠦᠭᠡᠬᠦ︾ | ᠭᠦᠨᠵᠡᠭᠡᠢ ᠠᠭᠤᠯᠤᠭᠳᠠᠬᠤᠨ ᠢ ᠲᠠᠶᠢᠯᠪᠤᠷᠢᠯᠠᠵᠤ᠂ ᠤᠷᠢᠳ ᠬᠤᠵᠢᠳ ︽ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠳᠣᠯᠣᠳᠤᠭᠠᠷ ᠬᠤᠭᠤᠴᠠᠭᠠᠨ ᠤ ᠠᠵᠢᠯ ᠦᠢᠯᠡᠰ ᠢᠶᠠᠨ ᠳᠡᠭᠡᠳᠦᠯᠡᠵᠦ᠂ ᠬᠤᠪᠢ ᠨᠡᠮᠡᠷᠢ ᠦᠵᠡᠭᠦᠯᠬᠦ | ᠲᠦᠷᠦᠯ ᠤᠨ ᠶᠣᠰᠣ ᠰᠤᠷᠲᠠᠬᠤᠨ ᠤ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠶᠢ ᠬᠦᠷᠳᠡᠵᠦ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮᠯᠢᠭ ᠠᠴᠠ | ᠣᠯᠭᠤᠭᠰᠠᠨ ︽ᠬᠢᠵᠢᠭ ᠤᠨ ᠪᠠᠶᠢᠳᠠᠯ ᠬᠠᠶᠢᠷ᠎ᠠ ᠬᠠᠯᠠᠮᠵᠢ ᠦᠭᠡᠢ ᠴᠦ ᠬᠦᠮᠦᠨ ᠨᠢ ᠬᠠᠶᠢᠷ᠎ᠠ ᠬᠠᠯᠠᠮᠵᠢ ᠲᠠᠢ᠂ | ᠤᠮᠠᠷᠠᠲᠤ ᠬᠢᠯᠢ ᠶᠢᠨ ᠬᠠᠮᠤᠭ ᠭᠤᠶᠤ ᠰᠠᠶᠢᠨ ᠳᠤᠷ᠎ᠠ ᠶᠢᠨ ᠠᠵᠢᠯᠯᠠᠭᠴᠢ︾ ᠶᠢᠨ ᠢᠷᠠᠭᠤ ᠠᠯᠳᠠᠷ ᠢ ᠬᠦᠷᠳᠡᠵᠡᠢ᠃ | ᠲᠡᠷᠡ᠂ ︽ᠵᠠᠷᠢᠮ ᠦᠶ᠎ᠡ ᠳᠤ ᠬᠤᠪᠢ ᠪᠠᠷᠢᠯᠳᠤᠯᠭ᠎ᠠ ᠴᠤ ᠮᠠᠰᠢ ᠰᠣᠨᠢᠷᠬᠠᠯᠲᠠᠢ᠂ ᠡᠮᠡᠭᠲᠡᠶᠢᠴᠦᠳ ᠤᠨ | ᠬᠤᠯᠪᠣᠭ᠎ᠠ ᠶᠢᠨ ᠨᠡᠷᠡᠰ ᠲᠤ᠂ ᠲᠡᠷᠡ ᠨᠢᠭᠡᠳᠦᠭᠡᠷ ᠨᠢᠳᠦ ᠳᠠᠷᠤᠢ ᠰᠢᠤᠸᠠᠨ ᠰᠢᠤᠸᠠᠨ ︵ᠨᠢᠭᠤᠴᠠ ᠨᠡᠷ᠎ᠡ︶ | ᠪᠠᠶᠢᠬᠤ ᠶᠢ ᠣᠯᠵᠤ ᠬᠠᠷᠠᠵᠠᠢ᠂ ᠮᠠᠨ ᠤ ᠦᠯᠢᠭᠡᠷ ᠠᠳᠡ ᠠᠴᠠ ᠡᠬᠢᠯᠡᠭᠰᠡᠨ ᠶᠤᠮ ᠪᠠᠶᠢᠨ᠎ᠠ︾ ᠭᠡᠵᠦ ᠬᠡᠯᠡᠪᠡ᠃ | ᠰᠡᠳᠬᠢᠯ ᠲᠠᠯᠪᠢᠨ ᠬᠤᠣᠰᠯᠠᠶᠠ — ᠪᠢ ᠴᠢᠨᠦ ᠠᠪᠤ ᠪᠣᠯᠣᠶ᠎ᠠ | ᠳ᠋ᠠᠩ ᠴᠧᠩ ᠱᠢ ᠠᠩᠬᠠᠳᠠᠭᠴᠢ ᠤᠳᠠᠭ᠎ᠠ ᠰᠢᠦᠸᠠᠨ ᠰᠢᠦᠸᠠᠨ ᠲᠠᠢ ᠠᠭᠤᠯᠵᠠᠬᠤ ᠳᠤ᠂ ᠲᠡᠭᠦᠨ ᠤ ᠬᠠᠷᠠᠴᠠᠨ | ᠳᠤ ᠭᠠᠭᠴᠠᠭᠠᠷᠳᠠᠮᠠᠯ ᠪᠠ ᠢᠴᠢᠵᠦ ᠰᠢᠷᠪᠡᠬᠡᠲᠦᠭᠰᠡᠨ ᠰᠡᠳᠬᠢᠯᠭᠡ ᠨᠡᠪᠲᠡᠷᠡᠪᠡ᠃ ᠥᠴᠦᠬᠡᠨ ᠪᠡᠶ᠎ᠡ ᠨᠢ ᠶᠠᠭ ᠡᠨᠡ | ᠨᠠᠰᠤᠨ ᠳᠤ ᠪᠠᠨ ᠪᠠᠶᠢᠬᠤ ᠶᠣᠰᠣ ᠦᠭᠡᠢ ᠤᠴᠢᠷ ᠢ ᠠᠴᠢᠵᠤ ᠪᠠᠶᠢᠭ᠎ᠠ ᠰᠢᠭ᠋᠃ ᠲᠡᠭᠦᠨ ᠲᠠᠢ ᠬᠠᠷᠢᠯᠴᠠᠬᠤ | ᠶᠠᠪᠤᠴᠠ ᠳᠤ᠂ ᠲᠡᠭᠦᠨ ᠤ ᠰᠡᠳᠬᠢᠯ ᠤᠨ ᠤᠭ ᠠᠴᠠ ᠪᠠᠨ ᠬᠠᠶᠢᠷ᠎ᠠ ᠬᠠᠯᠠᠮᠵᠢ ᠪᠠ ᠬᠠᠨᠢ ᠢᠵᠢᠯᠢ ᠪᠠᠨ ᠬᠦᠰᠡᠨ | ᠡᠷᠡᠮᠡᠯᠵᠡᠵᠦ ᠪᠠᠶᠢᠬᠤ ᠶᠢ ᠰᠡᠷᠡᠵᠦ ᠮᠡᠳᠡᠨ᠎ᠡ᠃ ᠲᠡᠷᠡ ᠰᠠᠨᠠᠭᠠᠴᠢᠯᠠᠭ᠎ᠠ ᠠᠴᠠ ᠪᠠᠨ ᠦᠪᠡᠷ ᠢ ᠪᠠᠨ ᠢᠯᠡᠳᠬᠡᠬᠦ ᠦᠭᠡᠢ᠂ | ᠴᠢᠨᠠᠭᠰᠢᠯᠠᠪᠠᠯ ᠪᠠᠭᠠᠬᠠᠨ ᠵᠦᠷᠢᠯᠳᠣᠵᠣ ᠪᠠᠶᠢᠨ᠎ᠠ᠃ | ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠭᠰᠡᠨ ᠤ ᠳᠠᠷᠠᠭ᠎ᠠ᠂ ᠲᠡᠷᠡ ᠣᠯᠠᠨ ᠤᠳᠠᠭ᠎ᠠ ᠰᠢᠤᠸᠠᠨ | ᠰᠢᠤᠸᠠᠨ ᠤ ᠬᠡᠷ ᠲᠤ ᠬᠦᠷᠴᠦ ᠰᠤᠷᠪᠤᠯᠵᠢᠯᠠᠵᠤ᠂ ᠬᠡᠷ ᠤᠨ ᠠᠬᠠᠮᠠᠳ ᠲᠠᠢ ᠨᠢᠭᠤᠷᠳᠠᠨ ᠶᠠᠷᠢᠯᠴᠠᠵᠤ᠂ ᠬᠡᠤᠬᠡᠳ ᠤᠨ | ᠬᠡᠷ ᠪᠦᠯᠢ ᠶᠢᠨ ᠣᠷᠴᠢᠨ ᠲᠣᠭᠤᠷᠢᠨ᠂ ᠬᠢᠴᠢᠶᠡᠯ ᠤᠨ ᠰᠤᠷᠤᠯᠴᠠᠯᠭ᠎ᠠ ᠪᠠ ᠰᠡᠳᠬᠢᠴᠡ ᠶᠢᠨ ᠡᠷᠡᠭᠦᠯ ᠮᠡᠨᠳᠦ ᠵᠡᠷᠭᠡ | ᠦᠨᠡᠨ ᠪᠣᠳᠠᠲᠠᠶ ᠪᠠᠶᠢᠳᠠᠯ ᠢ ᠣᠶᠢᠯᠠᠭᠠᠵᠤ᠂ ᠰᠢᠤᠸᠠᠨ ᠰᠢᠤᠸᠠᠨ ᠤ ᠠᠪᠤ ᠡᠵᠢ ᠨᠢ ᠪᠠᠭ᠎ᠠ ᠳᠤ ᠨᠢ ᠰᠠᠯᠤᠩᠭᠢᠷᠠᠵᠤ᠂ | ᠦᠷᠭᠦᠯᠵᠢ ᠰᠠᠭᠤᠭᠠᠯᠢ ᠪᠠᠭᠰᠢ ᠶᠢᠨ ᠳᠤ ᠰᠠᠭᠤᠵᠤ᠂ ᠵᠥᠪᠬᠡᠨ ᠠᠮᠠᠷᠠᠯᠲᠠ ᠲᠠᠯᠪᠢᠪᠠᠯ ᠰᠠᠶ᠋ᠢ ᠡᠪᠦᠭᠡ ᠡᠮᠡᠭᠡ ᠶᠢᠨ ᠬᠡᠷ | ᠲᠤ ᠪᠠᠨ ᠬᠠᠷᠢᠵᠦ᠂ ᠰᠢᠤᠸᠠᠨ ᠰᠢᠤᠸᠠᠨ ᠬᠠᠷᠠᠬᠠᠨ ᠪᠠᠭ᠎ᠠ ᠠᠴᠠ ᠪᠠᠨ ᠡᠴᠢᠭᠡ ᠡᠬᠡ ᠶᠢᠨ ᠬᠠᠶᠢᠷ᠎ᠠ ᠳᠤᠲᠠᠮᠠᠭ ᠠᠴᠠ | ᠪᠣᠯᠵᠣ᠂ ᠦᠭᠡ ᠬᠡᠯᠡᠬᠦ ᠳᠤᠷ᠎ᠠ ᠥᠬᠡᠶ᠂ ᠨᠠᠶᠢᠵᠠ ᠨᠠᠷ ᠨᠢ ᠴᠦ ᠮᠠᠰᠢ ᠴᠥᠭᠡᠨ ᠪᠣᠯᠵᠠᠶ᠃ ᠡᠨᠡ ᠨᠢ ᠳ᠋ᠠᠩ ᠴᠧᠩ ᠱᠢ | ᠶᠢ ᠰᠢᠤᠸᠠᠨ ᠰᠢᠤᠸᠠᠨ ᠤ ︽ ᠬᠠᠶᠢᠷ᠎ᠠ ᠬᠠᠯᠠᠮᠵᠢᠲᠦ ᠠᠪᠤ︾ ᠪᠣᠯᠬᠤ ᠪᠣᠳᠣᠯ ᠢ ᠨᠠᠩ ᠪᠠᠲᠤᠳᠬᠠᠵᠤ᠂ ᠭᠡᠷ ᠤᠨ | ᠠᠬᠠᠮᠠᠳ ᠲᠠᠢ ᠨᠠᠶᠢᠵᠠ ᠪᠣᠯᠵᠤ᠂ ᠬᠡᠦᠬᠡᠳ ᠲᠠᠢ ᠬᠠᠶᠢᠷ᠎ᠠ ᠰᠡᠳᠬᠢᠯᠭᠡ ᠪᠠᠨ ᠪᠤᠢ ᠪᠣᠯᠭᠠᠵᠤ᠂ ᠰᠢᠤᠸᠠᠨ ᠰᠢᠦᠸᠠᠨ ᠳᠤ | ᠨᠡᠶᠢᠭᠡᠮ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠮᠡᠳᠡᠷᠡᠭᠦᠯᠪᠡ᠃ | ᠬᠠᠶᠢᠷ᠎ᠠ ᠰᠡᠳᠭᠢᠯᠬᠡ ᠪᠠᠷ ᠬᠠᠯᠠᠮᠵᠢᠯᠠᠵᠦ — ᠬᠠᠨᠢ ᠪᠤᠯᠵᠤ ᠦᠰᠦᠨ ᠪᠤᠶᠢᠵᠢᠬᠤ ᠳᠤ ᠤᠷᠤᠨ ᠪᠠᠶᠢᠷᠢ | ᠳᠤᠲᠠᠬᠤ ᠦᠭᠡᠢ | 2020 ᠣᠨ ᠳᠤ ᠬᠤᠣᠰᠯᠠᠭᠰᠠᠨ ᠬᠠᠮᠵᠢᠯᠴᠠᠭ᠎ᠠ ᠠᠮᠵᠢᠯᠲᠠ ᠣᠯᠤᠭᠰᠠᠨ ᠠᠴᠠ ᠨᠠᠭᠠᠰᠢ᠂ ᠲᠡᠷᠡ ᠦᠷᠭᠦᠯᠵᠢ | ᠡᠶᠡᠯᠳᠡᠭ ᠵᠥᠭᠡᠯᠡᠨ ᠢᠶᠠᠷ ᠪᠠ ᠰᠢᠤᠸᠠᠨ ᠰᠢᠤᠸᠠᠨ ᠳᠤ᠄ ︽ᠬᠤᠶᠢᠰᠢᠳᠠ ᠪᠢ ᠪᠣᠯ ᠴᠢᠨᠦ ᠠᠪᠤ ᠮᠥᠨ᠂ ᠶᠠᠮᠠᠷ ᠤᠴᠢᠷ | ᠪᠠᠶᠢᠪᠠᠯ ᠨᠠᠳᠠ ᠳᠤ ᠬᠡᠯᠡᠵᠦ ᠪᠣᠯᠤᠨ᠎ᠠ᠂ ᠰᠡᠮᠡᠭᠡᠷ ᠦᠭᠡ ᠪᠠᠰᠠ ᠪᠣᠯᠤᠨ᠎ᠠ᠃︾ ᠰᠢᠦᠸᠠᠨ ᠰᠢᠦᠸᠠᠨ ᠰᠣᠨᠣᠰᠴᠤ | ᠪᠠᠷᠠᠭᠠᠳ ᠢᠴᠢᠩᠬᠦᠷᠡᠨ ᠢᠨᠢᠶᠡᠪᠡ᠂ ᠢᠨᠢᠶᠡᠳᠦ ᠶᠢᠨ ᠳᠤᠮᠳᠠ ᠳᠦᠭᠦᠷᠡᠩ ᠲᠠᠯᠠᠷᠬᠠᠯ ᠪᠠ ᠵᠣᠯ ᠵᠢᠷᠭᠠᠯ᠃ | ᠬᠡᠦᠬᠡᠳ ᠤᠨ ᠡᠳᠦᠷ ᠡᠳᠦᠷ ᠤᠨ ᠬᠤᠪᠢᠷᠠᠯᠲᠠ ᠶᠢ ᠬᠠᠷᠠᠭᠠᠳ᠂ ᠬᠡᠦᠬᠡᠳ ᠤᠨ ᠡᠪᠦᠭᠡ ᠡᠮᠡᠭᠡ ᠶᠢᠨ ᠨᠢᠭᠡ ᠨᠢᠭᠡ | ᠲᠠᠯᠠᠷᠬᠠᠭᠰᠠᠨ ᠦᠭᠡ ᠥᠭᠦᠯᠡᠪᠦᠷᠢ ᠶᠢ ᠰᠣᠨᠤᠰᠤᠭᠠᠳ᠂ ᠳ᠋ᠠᠩ ᠴᠧᠩ ᠱᠢ ᠶᠢᠨ ᠰᠡᠳᠬᠢᠯ ᠳᠤᠯᠠᠭᠠᠬᠠᠨ ᠪᠠᠶᠢᠵᠤ᠂ | ᠲᠡᠷᠡ ︽ᠬᠠᠶᠢᠷ᠎ᠠ ᠭᠠᠷᠭᠠᠭᠴᠢ ᠶᠢᠨ ᠬᠠᠶᠢᠷ᠎ᠠ ᠪᠣᠴᠠᠵᠤ᠂ ᠪᠣᠶᠠᠨ ᠬᠢᠵᠦ ᠶᠠᠪᠤᠭᠰᠠᠳ ᠤᠨ ᠵᠣᠯ ᠵᠢᠷᠭᠠᠯ ᠢᠷᠡᠬᠦ︾ | ᠭᠦᠨ ᠰᠠᠨᠠᠭ᠎ᠠ ᠶᠢ ᠦᠨᠡᠨ ᠬᠦ ᠣᠶᠢᠯᠠᠭᠠᠪᠠ᠃ | ᠳ᠋ᠠᠩ ᠴᠧᠩ ᠱᠢ ᠦᠷᠭᠦᠯᠵᠢ ᠰᠢᠤᠸᠠᠨ ᠰᠢᠤᠸᠠᠨ ᠤ ᠢᠲᠡᠭᠡᠯ ᠵᠣᠷᠢᠭ ᠢ ᠨᠢ ᠬᠥᠪᠴᠢᠯᠡᠵᠦ᠂ ᠠᠯᠢᠪᠠ ᠬᠦᠴᠢᠷ | ᠪᠡᠷᠬᠡᠰᠢᠶᠡᠯ ᠳᠤ ᠵᠣᠷᠢᠭᠲᠠᠢ ᠪᠠᠷ ᠬᠠᠨᠳᠤᠵᠤ᠂ ᠪᠠᠶᠠᠷ ᠪᠠᠶᠠᠰᠬᠤᠯᠠᠩᠲᠠᠢ ᠪᠠᠷ ᠠᠮᠢᠳᠤᠷᠠᠬᠤ ᠶᠢ ᠵᠣᠷᠢᠭᠵᠢᠭᠤᠯᠬᠤ ᠶᠢᠨ | ᠬᠠᠮᠲᠤ᠂ ᠲᠡᠭᠦᠨ ᠳᠤ ᠰᠤᠷᠤᠯᠴᠠᠬᠤ ᠨᠢ ᠦᠰᠦᠨ ᠪᠤᠶᠢᠵᠢᠯᠲᠠ ᠶᠢᠨ ᠱᠠᠲᠤ ᠪᠣᠯᠬᠤ ᠶᠢ ᠬᠡᠯᠡᠵᠦ ᠥᠭᠴᠦ᠂ ᠲᠡᠭᠦᠨ ᠢ | ᠮᠡᠳᠡᠯᠭᠡ ᠶᠢᠨ ᠬᠦᠰᠡᠯ ᠡᠷᠡᠮᠡᠯᠵᠡᠯ ᠪᠠ ᠰᠣᠨᠢᠭᠤᠴᠢ ᠰᠡᠳᠬᠢᠯ ᠢᠶᠠᠨ ᠪᠠᠲᠤᠯᠠᠵᠤ᠂ ᠰᠢᠨ᠎ᠡ ᠬᠦᠷᠢᠶ᠎ᠡ ᠴᠠᠷᠠᠭ᠎ᠠ ᠶᠢ | ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠶᠢ ᠬᠦᠰᠡᠬᠦ ᠶᠢᠨ ᠬᠠᠮᠲᠤ ᠪᠠᠰᠠ ᠠᠰᠠᠭᠤᠳᠠᠯ ᠢ ᠪᠡᠶ᠎ᠡ ᠪᠠᠨ ᠳᠠᠭᠠᠭᠠᠵᠤ | ᠰᠡᠳᠬᠢᠨ ᠪᠣᠳᠣᠯᠬᠢᠯᠠᠵᠤ ᠠᠰᠠᠭᠤᠳᠠᠯ ᠢ ᠰᠢᠢᠳᠪᠦᠷᠢᠯᠡᠵᠦ᠂ ᠢᠷᠡᠭᠡᠳᠦᠢ ᠶᠢᠨ ᠥᠷᠢᠰᠥᠯᠳᠦᠭᠡᠨ ᠢ ᠨᠡᠩ ᠰᠠᠶᠢᠲᠤᠷ | ᠠᠷᠭᠠᠴᠠᠭᠠᠬᠤ ᠶᠢ ᠬᠦᠰᠡᠵᠦ ᠪᠠᠶᠢᠨ᠎ᠠ ᠭᠡᠪᠡ᠃ ᠳ᠋ᠠᠩ ᠴᠧᠩ ᠱᠢ ᠶᠠᠮᠠᠷ ᠬᠦᠴᠢᠷᠳᠡᠯ ᠪᠤᠶᠤ ᠨᠤᠭᠤᠷᠠᠯ ᠪᠦᠳᠦᠷᠢᠯ ᠳᠤ | ᠤᠴᠠᠷᠠᠭᠰᠠᠨ ᠴᠤ ᠲᠡᠷᠡ ᠴᠥᠮ ᠡᠭᠦᠷᠢᠳᠡ ᠲᠡᠭᠦᠨ ᠤ ᠳᠡᠷᠭᠡᠳᠡ ᠵᠣᠭᠰᠣᠵᠤ᠂ ᠲᠡᠭᠦᠨ ᠢ ᠳᠡᠮᠵᠢᠵᠦ᠂ ᠲᠡᠭᠦᠨ ᠢ | ᠵᠣᠷᠢᠭᠵᠢᠭᠤᠯᠵᠤ᠂ ᠲᠡᠭᠦᠨ ᠢ ᠪᠠᠶᠠᠷ ᠪᠠᠶᠠᠰᠬᠤᠯᠠᠩ ᠲᠠᠢ᠂ ᠡᠷᠡᠭᠦᠯ ᠴᠢᠭᠢᠷᠠᠭ ᠬᠡᠦᠬᠡᠳ ᠪᠠᠭᠠᠴᠤᠳ ᠪᠣᠯᠬᠤ ᠶᠢ | ᠬᠦᠰᠡᠵᠦ ᠪᠠᠶᠢᠨ᠎ᠠ ᠭᠡᠵᠦ ᠬᠡᠯᠡᠵᠡᠢ᠃ ᠲᠡᠷᠡ᠄ ︽ᠬᠠᠶᠢᠷ᠎ᠠ ᠬᠠᠯᠠᠮᠵᠢᠲᠦ ᠠᠪᠤ ᠪᠣᠯ ᠵᠥᠪᠬᠡᠨ ᠡᠳ᠋ ᠪᠣᠳᠠᠰ ᠤᠨ | ᠲᠠᠯ᠎ᠠ ᠪᠠᠷ ᠣᠯᠭᠤᠭᠰᠠᠨ ᠪᠠ ᠠᠮᠢᠳᠤᠷᠠᠯ ᠤᠨ ᠲᠠᠯ᠎ᠠ ᠪᠠᠷ ᠬᠠᠷᠠᠭᠠᠯᠵᠠᠯ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ | ᠴᠢᠬᠤᠯᠠ ᠨᠢ ᠬᠠᠶᠢᠷ᠎ᠠ ᠰᠡᠳᠬᠢᠯᠭᠡ ᠶᠢᠨ ᠲᠠᠯ᠎ᠠ ᠶᠢᠨ ᠬᠠᠨᠢ ᠪᠣᠯᠤᠨ᠎ᠠ᠃ ᠪᠢ ᠥᠪᠡᠷ ᠤᠨ ᠬᠡᠤᠬᠡᠳ ᠤᠨ ᠢᠶᠠᠨ ᠪᠠᠲᠤ | ᠪᠠᠬᠢ ᠲᠦᠰᠢᠭ ᠪᠣᠯᠬᠤ ᠬᠠᠷᠢᠭᠤᠴᠠᠯᠭ᠎ᠠ ᠲᠠᠢ ᠭᠡᠳᠡᠭ ᠢ ᠭᠦᠨᠵᠡᠭᠡᠶ ᠣᠶᠢᠯᠠᠭᠠᠬᠤ ᠶᠢᠨ ᠬᠠᠮᠲᠤ ᠲᠡᠭᠦᠨ ᠢ ᠬᠥᠲᠥᠯᠥᠨ | ᠵᠢᠯᠣᠭᠤᠳᠴᠤ ᠪᠠᠶᠢᠭᠠᠳ ᠬᠠᠶᠢᠷ᠎ᠠ ᠶᠢ ᠰᠤᠷᠴᠤ᠂ ᠡᠷᠡᠰ ᠪᠠᠲᠤ ᠵᠣᠷᠢᠭ ᠢ ᠰᠤᠷᠴᠤ᠂ ᠠᠮᠢᠳᠤᠷᠠᠯ ᠤᠨ | ᠥᠷᠢᠰᠥᠯᠳᠦᠭᠡᠨ ᠳᠤ ᠨᠢᠭᠤᠷᠳᠠᠬᠤ ᠶᠢ ᠰᠤᠷᠬᠤ ᠬᠡᠷᠡᠭᠲᠡᠶ︾ ᠭᠡᠵᠦ ᠬᠡᠯᠡᠪᠡ᠃ | ︽ᠬᠠᠶᠢᠷ᠎ᠠ ᠬᠠᠯᠠᠮᠵᠢᠲᠦ ᠠᠪᠤ︾ ᠨᠢ ᠵᠥᠪᠬᠡᠨ ᠨᠢᠭᠡ ᠬᠤᠪᠢ ᠬᠠᠷᠢᠭᠤᠴᠠᠯᠭ᠎ᠠ ᠲᠡᠳᠦᠢ ᠪᠢᠰᠢ᠃ ᠠᠪᠤ | ᠪᠣᠯᠣᠭᠰᠠᠨ ᠤ ᠬᠤᠪᠢ ᠳᠤ᠂ ᠳ᠋ᠠᠩ ᠴᠧᠩ ᠱᠢ ᠠᠪᠤ ᠡᠵᠢ ᠨᠢ ᠬᠡᠦᠬᠡᠳ ᠤᠨ ᠢᠶᠠᠨ ᠬᠠᠵᠠᠭᠤ ᠳᠤ ᠪᠠᠶᠢᠬᠤ ᠦᠭᠡᠢ | ᠬᠦᠴᠢᠷ ᠢ ᠭᠦᠨᠵᠡᠭᠡᠢ ᠣᠶᠢᠯᠭᠠᠵᠤ ᠴᠢᠳᠠᠨ᠎ᠠ᠂ ᠲᠡᠷᠡ ᠥᠪᠡᠷ ᠤᠨ ᠥᠴᠦᠬᠡᠨ ᠬᠠᠶᠢᠷ᠎ᠠ᠂ ᠨᠢᠭᠡ ᠬᠤᠪᠢ ᠬᠠᠯᠠᠮᠵᠢᠯᠠᠯ᠂ | ᠨᠢᠭᠡ ᠤᠲᠠᠰᠤ᠂ ᠨᠢᠭᠡ ᠤᠳᠠᠭ᠎ᠠ ᠡᠷᠭᠢᠵᠦ ᠦᠵᠡᠬᠦ ᠪᠠᠷ ᠳᠠᠮᠵᠢᠨ ᠁ ᠬᠡᠦᠬᠡᠳ ᠢ ︽ᠰᠡᠳᠬᠢᠯ ᠢ ᠨᠢ | ᠬᠠᠶᠢᠷᠠᠯᠠᠳᠠᠭ ᠬᠥᠮᠥᠨ ᠲᠠᠢ᠂ ᠪᠡᠶ᠎ᠡ ᠶᠢ ᠨᠢ ᠬᠠᠮᠠᠭᠠᠯᠠᠬᠤ ᠬᠥᠮᠥᠨ ᠲᠠᠢ᠂ ᠬᠦᠴᠢᠷᠳᠡᠪᠡᠯ ᠬᠠᠪᠰᠤᠷᠠᠬᠤ ᠬᠦᠮᠦᠨ ᠲᠠᠢ︾ | ᠭᠡᠬᠦ ᠪᠣᠳᠣᠯ ᠲᠦᠷᠦᠭᠳᠡᠭᠦᠯᠬᠦ ᠶᠢ ᠬᠦᠰᠡᠪᠡ᠃ | ᠳ᠋ᠠᠩ ᠴᠧᠩ ᠱᠢ ᠬᠠᠶᠢᠷ᠎ᠠ ᠬᠠᠯᠠᠮᠵᠢ ᠪᠠᠷ ᠢᠶᠠᠨ ︽ᠬᠠᠶᠢᠷ᠎ᠠ ᠬᠠᠯᠠᠮᠵᠢᠲᠦ ᠠᠪᠤ︾ ᠶᠢᠨ ᠬᠠᠶᠢᠷ᠎ᠠ ᠬᠠᠯᠠᠮᠵᠢ ᠶᠢ ᠨᠠᠷᠢᠨ | ᠬᠦᠯᠢᠴᠡᠩᠭᠦᠢ ᠪᠠᠷ ᠲᠠᠶᠢᠯᠪᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠠᠶᠢᠷ᠎ᠠ ᠬᠠᠯᠠᠮᠵᠢᠲᠦ ᠠᠪᠤ︾ ᠶᠢᠨ ᠡᠭᠦᠷᠭᠡ | ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠪᠤ ᠶᠢᠨ ᠬᠠᠯᠠᠭᠤᠨ ᠳᠤᠯᠠᠭᠠᠨ ᠢᠶᠠᠷ ᠬᠦᠴᠢᠷᠳᠡᠯ ᠳᠤ ᠲᠤᠯᠭᠠᠷᠠᠭᠰᠠᠨ | ᠰᠢᠤᠸᠠᠨ ᠰᠢᠤᠸᠠᠨ ᠳᠤ ᠬᠠᠨᠢ ᠪᠣᠯᠵᠤ᠂ ᠬᠠᠶᠢᠷ᠎ᠠ ᠬᠠᠯᠠᠮᠵᠢ ᠪᠠᠷ ᠬᠡᠦᠬᠡᠳ ᠤᠨ ᠵᠢᠵᠢᠭ ᠶᠢᠷᠲᠢᠨᠴᠦ ᠶᠢ ᠭᠡᠷᠡᠯᠳᠦᠬᠦᠯᠵᠦ | ᠂ ᠬᠠᠯᠠᠭᠤᠨ ᠳᠤᠯᠠᠭᠠᠨ ᠮᠥᠷᠥ ᠪᠠᠷ ᠬᠡᠦᠬᠡᠳ ᠲᠤ ᠴᠡᠯᠮᠡᠭ ᠬᠥᠬᠡ ᠣᠭᠲᠠᠷᠭᠤᠢ ᠶᠢ ᠲᠤᠯᠭᠠᠭᠤᠷᠢᠯᠠᠪᠠ᠃ | ᠦᠢᠯᠡ ᠠᠵᠢᠯᠯᠠᠭ᠎ᠠ ᠪᠠᠷ ᠢᠶᠠᠨ ᠬᠠᠮᠠᠭᠠᠯᠠᠶ᠎ᠠ — ︽ᠬᠠᠶᠢᠷ᠎ᠠ ᠬᠠᠯᠠᠮᠵᠢᠲᠦ ᠠᠪᠤ︾ ᠳᠠᠬᠢᠨᠲᠠ ᠮᠣᠷᠳᠠᠨ᠎ᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠰᠠ ᠳ᠋ᠠᠩ ᠴᠧᠩ ᠱᠢ ᠰᠢᠭ ︽ᠬᠠᠶᠢᠷ᠎ᠠ ᠬᠠᠯᠠᠮᠵᠢᠲᠦ | ᠠᠪᠤ︾ ᠮᠠᠰᠢ ᠤᠯᠠᠨ ᠪᠠᠶᠢᠳᠠᠭ᠂ ᠲᠡᠳᠡ ᠬᠢᠵᠠᠭᠠᠯᠠᠰᠢ ᠦᠬᠡᠢ ᠬᠠᠶᠢᠷ᠎ᠠ ᠬᠠᠯᠠᠮᠵᠢ ᠪᠠᠷ ᠬᠦᠴᠢᠷᠳᠡᠯ ᠳᠤ | ᠲᠤᠯᠭᠠᠷᠠᠭᠰᠠᠨ ᠬᠡᠦᠬᠡᠳ ᠲᠤ ᠬᠦᠰᠡᠯ ᠡᠷᠡᠮᠡᠯᠵᠡᠯ ᠤᠨ ᠣᠭᠲᠠᠷᠭᠤᠢ ᠶᠢ ᠲᠤᠯᠭᠠᠭᠤᠷᠢᠯᠠᠪᠠ᠃ ᠲᠡᠳᠡ ᠥᠪᠡᠷ ᠤᠨ | ᠦᠢᠯᠡ ᠠᠵᠢᠯᠯᠠᠭ᠎ᠠ ᠪᠠᠷ ᠢᠶᠠᠨ ᠬᠠᠶᠢᠷ᠎ᠠ ᠶᠢᠨ ᠦᠨᠡᠨ ᠶᠣᠰᠣ ᠶᠢ ᠲᠠᠶᠢᠯᠪᠤᠷᠢᠯᠠᠵᠤ᠂ ᠡᠨᠡ ᠬᠦ ᠬᠠᠶᠢᠷ᠎ᠠ ᠴᠢᠰᠤᠨ | ᠲᠥᠷᠥᠯ ᠤᠨ ᠵᠠᠭᠠᠭ ᠬᠢᠵᠠᠭᠠᠷ ᠢ ᠳᠠᠪᠠᠵᠤ᠂ ᠰᠡᠳᠬᠢᠯ ᠵᠢᠷᠦᠬᠡ ᠶᠢ ᠬᠤᠯᠪᠣᠬᠤ ᠬᠥᠭᠦᠷᠭᠡ ᠪᠣᠯᠤᠭᠰᠠᠨ ᠪᠠᠶᠢᠨ᠎ᠠ᠃ | ᠬᠡᠦᠬᠡᠳ ᠨᠢᠭᠡᠪᠦᠷᠢ ᠪᠣᠯ ᠴᠥᠮ ᠭᠡᠷ ᠪᠦᠯᠢ ᠶᠢᠨ ᠢᠷᠡᠭᠡᠳᠦᠢ᠂ ᠨᠡᠶᠢᠭᠡᠮ ᠤᠨ ᠬᠦᠰᠡᠯ ᠡᠷᠡᠮᠡᠯᠵᠡᠯ ᠮᠥᠨ᠂ | ᠡᠶᠢᠮᠦ ᠠᠴᠠ ᠲᠡᠳᠡ ᠥᠪᠡᠷ ᠤᠨ ᠴᠠᠭ᠂ ᠤᠶᠤᠨ ᠴᠢᠳᠠᠯ ᠪᠠ ᠬᠠᠶᠢᠷ᠎ᠠ ᠬᠠᠯᠠᠮᠵᠢ ᠪᠠᠨ ᠪᠦᠬᠦ ᠬᠦᠴᠦᠨ ᠢᠶᠠᠷ ᠢᠶᠠᠨ | ᠡᠷᠭᠦᠵᠦ᠂ ᠵᠥᠪᠬᠡᠨ ᠬᠡᠦᠬᠡᠳ ᠤᠳ ᠤᠨ ᠦᠰᠦᠨ ᠪᠤᠶᠢᠵᠢᠬᠤ ᠵᠠᠮ ᠳᠡᠭᠡᠷ᠎ᠡ ᠨᠢᠭᠡ ᠬᠤᠪᠢ ᠬᠦᠴᠢᠷ ᠪᠡᠷᠬᠡ | ᠠᠵᠢᠯᠯᠠᠭ᠎ᠠ ᠶᠢ ᠪᠠᠭᠠᠰᠬᠠᠵᠤ᠂ ᠨᠢᠭᠡ ᠬᠤᠪᠢ ᠬᠠᠯᠠᠭᠤᠨ ᠳᠤᠯᠠᠭᠠᠨ ᠥᠭᠬᠦ ᠶᠢᠨ ᠲᠥᠯᠥᠭᠡ ᠶᠤᠮ ᠭᠡᠳᠡᠭ ᠢ ᠲᠡᠳᠡ | ᠭᠦᠨᠵᠡᠭᠡᠶ ᠣᠶᠢᠯᠠᠭᠠᠪᠠ᠃ | ︽ᠬᠠᠶᠢᠷ᠎ᠠ ᠬᠠᠯᠠᠮᠵᠢᠲᠦ ᠠᠪᠤ︾ ᠶᠢᠨ ᠰᠠᠶᠢᠨ ᠦᠢᠯᠡ ᠠᠵᠢᠯᠯᠠᠭ᠎ᠠ ᠨᠢ ᠤᠳᠤᠳ ᠤᠨ ᠭᠠᠯ ᠰᠢᠭ᠋ ᠨᠡᠶᠢᠭᠡᠮ | ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠭᠠᠯ ᠢ ᠨᠣᠴᠣᠭᠠᠭᠰᠠᠨ ᠪᠠᠶᠢᠨ᠎ᠠ᠃ ︽ᠬᠠᠶᠢᠷ᠎ᠠ ᠬᠠᠯᠠᠮᠵᠢᠲᠦ ᠠᠪᠤ︾ | ᠪᠣᠯ ᠬᠠᠯᠠᠭᠤᠨ ᠳᠤᠯᠠᠭᠠᠨ ᠪᠡᠶ᠎ᠡ ᠪᠢᠯᠳᠠᠷ ᠮᠥᠨ᠂ ᠲᠡᠳᠡ ᠡᠶᠡᠯᠳᠡᠭ ᠵᠥᠭᠡᠯᠡᠨ ᠦᠭᠡ ᠪᠠᠷ ᠭᠡᠷ ᠲᠤ ᠪᠠᠨ | ᠬᠤᠴᠣᠷᠤᠭᠰᠠᠨ ᠬᠡᠦᠬᠡᠳ ᠤᠨ ᠰᠢᠷᠬᠠᠲᠤᠭᠰᠠᠨ ᠰᠡᠳᠬᠢᠯ ᠢ ᠲᠠᠶᠢᠳᠬᠤᠷᠠᠭᠤᠯᠤᠨ ᠲᠣᠬᠤᠨᠢᠭᠤᠯᠤᠨ᠎ᠠ ; ᠬᠠᠯᠠᠭᠤᠨ | ᠳᠤᠯᠠᠭᠠᠨ ᠡᠪᠦᠷᠯᠡᠯ ᠢᠶᠠᠷ ᠬᠡᠦᠬᠡᠳ ᠤᠳ ᠲᠤ ᠳᠤᠲᠠᠭᠳᠠᠵᠤ ᠪᠠᠶᠢᠭ᠎ᠠ ᠬᠠᠶᠢᠷ᠎ᠠ ᠰᠡᠳᠬᠢᠯᠭᠡ ᠶᠢ ᠨᠢ ᠣᠯᠭᠤᠨ᠎ᠠ ; | ᠭᠤᠶᠠᠴᠢ ᠦᠭᠡᠢ ᠬᠤᠪᠢ ᠨᠡᠮᠡᠷᠢ ᠪᠠᠷ ᠬᠡᠦᠬᠡᠳ ᠤᠳ ᠲᠤ ᠬᠥᠬᠡ ᠣᠭᠲᠠᠷᠭᠤᠢ ᠶᠢ ᠲᠤᠯᠵᠤ ᠥᠭᠪᠡ᠃ ᠲᠡᠳᠡ | ᠵᠤᠷᠢᠭᠤᠯᠬᠤ ᠪᠠᠷ ᠴᠢᠷᠮᠠᠶᠢᠵᠤ᠂ ᠠᠴᠢ ᠬᠠᠷᠢᠭᠤᠯᠬᠤ ᠶᠢ ᠬᠥᠭᠡᠭᠡᠴᠡᠯᠳᠦᠬᠦ ᠦᠭᠡᠢ ᠪᠠᠷ ᠬᠡᠦᠬᠡᠳ ᠤᠨ ᠶᠢᠷᠲᠢᠨᠴᠦ ᠶᠢ | ᠭᠡᠷᠡᠯᠳᠦᠭᠦᠯᠵᠦ᠂ ᠬᠡᠦᠬᠡᠳ ᠤᠨ ᠰᠡᠳᠬᠢᠯ ᠳᠠᠬᠢ ᠬᠠᠮᠤᠭ ᠤᠨ ᠭᠤᠶᠤ ᠭᠡᠷᠡᠯ ᠪᠣᠯᠤᠭᠰᠠᠨ ᠪᠠᠶᠢᠨ᠎ᠠ᠃ | ᠲᠤᠰᠠᠯᠠᠮᠵᠢ ᠭᠥᠷᠳᠡᠭᠰᠡᠨ ᠬᠡᠤᠬᠡᠳ ᠤᠨ ᠬᠡᠷ ᠪᠦᠯᠢ ᠳᠤ ᠠᠪᠴᠤ ᠬᠡᠯᠡᠪᠡᠯ᠂ ︽ᠬᠠᠶᠢᠷ᠎ᠠ ᠬᠠᠯᠠᠮᠵᠢᠲᠦ ᠠᠪᠤ︾ | ᠶᠢᠨ ᠰᠠᠶᠢᠨ ᠦᠢᠯᠡ ᠠᠵᠢᠯᠯᠠᠭ᠎ᠠ ᠪᠣᠯ ᠳᠠᠮᠵᠢᠭ ᠥᠬᠡᠶ ᠶᠤᠮ᠃ ᠪᠦᠬᠦ ᠨᠡᠶᠢᠭᠡᠮ ᠳᠤ ᠠᠪᠴᠤ ᠬᠡᠯᠡᠪᠡᠯ᠂ ︽ᠬᠠᠶᠢᠷ᠎ᠠ | ᠬᠠᠯᠠᠮᠵᠢᠲᠦ ᠠᠪᠤ︾ ᠶᠢᠨ ᠠᠵᠢᠯᠯᠠᠭ᠎ᠠ ᠨᠢ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠨᠡᠩ ᠤᠯᠠᠨ | ᠬᠥᠮᠦᠰ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠤ ᠪᠠᠶᠢᠨ᠎ᠠ᠃ ᠬᠤᠶᠢᠰᠢᠳᠠ | ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ︽ᠬᠠᠶᠢᠷ᠎ᠠ | ᠬᠠᠯᠠᠮᠵᠢᠲᠦ ᠠᠪᠤ︾ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠤᠯᠠᠮ ᠨᠢᠭᠡ ᠠᠯᠬᠤᠮ | ᠪᠤᠵᠠᠭᠠᠶᠢᠷᠠᠭᠤᠯᠵᠤ᠂ ᠬᠠᠯᠠᠮᠵᠢᠯᠠᠨ ᠬᠠᠶᠢᠷᠠᠯᠠᠬᠤ ᠠᠭᠤᠯᠭ᠎ᠠ ᠶᠢ ᠪᠠᠶᠠᠯᠢᠭᠵᠢᠭᠤᠯᠤᠨ᠂ ᠬᠠᠯᠠᠮᠵᠢᠯᠠᠨ ᠬᠠᠶᠢᠷᠠᠯᠠᠬᠤ | ᠦᠷ᠎ᠡ ᠪᠦᠲᠦᠮᠵᠢ ᠶᠢ ᠴᠢᠬᠤᠯᠠᠴᠢᠯᠠᠵᠤ᠂ ᠨᠠᠩ ᠴᠢᠩᠭ᠎ᠠ ᠡᠭᠦᠷᠭᠡᠯᠡᠯ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠶᠡᠭᠡ | ᠡᠷᠴᠢᠮ ᠢᠶᠠᠷ ︽ᠬᠠᠶᠢᠷ᠎ᠠ ᠬᠠᠯᠠᠮᠵᠢᠲᠦ ᠠᠪᠤ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠡᠷ ᠲᠤ ᠪᠠᠨ ᠬᠤᠴᠣᠷᠤᠭᠰᠠᠨ ᠬᠡᠤᠬᠡᠳ᠂ ᠬᠦᠴᠢᠷᠳᠡᠯ ᠳᠤ | ᠲᠤᠯᠭᠠᠷᠠᠭᠰᠠᠨ ᠬᠡᠤᠬᠡᠳ ᠤᠨ ᠦᠰᠦᠨ ᠪᠤᠶᠢᠵᠢᠬᠤ ᠵᠠᠮ ᠳᠡᠭᠡᠷᠡᠬᠢ ᠵᠠᠮᠴᠢᠯᠠᠭᠴᠢ᠂ ᠰᠠᠬᠢᠨ ᠬᠠᠮᠠᠭᠠᠯᠠᠭᠴᠢ᠂ ᠬᠦᠰᠡᠯ | ᠵᠡᠭᠦᠳᠦ ᠶᠢ ᠨᠢ ᠲᠡᠷᠭᠡᠯᠰᠢᠭᠦᠯᠬᠦ ᠬᠥᠮᠦᠨ᠂ ᠬᠠᠶᠢᠷ᠎ᠠ ᠬᠠᠯᠠᠮᠵᠢ ᠬᠡᠷᠡᠭᠰᠡᠬᠦ ᠬᠡᠦᠬᠡᠳ ᠨᠢᠭᠡᠪᠦᠷᠢ ᠶᠢ ᠴᠠᠭ ᠲᠤᠬᠠᠶ ᠳᠤ | ᠨᠢ ᠬᠠᠶᠢᠷᠠᠯᠠᠨ ᠬᠠᠯᠠᠮᠵᠢᠯᠠᠵᠤ᠂ ᠨᠠᠷᠠ ᠵᠦᠭ ᠴᠢᠭᠯᠡᠵᠦ᠂ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ |