5 ᠳ᠋ᠤᠭᠠᠷ ᠰᠠᠷ᠎ᠠ ᠶᠢᠨ 17 ᠤ ᠡᠳᠦᠷ᠂ ᠰᠢᠷᠠᠮᠥ᠋ᠷᠡᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠪᠣᠯᠤᠨ ᠰᠢᠪᠡᠷᠬᠦᠷᠢᠶ᠎ᠡ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠠᠮᠲᠤᠷᠠᠨ ᠡᠷᠭᠢᠯᠡᠭᠰᠡᠨ ᠳᠠᠷᠬᠠᠨ ᠮᠤᠤᠮᠢᠩᠭᠠᠨ | ᠬᠤᠯᠪᠣᠭᠠᠲᠣ ᠬᠤᠰᠢᠭᠤᠨ ᠤ ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠬᠡᠲᠦ ᠬᠤᠯᠪᠣᠭᠠᠲᠤ ᠤᠷᠤᠯᠳᠤᠭᠠᠨ | ︾ ᠤ ︽ᠮᠣᠷᠢ︾ ᠶᠢᠨ ᠭᠤᠤᠯ ᠰᠡᠳᠦᠪᠲᠦ ᠠᠵᠢᠯᠯᠠᠭ᠎ᠠ ᠨᠢ ᠳᠠᠷᠬᠠᠨ ᠮᠤᠤᠮᠢᠩᠭᠠᠨ ᠤ ᠲᠠᠯ᠎ᠠ ᠨᠤᠲᠤᠭ ᠲᠤ | ᠥᠷᠢᠰᠥᠯᠳᠦᠭᠡᠨ᠂ ᠰᠣᠶᠣᠯ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠲᠠᠯ᠎ᠠ ᠨᠤᠲᠤᠭ ᠤᠨ ᠦᠪᠡᠳᠡᠭᠰᠢ | ᠴᠤᠭᠯᠠᠭᠠᠨ ᠥᠷᠨᠢᠭᠦᠯᠵᠡᠶ︕ ᠬᠡᠳᠦᠨ ᠮᠢᠩᠭᠠᠨ ᠵᠤᠭᠠᠴᠠᠭᠰᠠᠳ ᠢ ᠲᠤᠬᠠᠢ ᠶᠢᠨ ᠭᠠᠵᠠᠷ ᠤᠨ ᠠᠷᠠᠳ ᠤᠯᠠᠨ ᠲᠠᠢ | ᠬᠠᠯᠠᠭᠤᠨ ᠢᠶᠠᠷ ᠣᠷᠣᠯᠴᠠᠭᠤᠯᠵᠤ᠂ ᠵᠠᠰᠠᠭ ᠠᠵᠤ ᠠᠬᠤᠶᠢᠯᠠᠯ ᠬᠠᠮᠲᠤᠷᠠᠯᠴᠠᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠰᠣᠶᠣᠯ ᠵᠤᠭᠠᠴᠠᠯ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ | ᠪᠣᠯᠭᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠵᠤ᠂ ᠭᠤᠶᠢᠳᠠ ᠰᠠᠶᠢᠬᠠᠨ ᠪᠠᠶᠢᠯ᠎ᠠ᠃ | ᠲᠠᠪᠤᠨ ᠥᠩᠭᠡᠲᠦ ᠴᠠᠭᠠᠰᠤᠨ ᠰᠢᠪᠠᠭᠤᠨ ᠤ ᠨᠡᠶᠢᠯᠡᠯᠲᠡ ᠶᠢᠨ ᠳᠦᠷᠰᠦ ᠪᠠᠶᠢᠳᠠᠯ ᠨᠢ ᠲᠠᠯ᠎ᠠ ᠨᠤᠲᠤᠭ ᠤᠨ ᠰᠦᠷᠯᠢᠭ | ᠰᠠᠢᠬᠠᠨ ᠲᠥᠷᠬᠦ ᠲᠠᠢ ᠥᠩᠭᠡ ᠢᠯᠭᠠᠷᠠᠨ ; ᠮᠣᠷᠢᠨ ᠤᠷᠤᠯᠳᠤᠭᠠᠨ ᠨᠢ ᠬᠥᠮᠦᠨ ᠤ ᠰᠡᠳᠭᠢᠯ ᠢ ᠲᠠᠲᠠᠵᠤ᠂ | ᠤᠳᠠᠭ᠎ᠠ ᠪᠦᠷᠢ ᠶᠢᠨ ᠳᠠᠪᠠᠵᠤ ᠭᠠᠷᠬᠤ ᠳᠤ ᠪᠦᠷ ᠪᠠᠶᠠᠷᠯᠠᠨ ᠬᠠᠰᠭᠢᠷᠤᠨ᠎ᠠ ; ︽ᠮᠣᠷᠢ︾ ᠶᠢᠨ ᠭᠤᠣᠯ ᠰᠡᠳᠦᠪᠲᠦ | ᠠᠵᠢᠯᠯᠠᠭ᠎ᠠ ᠡᠯᠪᠡᠭ ᠪᠠᠶᠠᠯᠢᠭ ᠪᠠᠶᠢᠵᠦ᠂ ᠮᠣᠷᠢᠨ ᠨᠢᠷᠤᠭᠤᠨ ᠳᠡᠭᠡᠷᠡᠬᠢ ᠦᠨᠳᠦᠰᠦᠲᠡᠨ ᠤ ᠰᠣᠶᠣᠯ ᠤᠨ ᠷᠢᠳᠢ ᠰᠢᠳᠢ | ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ ; ᠵᠤᠭᠠᠴᠠᠭᠰᠠᠳ ᠣᠷᠭᠢᠯᠤᠮ᠎ᠠ ᠬᠠᠯᠠᠭᠤᠨ ᠰᠡᠳᠭᠢᠯᠭᠡ ᠲᠠᠢ ᠪᠠᠷ ᠲᠠᠯ᠎ᠠ | ᠨᠤᠲᠤᠭ ᠤᠨ ᠵᠠᠩ ᠦᠢᠯᠡ ᠶᠢᠨ ᠪᠠᠶᠠᠷ ᠪᠠᠭ᠋ᠠᠲᠤᠯ ᠢ ᠣᠶᠢᠯᠭᠠᠵᠤ ᠪᠠᠶᠢᠨ᠎ᠠ᠃ | ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠬᠡᠲᠦ ᠬᠤᠯᠪᠣᠭᠠᠲᠤ ᠤᠷᠤᠯᠳᠤᠭᠠᠨ︾᠃ ᠫᠤᠤ | ᠳᠤᠤᠭᠠᠷᠬᠤ ᠶᠢ ᠳᠠᠭᠠᠯᠳᠤᠨ᠂ 1600 ᠮᠧᠲᠷ ᠤᠨ ᠤᠷᠤᠯᠳᠤᠭᠠᠨ ᠤ ᠵᠠᠮ ᠨᠢ ᠬᠤᠷᠳᠤᠴᠠ ᠪᠠ ᠣᠷᠭᠢᠯᠤᠮ᠎ᠠ | ᠰᠡᠳᠭᠢᠯᠭᠡ ᠲᠠᠢ ᠤᠷᠤᠯᠳᠤᠭᠠᠨ ᠤ ᠲᠠᠯᠠᠪᠤᠷ ᠪᠣᠯᠵᠤ᠂ ᠬᠤᠷᠳᠤᠨ ᠮᠣᠷᠢ ︵1.45 ᠮᠧᠲᠷ ᠠᠴᠠ ᠳᠡᠭᠡᠭᠰᠢ︶ ᠶᠠᠭ | ᠴᠢᠪᠬᠠᠳᠠᠰᠤ ᠪᠠᠨ ᠬᠠᠷᠪᠤᠭᠰᠠᠨ ᠮᠡᠲᠦ ᠬᠤᠷᠳᠤᠨ ᠳᠠᠪᠬᠢᠵᠤ᠂ ᠳᠡᠯ ᠰᠡᠭᠦᠯ ᠢᠶᠠᠨ ᠰᠠᠯᠬᠢᠨ ᠤ ᠠᠶ᠎ᠠ ᠪᠠᠷ | ᠳᠤᠤᠭᠠᠷᠭᠠᠪᠠ ; ᠵᠢᠷᠤᠭ᠎ᠠ ᠮᠣᠷᠢ ᠲᠠᠢ ︵1.4 ᠮᠧᠲᠷ ᠠᠴᠠ ᠳᠡᠭᠡᠭᠰᠢ︶ ᠠᠯᠬᠤᠭ᠎ᠠ ᠨᠢ ᠯᠠᠪᠳᠠᠭᠤᠨ ᠪᠠᠲᠤᠲᠠᠢ ᠪᠠᠷ | ᠸᠠᠩ ᠤᠨ ᠬᠡᠪ ᠨᠠᠮᠪᠠ ᠶᠢ ᠢᠯᠡᠷᠡᠭᠦᠯᠪᠡ ; ᠴᠣᠬᠤᠷ ᠮᠣᠷᠢ ︵1.45 ᠮᠧᠲᠷ ᠠᠴᠠ ᠳᠣᠷᠣᠭᠰᠢ︶ ᠪᠡᠶ᠎ᠡ ᠨᠢ | ᠬᠤᠷᠴᠠ ᠰᠠᠮᠪᠠᠭᠠᠯᠢᠭ ᠪᠠᠶᠢᠵᠤ᠂ ᠮᠣᠷᠢᠲᠠᠨ ᠲᠠᠢ ᠪᠠᠨ ᠰᠡᠳᠬᠢᠯ ᠰᠠᠨᠠᠭ᠎ᠠ ᠨᠢᠭᠡᠲᠦᠪᠡ᠃ ᠮᠣᠷᠢᠲᠠᠨ ᠦᠨᠳᠦᠰᠦᠲᠡᠨ ᠤ | ᠬᠤᠪᠴᠠᠰᠤ ᠵᠠᠰᠠᠯ᠂ ᠡᠰᠡᠬᠦᠯ᠎ᠡ ᠲᠠᠰᠢᠭᠤᠷ ᠢᠶᠠᠨ ᠬᠤᠷᠦ᠋ᠢᠯᠠᠨ ᠮᠣᠷᠢ ᠪᠠᠨ ᠱᠠᠯᠠᠪᠬᠠᠨ ᠰᠢᠪᠠᠵᠤ᠂ ᠤᠳᠠᠭ᠎ᠠ | ᠪᠦᠷᠢ ᠶᠢᠨ ᠰᠢᠪᠲᠤᠯᠤᠯᠲᠠ ᠳᠤ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠪᠠ᠃ ︽ᠲᠦᠷᠦᠭᠦᠦ ᠤᠳᠠᠭ᠎ᠠ ᠣᠶᠢᠷ᠎ᠠ | ᠵᠠᠶ ᠠᠴᠠ ᠮᠣᠷᠢ ᠤᠷᠤᠯᠳᠤᠬᠤ ᠨᠢ ᠬᠠᠷᠠᠪᠠ᠂ ᠦᠨᠡᠬᠡᠷ ᠭᠠᠶᠢᠠᠬᠯᠲᠠᠢ︕︾ ᠪᠡᠭᠡᠵᠢᠩ ᠠᠴᠠ ᠢᠷᠡᠭᠰᠡᠨ ᠯᠢ ᠠᠪᠠᠭ᠋ᠠᠢ | ᠰᠡᠳᠬᠢᠯ ᠳᠣᠭᠳᠣᠯᠬᠤ ᠪᠠᠨ ᠳᠠᠷᠤᠬᠤ ᠳᠤ ᠪᠡᠷᠬᠡ ᠪᠣᠯᠵᠤ᠂ ︽ᠮᠣᠷᠢᠲᠠᠨ ᠪᠠ ᠮᠣᠷᠢ ᠰᠡᠳᠬᠢᠯ ᠨᠢᠭᠡᠲᠡᠢ ᠪᠠᠶᠢᠬᠤ ᠨᠢ | ᠶᠠᠭ ᠨᠢᠭᠡ ᠭᠡᠷ ᠤᠨ ᠬᠦᠮᠦᠰ ᠰᠢᠭ᠂ ᠡᠨᠡ ᠪᠣᠯ ᠳᠠᠷᠤᠢ ᠲᠠᠯ᠎ᠠ ᠨᠤᠲᠤᠭ ᠤᠨ ᠬᠦᠴᠦᠨ ᠮᠥᠨ︾ ᠭᠡᠵᠦ ᠬᠡᠯᠡᠪᠡ᠃ | ᠬᠥᠳᠡᠯᠭᠡᠭᠡᠨ ᠤ ᠭᠤᠴᠤ ᠰᠠᠶᠢᠬᠠᠨ ᠨᠢ ᠵᠦᠪᠬᠡᠨ ᠮᠣᠷᠢᠨ ᠤᠷᠤᠯᠳᠤᠭᠠᠨ ᠢᠶᠠᠷ ᠵᠣᠭᠰᠣᠬᠤ ᠦᠭᠡᠢ᠃ ᠠᠭᠲᠠ | ᠮᠣᠷᠢᠨ ᠤ ᠦᠪᠡᠳᠡᠭᠰᠢ ᠨᠠᠶᠢᠷ ᠲᠤ ᠳᠡᠭᠦᠯᠢᠨ ᠪᠦᠵᠢᠭᠯᠡᠵᠦ᠂ ᠪᠦᠬᠦᠯᠢ ᠬᠤᠨᠢᠨ ᠤ ᠮᠢᠬ᠎ᠠ ᠰᠢᠷᠠᠵᠤ ᠦᠨᠢᠷ ᠰᠠᠶᠢᠬᠠᠨ | ᠦᠨᠤᠷ ᠬᠠᠩᠬᠤᠯᠠᠭᠤᠯᠣᠨ᠂ ᠮᠣᠩᠭᠤᠯ ᠤᠷᠲᠤ ᠶᠢᠨ ᠳᠠᠭᠤᠤ ᠨᠢ ᠡᠶᠡᠪᠡᠷᠭᠦᠦ ᠮᠢᠷᠠᠯᠵᠠᠨ᠂ ᠵᠢᠪᠦᠮᠡᠯ ᠮᠠᠶ᠋ᠢᠭ ᠤᠨ ᠲᠠᠯ᠎ᠠ | ᠨᠤᠲᠤᠭ ᠤᠨ ᠸᠠᠩ ᠨᠣᠶᠠᠨ ᠤ ᠢᠷᠠᠭᠤ ᠰᠠᠶᠢᠬᠠᠨ ᠢ ᠣᠶᠢᠯᠠᠭᠠᠪᠠ ; ᠮᠤᠷᠢᠲᠤ ᠴᠡᠷᠢᠭ ᠨᠢ ᠰᠦᠷ ᠵᠢᠪᠬᠤᠭ᠎ᠠ ᠲᠠᠢ | ᠪᠠᠶᠢᠵᠦ᠂ ᠮᠣᠩᠭᠤᠯ ᠮᠣᠷᠢᠨ ᠤ ᠭᠤᠸ᠎ᠠ ᠰᠢᠯᠭᠠᠷᠠᠭᠤᠯᠬᠤ ᠳᠤ ᠭᠡᠷᠡᠯ ᠭᠡᠭᠡ ᠪᠣᠯᠢᠶᠠᠯᠳᠤᠨ᠂ ᠮᠣᠷᠢᠨ ᠨᠢᠷᠤᠭᠤᠨ | ᠳᠡᠭᠡᠷ᠎ᠡ ᠢᠨᠠᠭ ᠤᠨ ᠪᠠᠷᠢᠯᠳᠤᠯᠭ᠎ᠠ ᠬᠢᠵᠦ᠂ ᠮᠣᠷᠢᠨ ᠨᠢᠷᠤᠭᠤᠨ ᠳᠡᠭᠡᠷᠡᠬᠢ ᠰᠣᠶᠣᠯ ᠤᠨ ᠵᠠᠩ ᠠᠭᠠᠯᠢ ᠶᠢ ᠪᠥᠬᠦ | ᠲᠠᠯ᠎ᠠ ᠪᠠᠷ ᠳᠡᠯᠭᠡᠨ ᠦᠵᠡᠭᠦᠯᠵᠡᠶ ; ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠡᠯᠪᠡᠭ ᠬᠤᠷᠢᠶᠠᠯᠲᠠ ᠲᠠᠢ | ᠂ ᠱᠧᠳ᠋ᠷᠠᠨᠳ᠋ ᠤᠨ ᠪᠣᠭᠤᠨᠢ ᠠᠳᠤᠭᠤᠨ ᠤ ᠠᠰᠪᠤᠷᠢ ᠴᠠᠭᠠᠪᠤᠷ ᠵᠠᠩᠰᠢᠯ ᠲᠠᠢ᠂ ᠲᠠᠯ᠎ᠠ ᠨᠤᠲᠤᠭ ᠢᠶᠠᠷ ᠠᠶᠠᠯᠠᠨ | ᠰᠡᠭᠦᠳᠡᠷᠯᠡᠬᠦ ᠨᠢ ᠭᠤᠶᠣ ᠰᠠᠶᠢᠬᠠᠨ ᠪᠠᠶᠢᠵᠤ᠂ ᠢᠰᠡᠭᠡᠢ ᠭᠡᠷ ᠨᠤᠲᠤᠭ ᠤᠨ ᠵᠣᠪᠠᠨᠢᠯ ᠢ ᠠᠴᠢᠶᠠᠯᠠᠵᠤ᠂ ᠨᠡᠭᠦᠳᠡᠯ | ᠠᠮᠢᠳᠤᠷᠠᠯ ᠤᠨ ᠰᠢᠯᠦᠭ ᠤᠨ ᠬᠠᠭᠤᠳᠠᠰᠤ ᠶᠢ ᠵᠢᠷᠤᠭᠯᠠᠨ᠎ᠠ᠃ | ᠮᠣᠩᠭᠤᠯ ᠮᠣᠷᠢᠨ ᠤ ᠭᠤᠸ᠎ᠠ ᠰᠢᠯᠭᠠᠷᠠᠭᠤᠯᠬᠤ ᠤᠷᠤᠯᠳᠤᠭᠠᠨ᠃ ᠨᠢᠭᠡ ᠨᠢᠭᠡ ᠨᠠᠷᠢᠨ ᠨᠢᠮᠪᠠᠶ ᠴᠢᠮᠡᠭᠰᠡᠨ ᠮᠣᠷᠢ | ᠨᠢ ᠢᠷᠠᠭᠤ ᠰᠠᠶᠢᠬᠠᠨ ᠠᠯᠬᠤᠭ᠎ᠠ ᠪᠠᠷ ᠬᠠᠷᠠᠭᠳᠠᠨ᠎ᠠ᠃ ᠲᠡᠳᠡᠭᠡᠷ ᠨᠢ ᠠᠯᠠᠭ ᠡᠮᠡᠭᠡᠯ ᠨᠥᠮᠥᠷᠵᠦ᠂ ᠥᠪᠴᠢ ᠥᠩᠭᠡᠲᠦ | ᠳᠤᠷᠳᠤᠩ ᠢᠶᠠᠷ ᠴᠢᠮᠡᠭ ᠪᠤᠯᠭᠠᠵᠤ᠂ ᠨᠠᠷᠠᠨ ᠤ ᠭᠡᠷᠡᠯ ᠳᠤ ᠭᠢᠯᠠᠯᠵᠠᠵᠤ᠂ ᠲᠠᠯ᠎ᠠ ᠨᠤᠲᠤᠭ ᠤᠨ ᠮᠣᠳᠧᠯ ᠰᠢᠭ᠋ | ᠰᠠᠨᠠᠭᠳᠠᠨ᠎ᠠ᠃ ᠨᠡᠷ᠎ᠡ ᠲᠦᠷᠥ ᠲᠠᠢ ᠡᠮᠨᠢᠭ ᠰᠤᠷᠭᠠᠬᠤ ᠪᠠᠭᠰᠢ ᠵᠡᠷᠭᠡ ᠠᠴᠠ ᠪᠦᠷᠢᠯᠳᠦᠭᠰᠡᠨ ᠬᠢᠨᠠᠨ ᠲᠣᠭᠲᠠᠭᠠᠬᠤ | ᠪᠦᠯᠬᠦᠮ ᠨᠢ ᠠᠳᠤᠭᠤᠴᠢᠨ ᠤ ᠬᠤᠪᠴᠠᠰᠤ ᠵᠠᠰᠠᠯ᠂ ᠠᠳᠤᠭᠤᠨ ᠤ ᠪᠡᠶ᠎ᠡ ᠶᠢᠨ ᠪᠦᠲᠦᠴᠡ᠂ ᠮᠣᠩᠭᠤᠯ ᠮᠣᠷᠢᠨ ᠤ | ᠡᠮᠡᠭᠡᠯ ᠤᠨ ᠵᠠᠰᠠᠯ ᠵᠡᠷᠭᠡ ᠲᠠᠯ᠎ᠠ ᠠᠴᠠ ᠬᠤᠪᠢ ᠨᠡᠮᠡᠵᠦ᠂ ᠮᠣᠷᠢ ᠨᠢᠭᠡᠪᠦᠷᠢ ᠶᠢᠨ ᠥᠪᠡᠷᠮᠢᠴᠡ ᠷᠢᠳᠢ ᠰᠢᠳᠢ ᠶᠢ | ᠠᠭᠤᠳᠠᠯᠵᠤ᠂ ᠬᠠᠮᠤᠭ ᠡᠴᠦᠰ ᠲᠤ ᠲᠦᠷᠦᠭᠦᠦ ᠠᠷᠪᠠᠨ ︽ᠲᠠᠯ᠎ᠠ ᠨᠤᠲᠤᠭ ᠤᠨ ᠠᠵᠢᠨᠠᠢ ᠬᠦᠯᠦᠭ ᠤᠨ ᠣᠳᠣᠨ︾ ᠢ | ᠰᠢᠯᠭᠠᠷᠠᠭᠤᠯᠤᠨ ᠭᠠᠷᠭᠠᠵᠤ᠂ ᠦᠵᠡᠭᠴᠢᠳ ᠤᠨ ᠨᠢᠳᠦ ᠶᠢ ᠬᠤᠵᠢᠷᠯᠠᠵᠠᠢ᠃ | ᠮᠣᠷᠢᠨ ᠨᠢᠷᠤᠭᠤᠨ ᠳᠡᠭᠡᠷᠡᠬᠢ ᠠᠮᠠᠷᠠᠭ ᠬᠤᠣᠰ ᠢ ᠰᠢᠯᠭᠠᠷᠠᠭᠤᠯᠬᠤ ᠤᠷᠤᠯᠳᠤᠭᠠᠨ᠃ ᠷᠣᠮᠠᠨᠲ᠋ᠢᠭ ᠶᠢ ᠡᠴᠦᠰ | ᠲᠤ ᠨᠢ ᠲᠤᠯᠲᠠᠯ᠎ᠠ ᠬᠢᠵᠦ᠂ ᠬᠠᠮᠤᠭ ᠤᠨ ᠭᠤᠶᠤ ᠮᠣᠷᠢᠨ ᠳᠡᠭᠡᠷᠡᠬᠢ ᠠᠮᠠᠷᠠᠭ ᠤᠳ ᠠᠵᠢᠨᠠᠢ ᠬᠦᠯᠦᠭ ᠤᠨᠤᠨ᠂ | ᠥᠷᠭᠡᠨ ᠠᠭᠤᠳᠠᠮ ᠲᠠᠯ᠎ᠠ ᠨᠤᠲᠤᠭ ᠲᠤ ᠮᠥᠷᠥ ᠵᠡᠷᠭᠡᠴᠡᠨ ᠳᠠᠪᠬᠢᠵᠤ᠂ ᠪᠠᠯᠲᠤ ᠰᠠᠶᠢᠬᠠᠨ ᠪᠠᠶᠢᠳᠠᠭ᠃ ᠲᠡᠳᠡᠨ ᠤ | ᠪᠠᠷ᠎ᠠ ᠰᠡᠭᠦᠳᠡᠷ ᠪᠣᠯᠤᠨ ᠬᠥᠬᠡ ᠣᠭᠲᠠᠷᠭᠤᠶ ᠴᠠᠭᠠᠨ ᠡᠭᠦᠯᠡ᠂ ᠨᠣᠭᠤᠭᠠᠨ ᠡᠪᠡᠰᠦ ᠠᠵᠢᠨᠠᠶ ᠬᠦᠯᠦᠭ ᠲᠠᠢ ᠨᠢᠭᠡ | ᠭᠤᠴᠣ ᠰᠠᠶᠢᠬᠠᠨ ᠵᠢᠷᠤᠭ ᠢ ᠪᠦᠷᠢᠯᠳᠦᠭᠦᠯᠵᠦ᠂ ᠲᠠᠯ᠎ᠠ ᠨᠤᠲᠤᠭ ᠤᠨ ᠥᠪᠡᠷᠮᠢᠴᠡ ᠢᠨᠠᠭ ᠳᠤᠷᠠᠯᠠᠯ ᠤᠨ ᠥᠯᠢᠭᠡᠷ ᠢ | ᠲᠠᠶᠢᠯᠪᠤᠷᠢᠯᠠᠵᠠᠶ᠃ ᠰᠢᠯᠭᠠᠷᠠᠭᠤᠯᠵᠤ ᠭᠠᠷᠭᠠᠭᠰᠠᠨ ᠡᠮᠦᠨᠡᠬᠢ 10 ᠠᠮᠠᠷᠠᠭ ᠨᠢ ᠡᠯᠪᠡᠭ ᠪᠠᠶᠠᠯᠢᠭ ᠱᠠᠩᠨᠠᠯ ᠤᠨ ᠮᠦᠩᠬᠦ | ᠣᠯᠬᠤ ᠪᠠᠷ ᠪᠠᠷᠠᠬᠤ ᠦᠭᠡᠢ ᠪᠠᠰᠠ ᠨᠢᠭᠡ ᠢᠵᠢ ᠲᠠᠯ᠎ᠠ ᠨᠣᠳᠤᠭ ᠲᠤ ᠵᠢᠭᠤᠯᠴᠢᠯᠠᠨ ᠰᠡᠭᠦᠳᠡᠷᠯᠡᠬᠦ ᠨᠡᠷᠡᠰ ᠢ ᠣᠯᠵᠣ᠂ | ᠡᠨᠡ ᠬᠦ ᠷᠣᠮᠠᠨᠲ᠋ᠢᠭ ᠢ ᠦᠨᠢᠳᠡ ᠶᠢᠨ ᠬᠠᠨᠳᠣᠯᠭ᠎ᠠ ᠪᠣᠯᠭᠠᠨ ᠲᠣᠭᠳᠠᠭᠠᠳᠠᠭ᠃ | ᠵᠣᠴᠢᠨ ᠤᠭᠲᠤᠬᠤ ᠭᠤᠭᠴᠤᠭ᠎ᠠ᠃ ᠬᠠᠯᠠᠭᠤᠨ ᠰᠡᠳᠬᠢᠯᠲᠦ ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠷ᠎ᠡ | ᠬᠡᠤᠬᠡᠳ ᠤᠳ ᠮᠥᠩᠭᠦᠨ ᠠᠶᠠᠭ᠎ᠠ ᠬᠠᠳᠠᠭ ᠪᠠᠷᠢᠵᠤ᠂ ᠠᠩᠬᠢᠯᠤᠮ᠎ᠠ ᠰᠠᠶᠢᠬᠠᠨ ᠠᠷᠢᠬᠢ ᠪᠠᠨ ᠡᠷᠭᠦᠨ᠎ᠡ᠃ ᠲᠠ ᠡᠨᠡ | ᠠᠶᠠᠭ᠎ᠠ ᠠᠷᠢᠬᠢ ᠶᠢ ᠲᠤᠰᠳᠠᠭ ᠯᠠ ᠶᠤᠮ ᠪᠣᠯ ᠡᠨᠡ ᠬᠦ ᠬᠠᠯᠠᠭᠤᠨ ᠰᠡᠳᠬᠢᠯᠭᠡ ᠲᠠᠢ ᠲᠠᠯ᠎ᠠ ᠨᠤᠲᠤᠭ ᠤᠨ ᠶᠡᠭᠡ ᠭᠡᠷ | ᠪᠦᠯᠢ ᠳᠤ ᠠᠭᠤᠰᠤᠨ ᠣᠷᠣᠵᠤ᠂ ᠲᠠᠯ᠎ᠠ ᠨᠤᠲᠤᠭ ᠤᠨ ᠠᠷᠠᠳ ᠲᠦᠮᠡᠨ ᠤ ᠠᠰᠪᠤᠷᠢ ᠰᠢᠯᠤᠭᠤᠨ ᠪᠠ ᠦᠨᠡᠨᠴᠢ | ᠰᠢᠳᠤᠷᠭᠤ ᠶᠢ ᠪᠡᠶᠡᠴᠢᠯᠡᠨ ᠣᠶᠢᠯᠠᠭᠠᠪᠠ᠃ | ᠮᠣᠷᠢᠲᠤ ᠴᠡᠷᠢᠭ ᠤᠨ ᠰᠤᠮᠤᠨ ᠤ ᠪᠣᠯᠪᠠᠰᠤᠷᠠᠯ ᠤᠨ ᠦᠵᠡᠭᠦᠯᠦᠯᠭᠡ᠃ ᠮᠣᠷᠢᠲᠤ ᠴᠡᠷᠢᠭ ᠤᠨ ᠰᠤᠮᠤᠨ ᠤ | ᠪᠣᠯᠪᠠᠰᠤᠷᠠᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠣᠷᠭᠢᠯ ᠳᠤ ᠬᠦᠷᠭᠡᠪᠡ᠃ ᠰᠢᠷᠠᠮᠥ᠋ᠷᠡᠨ ᠪᠠᠯᠭᠠᠰᠤᠨ ᠤ ᠡᠷᠦᠬᠡ | ᠶᠢᠨ ᠴᠡᠷᠢᠭ ᠤᠨ ᠮᠣᠷᠢᠲᠤ ᠴᠡᠷᠢᠭ ᠤᠨ ᠰᠤᠮᠤ 1971 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠣᠨ | ᠰᠠᠷ᠎ᠠ ᠶᠢᠨ ᠳᠠᠪᠲᠠᠯᠲᠠ ᠪᠠ ᠳᠠᠬᠢᠨ ᠵᠣᠬᠢᠶᠠᠨ ᠪᠠᠶᠢᠭᠤᠯᠵᠤ ᠥᠷᠭᠡᠳᠬᠡᠨ ᠪᠠᠶᠢᠭᠤᠯᠬᠤ ᠶᠢ ᠦᠩᠭᠡᠷᠡᠭᠡᠵᠦ᠂ ᠢᠮᠠᠭᠲᠠ | ᠴᠤᠭ ᠪᠠᠳᠠᠷᠠᠩᠭᠤᠶ ᠲᠡᠮᠡᠴᠡᠯ ᠤᠨ ᠵᠣᠷᠢᠭ ᠪᠠ ᠤᠷ᠎ᠠ ᠮᠡᠷᠭᠡᠵᠢᠯ ᠢᠶᠠᠨ ᠬᠠᠳᠠᠭᠠᠯᠠᠭᠰᠠᠭᠠᠷ ᠢᠷᠡᠵᠡᠶ᠃ | ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ᠂ ᠮᠣᠷᠢᠲᠤ ᠴᠡᠷᠢᠭ ᠤᠨ ᠪᠡᠶ᠎ᠡ ᠪᠢᠯᠳᠠᠷ ᠲᠦᠷᠢᠨ᠂ ᠴᠡᠷᠢᠭ ᠤᠨ ᠳᠦᠷᠢ | ᠲᠥᠷᠬᠦ ᠲᠥᠪ ᠴᠢᠩᠭ᠎ᠠ ᠪᠠᠶᠢᠵᠤ᠂ ᠢᠳᠡᠷᠡᠭᠦᠨ ᠠᠮᠠᠨ ᠳᠣᠬᠢᠶ᠎ᠠ ᠶᠢ ᠳᠠᠭᠠᠵᠤ ᠲᠡᠷᠢ ᠲᠡᠭᠰᠢ ᠵᠢᠭᠰᠠᠭᠠᠯ ᠤᠨ | ᠰᠣᠯᠢᠭᠳᠠᠯ ᠢ ᠪᠡᠶᠡᠯᠡᠭᠦᠯᠪᠡ᠃ ᠬᠤᠷᠴᠠ ᠬᠦᠢᠲᠡᠨ ᠬᠤᠷᠴᠠ ᠰᠡᠯᠡᠮ᠎ᠡ ᠲᠠᠢ ᠵᠢᠳᠠ ᠨᠢ ᠭᠠᠯ ᠳᠦᠷᠡᠯᠵᠡᠨ᠂ ᠠᠭᠲᠠ | ᠮᠣᠷᠢᠨ ᠤ ᠢᠨᠴᠠᠭᠠᠷ ᠳᠤᠮᠳᠠ᠂ ᠪᠣᠯᠣᠳ ᠲᠡᠮᠦᠷ ᠤᠨ ᠤᠷᠤᠰᠬᠠᠯ ᠮᠡᠲᠦ ᠣᠷᠭᠢᠯᠤᠨ ᠳᠠᠪᠠᠯᠭᠠᠯᠠᠵᠤ ᠬᠥᠮᠥᠨ ᠤ | ᠰᠡᠳᠬᠢᠯ ᠢ ᠰᠡᠷᠭᠦᠭᠡᠪᠡ᠃ ᠡᠨᠡ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠨᠢ ᠬᠦᠴᠦᠨ ᠴᠢᠳᠠᠯ ᠪᠠ ᠬᠤᠷᠳᠤᠴᠠ | ᠰᠣᠯᠪᠢᠴᠠᠭᠰᠠᠨ ᠬᠠᠷᠠᠭᠠᠨ ᠤ ᠦᠪᠡᠳᠡᠭᠰᠢ ᠳᠠᠶᠢᠯᠠᠯᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠠᠮᠢᠳᠤᠯᠢᠭ ᠠᠷᠭ᠎ᠠ | ᠬᠡᠯᠪᠡᠷᠢ ᠪᠠᠷ ᠪᠣᠯᠣᠳ ᠲᠡᠮᠦᠷ ᠤᠨ ᠰᠠᠬᠢᠯᠭ᠎ᠠ ᠪᠠᠲᠤ ᠶᠢᠨ ᠰᠦᠷ ᠬᠦᠴᠦᠨ ᠢ ᠲᠠᠶᠢᠯᠪᠤᠷᠢᠯᠠᠭᠰᠠᠨ ᠪᠠᠶᠢᠨ᠎ᠠ᠃ | ᠦᠵᠡᠭᠴᠢᠳ ᠬᠠᠯᠠᠭᠤᠨ ᠴᠢᠰᠤ ᠣᠷᠭᠢᠯᠤᠭᠰᠠᠨ ᠪᠠᠶᠢᠳᠠᠯ ᠢ ᠣᠶᠢᠯᠠᠭᠠᠭᠰᠠᠨ ᠤ ᠬᠠᠮᠲᠤ ᠪᠠᠰᠠ ᠠᠮᠢᠳᠤᠯᠢᠭ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠣᠷᠣᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠲᠦ ᠶᠢᠨ | ᠦᠨ᠎ᠡ ᠥᠷᠲᠡᠭ ᠢ ᠣᠶᠢᠯᠠᠭᠠᠪᠠ᠃ | ᠠᠳᠤᠭᠤᠨ ᠳᠠᠶᠢᠯᠠᠯᠭ᠎ᠠ᠃ ᠠᠳᠤᠭᠤᠨ ᠳᠠᠶᠢᠯᠠᠯᠭ᠎ᠠ ᠨᠢ ᠲᠠᠯ᠎ᠠ ᠨᠤᠲᠤᠭ ᠤᠨ ᠰᠣᠶᠣᠯ ᠤᠨ ᠭᠡᠷᠡᠯ | ᠰᠠᠴᠤᠷᠠᠩᠭᠤᠶ ᠰᠤᠪᠤᠳ ᠪᠣᠯᠤᠭᠰᠠᠨ ᠤ ᠬᠤᠪᠢ ᠳᠤ᠂ ᠵᠤᠭᠠᠴᠠᠭᠰᠠᠳ ᠲᠤ ᠨᠢᠭᠡᠨ ᠤᠳᠠᠭᠠᠨ ᠤ ᠭᠦᠨ ᠵᠤᠵᠠᠭᠠᠨ | ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠠᠶ᠃ ᠡᠨᠡ ᠬᠦ ᠡᠷᠲᠡᠨ ᠤ ᠲᠠᠯ᠎ᠠ ᠨᠤᠲᠤᠭ ᠤᠨ ᠢᠵᠠᠭᠤᠷᠲᠠᠨ ᠤ | ᠲᠡᠷᠢᠭᠦᠨ ᠵᠡᠷᠭᠡ ᠶᠢᠨ ᠳᠠᠶᠢᠯᠠᠯᠭ᠎ᠠ ᠨᠢ ᠣᠳᠣᠬᠠᠨ ᠳᠤ ᠰᠢᠨ᠎ᠡ ᠶᠢ ᠡᠭᠦᠳᠬᠦ ᠬᠡᠯᠪᠡᠷᠢ ᠪᠠᠷ ᠴᠣ ᠰᠢᠨ᠎ᠡ ᠠᠮᠢᠵᠢᠷᠠᠯ ᠤᠨ | ᠬᠦᠴᠦᠨ ᠲᠠᠢ ᠪᠣᠯᠵᠤ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠠ ᠪᠠᠷ ᠵᠢᠭᠤᠯᠴᠢᠯᠠᠭᠴᠢᠳ | ᠡᠷᠬᠢᠮ ᠨᠠᠨᠳᠢᠨ ︽ᠲᠠᠯ᠎ᠠ ᠨᠤᠲᠤᠭ ᠤᠨ ᠸᠠᠩ ᠨᠣᠶᠠᠨ︾ ᠪᠣᠯᠵᠤ᠂ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ | ᠭᠤᠶᠤᠯᠠᠭᠠᠳ C ᠣᠷᠣᠨ ᠳᠤ ᠪᠠᠨ ᠰᠠᠭᠤᠪᠠ᠃ ᠠᠩᠬᠢᠯᠤᠮ᠎ᠠ ᠦᠨᠦᠷ ᠬᠠᠩᠬᠤᠯᠤᠭᠰᠠᠨ ᠰᠢᠷᠠᠭᠰᠠᠨ ᠪᠦᠬᠦᠯᠢ | ᠬᠤᠨᠢ ᠶᠢ ᠠᠮᠲᠠᠯᠠᠵᠤ᠂ ᠮᠣᠩᠭᠤᠯ ᠠᠮᠲᠠᠲᠤ ᠢᠳᠡᠭᠡᠨ ᠤ ᠥᠪᠡᠷᠮᠢᠴᠡ ᠷᠢᠳᠢ ᠰᠢᠳᠢ ᠶᠢ ᠮᠡᠳᠡᠷᠡᠵᠦ ᠪᠠᠶᠢᠯ᠎ᠠ᠃ ᠮᠣᠷᠢᠨ | ᠬᠤᠭᠤᠷ ᠤᠨ ᠢᠷᠠᠭᠤ ᠰᠠᠶᠢᠬᠠᠨ ᠬᠥᠭ ᠠᠶᠠᠰ ᠨᠢ ᠴᠢᠬᠢᠨ ᠤ ᠬᠥᠪᠡᠭᠡ ᠪᠠᠷ ᠤᠷᠤᠰᠴᠤ᠂ ᠬᠦᠭᠡᠮᠡᠢ ᠶᠢᠨ ᠪᠣᠭᠤᠨᠢ | ᠪᠥᠭᠡᠳ ᠴᠡᠯᠮᠡᠭ ᠰᠠᠶᠢᠬᠠᠨ ᠤᠶᠠᠩᠭᠠᠲᠤ ᠠᠶᠠᠯᠭᠤ ᠪᠠᠷ ᠰᠡᠳᠬᠢᠯ ᠵᠢᠷᠦᠬᠡ ᠶᠢ ᠳᠣᠭᠳᠣᠯᠤᠭᠤᠯᠵᠤ᠂ ᠢᠷᠠᠭᠤ ᠰᠠᠶᠢᠬᠠᠨ | ᠮᠣᠩᠭᠤᠯ ᠤᠷᠲᠤ ᠶᠢᠨ ᠳᠠᠭᠤᠨ ᠳᠤ ᠲᠠᠯ᠎ᠠ ᠨᠤᠲᠤᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠳᠬᠡᠵᠦ᠂ | ᠪᠥᠵᠢᠭᠴᠢᠳ ᠭᠤᠶᠢᠳᠠ ᠰᠠᠶᠢᠬᠠᠨ ᠬᠤᠪᠴᠠᠰᠤ ᠵᠠᠰᠠᠯ ᠢᠶᠠᠷ ᠢᠶᠠᠨ ᠪᠥᠵᠢᠭᠯᠡᠵᠦ᠂ ᠵᠤᠭᠠᠴᠠᠭᠰᠠᠳ ᠢ ᠳᠠᠭᠤᠤ ᠪᠣᠯᠤᠨ | ᠪᠥᠵᠢᠭ ᠤᠨ ᠠᠯᠬᠤᠭ᠎ᠠ ᠳᠤ ᠲᠠᠯ᠎ᠠ ᠨᠤᠲᠤᠭ ᠤᠨ ᠰᠣᠶᠣᠯ ᠤᠨ ᠭᠦᠨ ᠭᠦᠨᠵᠡᠭᠡᠶ ᠪᠥᠭᠡᠳ ᠬᠥᠮᠦᠰ ᠤᠨ ᠰᠡᠳᠬᠢᠯ ᠢ | ᠲᠠᠲᠠᠮ᠎ᠠ ᠪᠢᠯᠡ᠃ | ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ | ᠲᠠᠯᠠᠪᠤᠷ ᠲᠤ ᠱᠧᠳ᠋ᠷᠠᠨᠳ᠋ ᠤᠨ ᠪᠣᠭᠤᠨᠢ ᠮᠣᠷᠢᠨ ᠤ ᠬᠠᠷᠢᠯᠴᠠᠨ ᠬᠥᠳᠡᠯᠦᠯᠴᠡᠬᠦ ᠲᠣᠭᠤᠷᠢᠭ᠂ ᠲᠠᠯ᠎ᠠ ᠨᠤᠲᠤᠭ ᠲᠤ | ᠵᠢᠭᠤᠯᠴᠢᠯᠠᠭᠴᠢᠳ ᠤᠨ ᠺᠠᠷᠲ ᠪᠣᠯᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ | ᠴᠤᠭᠯᠠᠭᠠᠨ ᠨᠢ ᠮᠥᠨ ᠴᠦ ᠵᠢᠭᠤᠯᠴᠢᠯᠠᠭᠴᠢᠳ ᠲᠤ ᠲᠠᠯ᠎ᠠ ᠨᠤᠲᠤᠭ ᠤᠨ ᠠᠮᠢᠳᠤᠷᠠᠯ ᠤᠨ ᠬᠥᠮᠦᠰ ᠤᠨ ᠪᠠᠭ᠋ᠠᠷᠤᠮ᠎ᠠ | ᠰᠠᠶᠢᠬᠠᠨ ᠷᠢᠳᠢ ᠰᠢᠳᠢ ᠶᠢ ᠪᠦᠬᠦ ᠲᠠᠯ᠎ᠠ ᠪᠠᠷ ᠣᠶᠢᠯᠠᠭᠠᠭᠤᠯᠪᠠ᠃ | ᠱᠧᠳ᠋ᠷᠠᠨᠳ᠋ ᠶᠢᠨ ᠪᠣᠭᠤᠨᠢ ᠮᠣᠷᠢ ᠬᠠᠷᠢᠯᠴᠠᠨ ᠬᠥᠳᠡᠯᠦᠯᠴᠡᠬᠦ ᠲᠣᠭᠤᠷᠢᠭ ᠳᠣᠲᠣᠷ᠎ᠠ᠂ ᠵᠥᠭᠡᠯᠡᠨ ᠬᠥᠭᠡᠷᠦᠬᠦᠨ | ᠪᠣᠭᠤᠨᠢ ᠮᠣᠷᠢ ᠬᠥᠮᠦᠰ ᠤᠨ ᠠᠩᠬᠠᠷᠤᠯ ᠢ ᠲᠠᠲᠠᠨ᠎ᠠ᠃ ᠲᠡᠳᠡ ᠲᠣᠮᠣ ᠨᠢᠳᠦ ᠪᠠᠨ ᠪᠥᠯᠲᠡᠢᠯᠭᠡᠨ᠂ ᠰᠠᠭᠯᠠᠭᠠᠷ ᠭᠥᠬᠦᠯ | ᠦᠰᠦ ᠪᠠᠨ ᠰᠠᠯᠬᠢᠨ ᠤ ᠠᠶᠠᠰ ᠢᠶᠠᠷ ᠭᠢᠯᠠᠯᠵᠠᠭᠤᠯᠤᠨ ᠠᠰᠬᠠᠷᠠᠭᠤᠯᠵᠤ᠂ ᠬᠥᠭᠡᠷᠦᠬᠦᠨ ᠴᠠᠭᠠᠪᠤᠷ ᠮᠠᠶ᠋ᠢᠭ ᠢᠶᠠᠷ | ᠵᠢᠭᠤᠯᠴᠢᠯᠠᠭᠴᠢᠳ ᠢ ᠲᠠᠲᠠᠨ ᠰᠠᠭᠤᠯᠭᠠᠨ᠎ᠠ᠃ ᠬᠡᠦᠬᠡᠳ ᠰᠣᠨᠢᠷᠬᠠᠨ ᠭᠠᠷ ᠢᠶᠠᠨ ᠰᠤᠩᠭᠠᠨ ᠲᠡᠮᠲᠡᠷᠢᠵᠦ᠂ ᠡᠰᠡᠬᠦᠯ᠎ᠡ | ᠨᠠᠰᠤᠨ ᠳᠤ ᠬᠦᠷᠦᠭᠰᠡᠳ ᠪᠡᠶ᠎ᠡ ᠣᠴᠣᠶᠢᠵᠣ ᠬᠠᠮᠲᠤ ᠶᠢᠨ ᠰᠡᠭᠦᠳᠡᠷ ᠲᠠᠲᠠᠵᠤ᠂ ᠡᠳᠡᠭᠡᠷ ᠡᠶᠡᠯᠳᠡᠭ ᠵᠥᠭᠡᠯᠡᠨ | ᠪᠢᠴᠢᠬᠠᠨ ᠠᠮᠢᠲᠠᠨ ᠪᠦᠷ ᠤᠷᠠᠨ ᠬᠠᠮᠵᠢᠯᠴᠠᠵᠤ᠂ ᠬᠥᠭᠡᠷᠦᠬᠦᠨ ᠪᠠᠶᠢᠨ᠎ᠠ︕ | ᠲᠠᠯ᠎ᠠ ᠨᠤᠲᠤᠭ ᠤᠨ ᠠᠶᠠᠯᠠᠯ ᠵᠢᠭᠤᠯᠴᠢᠯᠠᠯ ᠤᠨ ᠰᠡᠭᠦᠳᠡᠷ ᠲᠠᠲᠠᠬᠤ ᠨᠢ ᠵᠢᠭᠤᠯᠴᠢᠳ ᠲᠤ ᠲᠤᠰᠬᠠᠢ ︽ᠲᠣᠮᠣ | ᠢᠯᠲᠠᠰᠤ ᠦᠢᠯᠡᠳᠪᠦᠷᠢᠯᠡᠬᠦ ᠮᠠᠰᠢᠨ︾ ᠪᠠᠶᠢᠭᠤᠯᠤᠨ ᠥᠭᠴᠡᠢ᠃ ᠠᠷᠢᠭᠤᠨ ᠴᠠᠭᠠᠨ ᠮᠣᠩᠭᠤᠯ ᠭᠡᠷ ᠤᠨ ᠡᠮᠦᠨ᠎ᠡ᠂ | ᠪᠣᠷᠣᠭᠵᠢᠭᠤᠨ ᠲᠡᠷᠭᠡᠨ ᠤ ᠬᠠᠵᠠᠭᠤ ᠳᠤ ᠡᠰᠡᠬᠦᠯ᠎ᠡ ᠠᠵᠢᠨᠠᠶ ᠬᠦᠯᠦᠭ ᠬᠠᠨᠢ ᠪᠣᠯᠤᠭᠰᠠᠨ ᠲᠠᠯ᠎ᠠ ᠨᠤᠲᠤᠭ ᠤᠨ ᠲᠩᠷᠢ | ᠭᠠᠵᠠᠷ ᠤᠨ ᠬᠤᠭᠤᠷᠣᠨᠳᠤ ᠲᠤᠰᠬᠠᠶ ᠮᠡᠷᠭᠡᠵᠢᠯ ᠤᠨ ᠭᠡᠷᠡᠯ ᠵᠢᠷᠤᠭᠴᠢᠨ ᠤᠷᠠᠨ ᠨᠠᠷᠢᠯᠢᠭ ᠤᠷ᠎ᠠ ᠮᠡᠷᠭᠡᠵᠢᠯ ᠳᠤ ᠪᠠᠨ | ᠲᠦᠰᠢᠭᠯᠡᠨ᠂ ᠵᠤᠭᠠᠴᠠᠭᠰᠠᠳ ᠤᠨ ᠢᠨᠢᠶᠡᠮᠰᠦᠭᠯᠡᠯ ᠬᠢᠭᠡᠳ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ | ᠦᠵᠡᠮᠵᠢ ᠶᠢ ᠪᠦᠷᠢᠨ ᠲᠡᠭᠦᠯᠳᠡᠷ ᠠᠭᠤᠰᠤᠯᠴᠠᠭᠤᠯᠪᠠ᠃ ᠠᠨᠢᠷ ᠴᠢᠮᠡᠭᠡ ᠭᠠᠷᠬᠤ ᠳᠤ ᠪᠠᠨ᠂ ︽ᠲᠠᠯ᠎ᠠ ᠨᠤᠲᠤᠭ ᠤᠨ | ᠲᠣᠮᠣ ᠬᠡᠰᠡᠭ︾ ᠡᠭᠦᠪᠡᠷ ᠳᠠᠮᠵᠢᠨ ᠵᠤᠭᠠᠴᠠᠭᠰᠠᠳ ᠢ ᠨᠠᠶᠢᠵᠠ ᠨᠥᠬᠦᠳ ᠤᠨ ᠠᠩᠬᠠᠷᠤᠯ ᠤᠨ ᠲᠥᠪ ᠪᠣᠯᠭᠠᠵᠠᠢ᠃ | ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠳᠡᠭᠡᠷ᠎ᠡ᠂ ᠡᠯ᠎ᠡ ᠲᠥᠷᠥᠯ ᠤᠨ | ᠪᠣᠬᠢᠷᠲᠤᠯ ᠥᠬᠡᠶ ᠣᠷᠭᠠᠨᠢᠭ ᠲᠠᠷᠢᠮᠠᠯ ᠬᠢᠭᠡᠳ ᠣᠨᠴᠠᠯᠢᠭᠲᠤ ᠪᠦᠲᠦᠭᠡᠭᠳᠡᠬᠦᠨ ᠬᠥᠮᠦᠰ ᠤᠨ ᠠᠩᠬᠠᠷᠤᠯ ᠢ ᠲᠠᠲᠠᠵᠤ | ᠪᠠᠶᠢᠨ᠎ᠠ᠃ ᠠᠯᠳᠠᠨ ᠰᠢᠷᠭᠠᠯ ᠪᠤᠭᠤᠳᠠᠢ᠂ ᠮᠦᠬᠦᠯᠢᠭ ᠳᠦᠭᠦᠷᠡᠩ ᠪᠤᠭᠤᠳᠠᠢ᠂ ᠪᠦᠭᠡᠷᠡᠩᠬᠡᠢ ᠲᠤᠰᠦ ᠵᠡᠷᠭᠡ | ᠪᠠᠶᠢᠭᠠᠯᠢᠯᠢᠭ ᠲᠠᠷᠢᠶᠠᠯᠠᠩ ᠤᠨ ᠪᠦᠲᠦᠭᠡᠭᠳᠡᠬᠦᠨ ᠨᠢ ᠪᠠᠶᠢᠭᠠᠯᠢ ᠶᠢᠨ ᠦᠨᠦᠷ ᠬᠠᠩᠬᠤᠯᠤᠨ᠎ᠠ ; ᠴᠤᠯ ᠪᠠᠶᠢᠭᠠᠯᠢ ᠶᠢᠨ | ᠲᠡᠭᠡᠷᠮ᠎ᠡ᠂ ᠠᠩᠬᠢᠯᠤᠮ᠎ᠠ ᠰᠠᠶᠢᠬᠠᠨ ᠰᠠᠷᠭᠠᠢ ᠶᠢᠨ ᠠᠷᠢᠬᠢ᠂ ᠠᠩᠬᠢᠯᠤᠮ᠎ᠠ ᠰᠠᠶᠢᠬᠠᠨ ᠢᠳᠡᠰᠢᠨ ᠲᠤᠰᠤ ᠵᠡᠷᠭᠡ | ᠤᠨᠴᠠᠯᠢᠭᠳᠤ ᠲᠠᠸᠠᠷ ᠬᠢᠯᠪᠠᠭ᠎ᠠ ᠬᠠᠷᠠᠭᠳᠠᠨ᠎ᠠ᠃ ᠠᠵᠢᠯᠲᠠᠳ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠪᠦᠲᠦᠭᠡᠭᠳᠡᠬᠦᠨ ᠤ ᠥᠪᠡᠷᠮᠢᠴᠡ ᠲᠠᠯ᠎ᠠ ᠶᠢ ᠲᠠᠨᠢᠯᠴᠠᠭᠤᠯᠵᠤ᠂ ᠲᠠᠷᠢᠬᠤ ᠶᠠᠪᠤᠴᠠ ᠠᠴᠠ ᠦᠢᠯᠡᠳᠬᠦ ᠤᠷ᠎ᠠ ᠮᠡᠷᠭᠡᠰᠢᠯ | ᠬᠦᠷᠲᠡᠯ᠎ᠡ᠂ ᠵᠤᠭᠠᠴᠠᠭᠰᠠᠳ ᠢ ᠨᠢᠳᠦ ᠴᠠᠳᠬᠤᠯᠠᠩ ᠪᠣᠯᠭᠠᠬᠤ ᠪᠠᠷ ᠪᠠᠷᠠᠬᠤ ᠦᠭᠡᠢ᠂ ᠪᠠᠰᠠ ᠲᠠᠯ᠎ᠠ ᠨᠤᠲᠤᠭ ᠤᠨ | ᠡᠷᠡᠭᠦᠯ ᠴᠢᠭᠢᠷᠠᠭ ᠪᠣᠯᠤᠨ ᠠᠮᠲᠠᠲᠤ ᠢᠳᠡᠭᠡᠨ ᠢ ᠬᠠᠮᠲᠤ ᠭᠡᠷ ᠲᠤ ᠨᠢ ᠠᠪᠠᠴᠢᠭᠤᠯᠵᠤ᠂ ᠮᠠᠷᠲᠠᠭᠳᠠᠰᠢ ᠦᠭᠡᠢ ᠲᠠᠯ᠎ᠠ | ᠨᠤᠲᠤᠭ ᠤᠨ ᠳᠤᠷᠠᠰᠤᠮᠵᠢ ᠶᠢ ᠦᠯᠡᠳᠡᠭᠡᠪᠡ᠃ | ᠲᠣᠰ ᠤᠳᠠᠭᠠᠨ ᠤ ᠵᠠᠰᠠᠭ ᠠᠵᠤ ᠠᠬᠤᠶᠢᠯᠠᠯ ᠭᠠᠷ ᠬᠤᠯᠪᠣᠯᠴᠠᠨ᠂ ᠰᠣᠶᠣᠯ ᠵᠢᠭᠤᠯᠴᠢᠯᠠᠯ ᠤᠨ | ᠬᠥᠭᠵᠢᠯᠲᠡ ᠶᠢ ᠳᠥᠯᠭᠢᠨ ᠠᠬᠢᠭᠤᠯᠬᠤ ᠰᠢᠨ᠎ᠡ ᠰᠣᠷᠭᠤᠭ ᠬᠡᠪ ᠳᠠᠭᠤᠷᠢᠶᠠᠯ ᠨᠢ ᠮᠣᠷᠢᠨ ᠤᠷᠤᠯᠳᠤᠭᠠᠨ ᠤ ︽ | ᠬᠥᠳᠡᠭᠡ ᠲᠣᠰᠬᠤᠨ ᠤ ᠬᠡᠲᠦ ᠬᠤᠯᠪᠣᠭᠠᠲᠣ ᠤᠷᠤᠯᠳᠤᠭᠠᠨ︾ ᠤ ᠰᠣᠶᠣᠯ ᠤᠨ ᠨᠠᠷᠠᠲᠤ ᠲᠡᠮᠳᠡᠭᠲᠦ ᠶᠢ ᠠᠮᠵᠢᠯᠲᠠ | ᠲᠠᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ᠂ ᠡᠷᠬᠢᠨ ᠲᠣᠭᠤᠷᠢᠨ ᠤ ᠠᠷᠠᠳ ᠤᠨ ᠣᠷᠣᠨ ᠰᠠᠭᠤᠴᠠ᠂ ᠢᠳᠡᠭᠡᠨ | ᠤᠮᠳᠠᠭᠠᠨ᠂ ᠤᠨᠴᠠᠯᠢᠬᠳᠤ ᠭᠠᠷ ᠤᠷᠠᠯᠠᠯ ᠵᠡᠷᠭᠡ ᠠᠵᠤ ᠦᠢᠯᠡᠰ ᠤᠨ ᠬᠠᠮᠵᠢᠯᠴᠠᠨ ᠬᠥᠭᠵᠢᠬᠦ ᠠᠮᠢᠵᠢᠷᠠᠯ ᠤᠨ | ᠬᠦᠴᠦᠨ ᠢ ᠨᠠᠩ ᠬᠥᠭᠵᠢᠭᠡᠭᠰᠡᠨ ᠪᠠᠶᠢᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠰᠢᠷᠠᠮᠥ᠋ᠷᠡᠨ ᠪᠠᠯᠭᠠᠰᠤ ᠨᠢ | ᠰᠢᠪᠡᠷᠬᠦᠷᠢᠶ᠎ᠡ ᠰᠣᠶᠣᠯ ᠵᠢᠭᠤᠯᠴᠢᠯᠠᠯ ᠤᠨ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ ᠳᠠᠪᠠᠭᠤᠯᠢᠭ ᠢᠶᠠᠨ ᠭᠦᠢᠴᠡᠳ | ᠪᠠᠳᠠᠷᠠᠭᠤᠯᠤᠨ᠂ ᠲᠠᠯ᠎ᠠ ᠨᠤᠲᠤᠭ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠢᠷᠠᠮᠥ᠋ᠷᠡᠨ | ᠪᠠᠯᠭᠠᠰᠤᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠨᠡ ᠬᠦ ᠥᠷᠭᠡᠨ | ᠠᠭᠤᠳᠠᠮ ᠨᠤᠲᠤᠭ ᠪᠡᠯᠴᠢᠭᠡᠷ ᠢ ᠴᠤ᠋ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠨᠠᠩ ᠬᠠᠯᠠᠭᠤᠨ | ᠰᠡᠳᠬᠢᠯᠭᠡ ᠲᠠᠢ ᠣᠪᠣᠷ ᠪᠠᠶᠢᠳᠠᠯ᠂ ᠨᠠᠩ ᠰᠢᠯᠢᠳᠡᠭ ᠦᠢᠯᠡᠴᠢᠯᠡᠭᠡ ᠪᠠᠷ ᠳᠦᠷᠪᠡᠨ ᠵᠦᠭ ᠨᠠᠢᠮᠠᠨ ᠵᠣᠪᠬᠢᠰ ᠠᠴᠠ | ᠢᠷᠡᠭᠰᠡᠨ ᠵᠤᠭᠠᠴᠠᠭᠰᠠᠳ ᠢ ᠤᠭᠲᠤᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ | ᠬᠠᠭᠤᠳᠠᠰᠤ ᠶᠢ ᠪᠢᠴᠢᠭᠯᠡᠨ᠎ᠡ᠃ |