︽ᠪᠤᠴᠠᠵᠤ ᠢᠷᠡᠭᠰᠡᠨ ᠭᠠᠯᠠᠭᠤ︾ ᠨᠢ ︽ᠲᠦᠷᠦᠭᠦᠴᠢ ᠭᠠᠯᠠᠭᠤ︾ ᠪᠣᠯᠵᠤ  ᠳᠠᠪᠰᠢᠯᠲᠤ᠄ ︽  ᠢᠴᠡᠭᠡᠯ ᠦᠷ᠎ᠡ ᠪᠠᠷ ᠬᠡᠭᠡᠯᠲᠦᠭᠦᠯᠬᠦ︾ ᠪᠠᠷ ︽ᠦᠬᠡᠷ︾ ᠤᠨ ᠶᠠᠪᠤᠳᠠᠯ ᠢ ᠪᠣᠳᠣᠯᠬᠢᠯᠠᠨ᠎ᠠ
ᠨᠡᠶᠢᠲᠡᠯᠡᠭᠰᠡᠨ ᠴᠠᠭ᠄
2025/5/20
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠠᠨᠬᠤᠸᠠ ᠪᠠᠯᠭᠠᠰᠤᠨ ᠤ ᠵᠢᠷᠭᠠᠯᠠᠩᠲᠤ ᠭᠠᠴᠠᠭᠠᠨ ᠤ ᠮᠠᠯᠴᠢᠨ ᠳᠠᠪᠰᠢᠯᠲᠤ ᠶᠢᠨ ᠤ ᠨᠤᠲᠤᠭ ᠪᠡᠯᠴᠢᠭᠡᠷ ᠲᠤ᠂ ᠨᠢᠭᠡ ᠲᠠᠯ᠎ᠠ ᠳᠤ ᠨᠢ  ᠢᠴᠡᠬᠡᠯ ᠦᠷ᠎ᠡ ᠪᠠᠷ ᠬᠡᠬᠡᠯᠳᠦᠭᠦᠯᠬᠦ ᠮᠡᠷᠭᠡᠵᠢᠯ ᠢᠶᠠᠷ ᠮᠡᠨᠳᠦᠯᠡᠭᠰᠡᠨ ᠰᠢᠮᠧᠨ᠋ᠳᠠᠷ ᠦᠬᠡᠷ᠂ ᠡᠰᠡᠬᠦᠯ᠎ᠡ ᠴᠤᠭᠯᠠᠷᠠᠨ ᠨᠠᠷᠠᠨ ᠳᠤ ᠡᠭᠡᠭᠡᠬᠦ᠂ ᠡᠰᠡᠬᠦᠯ᠎ᠡ ᠰᠡᠯᠡᠭᠦᠤ ᠵᠠᠮ ᠢᠶᠠᠷ ᠶᠠᠪᠤᠵᠤ ᠲᠡᠵᠢᠭᠡᠯ ᠪᠣᠷᠳᠤᠭ᠎ᠠ ᠢᠳᠡᠳᠡᠭ᠃      ᠳᠠᠪᠰᠢᠯᠲᠤ ᠶᠢᠨ ᠲᠤᠬᠠᠢ ᠶᠠᠷᠢᠬᠤ ᠳᠤ ᠡᠨᠡ ᠬᠠᠪᠢ ᠳᠤ ᠪᠠᠭ᠎ᠠ ᠰᠠᠭ᠎ᠠ ᠨᠡᠷ᠎ᠡ ᠲᠠᠢ ᠢᠴᠡᠬᠡᠯ ᠦᠷ᠎ᠡ ᠪᠠᠷ ᠬᠡᠬᠡᠯᠳᠦᠭᠦᠯᠬᠦ ᠮᠡᠷᠭᠡᠵᠢᠯᠲᠡᠨ ᠪᠢᠯᠡ᠃ ︽ᠭᠠᠳᠠᠭᠰᠢ ᠬᠥᠯᠥᠰᠥᠨ ᠠᠵᠢᠯ ᠬᠢᠬᠦ︾ ᠠᠴᠠ ︽ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠬᠤ︾ ᠬᠦᠷᠲᠡᠯ᠎ᠡ᠂ 2020 ᠣᠨ ᠠᠴᠠ ᠲᠦᠷᠦᠯ ᠵᠦᠢᠯ ᠢ ᠥᠭᠡᠷᠡᠴᠢᠯᠡᠬᠦ᠂ ᠲᠥᠪᠯᠡᠷᠡᠭᠦᠯᠦᠨ ᠲᠤᠬᠢᠷᠠᠭᠤᠯᠵᠤ ᠦᠬᠡᠷ ᠲᠡᠵᠢᠭᠡᠬᠦ ᠰᠢᠨ᠎ᠡ ᠰᠡᠳᠬᠢᠴᠡ ᠶᠢ ᠨᠡᠭᠡᠭᠡᠵᠦ᠂ ᠬᠡᠳᠦᠨ ᠵᠢᠯ ᠤᠨ ᠰᠦᠪᠡᠭᠴᠢᠯᠡᠬᠦ᠂ ᠰᠤᠷᠤᠯᠴᠠᠬᠤ᠂ ᠰᠤᠳᠤᠯᠬᠤ᠂ ᠳᠡᠯᠭᠡᠷᠡᠭᠦᠯᠬᠦ ᠪᠠᠷ ᠳᠠᠮᠵᠢᠭᠤᠯᠵᠤ᠂ ᠶᠠᠭ ︽ᠢᠴᠡᠬᠡᠯ ᠦᠷ᠎ᠡ ᠪᠠᠷ ᠬᠡᠬᠡᠯᠳᠦᠭᠦᠯᠬᠦ︾ ᠪᠠᠷ ᠥᠪᠡᠷ ᠤᠨ ︽ᠦᠬᠡᠷ︾ ᠤᠨ ᠶᠠᠪᠤᠳᠠᠯ ᠢᠶᠠᠨ ᠲᠥᠯᠥᠪᠵᠢᠭᠦᠯᠵᠦ᠂ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠬᠤ ︽ᠪᠤᠴᠠᠵᠤ ᠢᠷᠡᠭᠰᠡ ᠠᠵᠤ ᠠᠬᠤᠢ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃      ︽ᠪᠢ ᠤᠤᠯ ᠨᠢ ᠪᠤᠭᠤᠲᠤ ᠳᠤ ᠠᠵᠢᠯᠯᠠᠵᠤ ᠪᠠᠶᠢᠭᠰᠠᠨ᠂ 2015 ᠣᠨ ᠳᠤ ᠨᠤᠲᠤᠭ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠨ ᠬᠠᠷᠢᠭᠠᠳ᠂ ᠰᠢᠷᠬᠤᠨᠳᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠪᠠ᠂ ᠰᠠᠶᠢᠬᠠᠨ ᠤᠯᠠᠮᠵᠢᠯᠠᠯᠲᠤ ᠵᠠᠭᠪᠤᠷ ᠢᠶᠠᠷ ᠲᠤᠰ ᠭᠠᠵᠠᠷ ᠤᠨ ᠦᠬᠡᠷ ᠢ ᠲᠡᠵᠢᠭᠡᠵᠦ ᠪᠠᠶᠢᠭᠰᠠᠨ ᠪᠣᠯᠪᠠᠴᠤ ᠠᠵᠤ ᠠᠬᠤᠢ ᠶᠢᠨ ᠦᠷ᠎ᠡ ᠠᠰᠢᠭ ᠨᠢ ᠲᠡᠶᠢᠮᠦ ᠰᠠᠶᠢᠨ ᠪᠢᠰᠢ︾ ᠭᠡᠵᠦ ᠳᠠᠪᠰᠢᠯᠲᠤ ᠬᠡᠳᠦ᠋ᠢᠪᠡᠷ ᠬᠠᠷᠠᠬᠠᠨ ᠪᠠᠭ᠎ᠠ ᠠᠴᠠ ᠪᠠᠨ ᠮᠠᠯᠴᠢᠳ ᠤᠨ ᠭᠡᠷ ᠪᠦᠯᠢ ᠲᠤ ᠲᠥᠷᠥᠭᠰᠡᠨ ᠪᠣᠯᠪᠠᠴᠤ ᠮᠥᠨ ᠯᠡ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠷ ᠳᠤᠲᠠᠮᠠᠭ ᠪᠠᠶᠢᠵᠠᠢ᠃ ᠡᠬᠢᠨ ᠤ ᠬᠤᠶᠠᠷ ᠵᠢᠯ ᠳᠤ᠂ ᠮᠠᠯ ᠠᠵᠤ ᠠᠬᠤᠢ ᠶᠢᠨ ᠦᠨ᠎ᠡ ᠬᠠᠩᠰᠢ ᠲᠣᠭᠲᠠᠭᠤᠨ᠂ ᠠᠭᠤᠷ ᠠᠮᠢᠰᠬᠤᠯ ᠤᠨ ᠨᠥᠬᠦᠴᠡᠯ ᠰᠠᠶᠢᠨ ᠪᠠᠶᠢᠵᠤ᠂ ᠠᠯᠢᠪᠠ ᠪᠦᠬᠦᠨ ᠤᠷᠤᠭᠰᠢ ᠲᠠᠢ ᠰᠢᠭ᠋ ᠪᠠᠶᠢᠯ᠎ᠠ᠃ ᠭᠡᠪᠡᠴᠦ ᠰᠡᠭᠦᠯᠴᠢ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠭᠤᠷᠠᠬᠤ᠂ ᠨᠤᠲᠤᠭ ᠪᠡᠯᠴᠢᠭᠡᠷ ᠮᠠᠭᠤᠳᠠᠭᠰᠠᠨ ᠵᠡᠷᠭᠡ ᠠᠯᠢ ᠣᠯᠠᠨ ᠠᠰᠠᠭᠤᠳᠠᠯ ᠠᠴᠠ ᠲᠡᠭᠦᠨ ᠢ᠄ ︽ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠨᠢ ᠨᠢᠭᠡᠨᠲᠡ ᠣᠳᠣᠬᠢ ᠱᠠᠲᠤᠨ ᠤ ᠦᠢᠯᠡᠳᠪᠦᠷᠢᠯᠡᠯ ᠡᠵᠡᠩᠨᠡᠯᠲᠡ ᠶᠢᠨ ᠱᠠᠭᠠᠷᠳᠠᠯᠭ᠎ᠠ ᠳᠤ ᠵᠣᠬᠢᠴᠠᠬᠤ ᠥᠬᠡᠶ ᠪᠣᠯᠵᠣ᠂ ᠦᠬᠡᠷ ᠰᠠᠶᠢᠲᠤᠷ ᠲᠡᠵᠢᠭᠡᠬᠦ ᠭᠡᠪᠡᠯ ᠡᠷᠬᠡᠪᠰᠢ ᠰᠠᠶᠢᠵᠢᠷᠠᠭᠤᠯᠬᠤ ᠬᠡᠷᠡᠭᠲᠡᠶ︾ ᠭᠡᠵᠦ ᠣᠯᠵᠤ ᠮᠡᠳᠡᠵᠡᠶ᠃      ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠳᠠᠪᠰᠢᠯᠲᠤ ᠭᠠᠳᠠᠭᠰᠢ ᠭᠠᠷᠴᠤ ᠰᠤᠷᠤᠯᠴᠠᠨ ᠰᠢᠨᠵᠢᠯᠡᠨ ᠪᠠᠶᠢᠴᠠᠭᠠᠵᠤ᠂ ᠦᠬᠡᠷ ᠲᠡᠵᠢᠭᠡᠬᠦ ᠲᠣᠮᠣ ᠡᠷᠦᠬᠡ᠂ ᠮᠠᠯ ᠤᠨ ᠡᠮᠴᠢ ᠠᠴᠠ ᠪᠠᠭᠰᠢᠯᠠᠵᠤ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠲᠤᠷᠰᠢᠯᠭ᠎ᠠ ᠬᠤᠷᠠᠮᠳᠤᠭᠤᠯᠪᠠ᠃ ᠡᠭᠦᠯᠳᠡᠷ ᠪᠠ ᠮᠡᠷᠭᠡᠵᠢᠯ ᠤᠨ ᠴᠢᠬᠤᠯᠠ ᠴᠢᠨᠠᠷ ᠢ ᠲᠠᠨᠢᠵᠤ᠂ ᠳᠠᠷᠠᠭ᠎ᠠ ᠨᠢ ᠥᠪᠡᠷ ᠤᠨ ᠨᠤᠲᠤᠭ ᠤᠨ ᠦᠬᠡᠷ ᠢᠶᠠᠨ ᠬᠤᠳᠠᠯᠳᠤᠨ ᠭᠠᠷᠭᠠᠵᠤ᠂ ᠰᠢᠮᠧᠨ᠋ᠳᠠᠷ ᠦᠬᠡᠷ ᠬᠤᠳᠠᠯᠳᠤᠨ ᠣᠷᠣᠭᠤᠯᠤᠭᠰᠠᠨ ᠪᠥᠭᠡᠳ ᠪᠠᠰᠠ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ ᠰᠤᠷᠤᠯᠴᠠᠵᠤ᠂ ᠠᠯᠠᠰᠢᠨ ᠦᠬᠡᠷ ᠤᠨ ᠶᠠᠰᠤ ᠴᠢᠨᠠᠷ ᠪᠠ ᠡᠳᠡᠭᠡᠷᠡᠯᠲᠡ ᠶᠢᠨ ᠨᠣᠷᠮ᠎ᠠ ᠶᠢ ᠪᠠᠲᠤᠯᠠᠭᠰᠠᠨ ᠪᠠᠶᠢᠨ᠎ᠠ᠃ ᠬᠥᠮᠦᠨ ᠤ ᠬᠦᠴᠦ ᠪᠠᠷ ᠦᠷ᠎ᠡ ᠳᠠᠮᠵᠢᠭᠤᠯᠬᠤ ᠮᠡᠷᠭᠡᠵᠢᠯ ᠠᠯᠢ ᠡᠷᠲᠡ ᠪᠣᠢ᠂ ᠭᠡᠪᠡᠴᠦ ᠲᠡᠷᠡ ᠦᠶ᠎ᠡ ᠳᠤ ᠡᠨᠡ ᠮᠡᠷᠭᠡᠵᠢᠯ ᠮᠠᠰᠢ ᠥᠨᠳᠥᠷ᠂ ᠡᠩ ᠤᠨ ᠬᠥᠮᠦᠰ ᠣᠶᠢᠯᠭᠠᠬᠤ ᠦᠭᠡᠢ ᠮᠦᠷᠲᠡᠬᠡᠨ ᠬᠡᠷᠡᠭᠯᠡᠵᠦ ᠳᠡᠶᠢᠯᠬᠦ ᠦᠭᠡᠢ᠃ ᠣᠳᠣ ᠪᠢ ᠥᠪᠡᠷ ᠢᠶᠠᠨ ᠰᠤᠷᠴᠤ ᠴᠢᠳᠠᠨ᠎ᠠ᠂ ᠭᠡᠷ  ᠲᠤ ᠪᠠᠨ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ ᠴᠢᠳᠠᠨ᠎ᠠ︾ ᠭᠡᠪᠡ᠃      ︽ᠡᠨᠡ ᠪᠣᠯ ᠰᠢᠩᠭᠡᠨ ᠠᠽᠣᠲ᠂ ᠪᠤᠬ᠎ᠠ ᠶᠢᠨ ᠲᠠᠷᠢᠯᠭ᠎ᠠ ᠶᠢᠨ ᠦᠷ᠎ᠡ ᠶᠢ ᠬᠠᠳᠠᠭᠠᠯᠠᠬᠤ ; ᠡᠨᠡ ᠪᠣᠯ ᠮᠢᠺᠷᠣᠰᠺᠣᠫ ᠢᠶᠠᠷ ᠬᠡᠭᠡᠯᠲᠦᠭᠦᠯᠬᠦ ᠠᠴᠠ ᠡᠮᠦᠨᠡᠬᠢ ᠠᠮᠢᠳᠤ ᠴᠢᠨᠠᠷ ᠢ ᠪᠠᠶᠢᠴᠠᠭᠠᠨ ᠦᠵᠡᠵᠦ ᠪᠣᠯᠤᠨ᠎ᠠ ; ᠡᠨᠡ ᠪᠣᠯ ᠦᠬᠡᠷ ᠲᠤ B ᠬᠡᠲᠦ ᠳᠣᠯᠭᠢᠶᠠᠨ ᠢᠶᠠᠷ ᠬᠡᠪᠡᠯᠢ ᠰᠢᠯᠭᠠᠭᠰᠠᠨ ᠁︾ ᠪᠣᠯ ᠳᠠᠪᠰᠢᠯᠲᠤ ᠶᠢᠨ ᠲᠠᠨᠢᠯᠴᠠᠭᠤᠯᠭ᠎ᠠ ᠳᠣᠣᠷ᠎ᠠ᠂ ᠰᠤᠷᠪᠤᠯᠵᠢᠯᠠᠭᠴᠢ ᠦᠬᠡᠷ ᠤᠨ ᠰᠦᠷᠦᠭ ᠲᠤ ᠬᠤᠯᠪᠣᠭᠳᠠᠬᠤ ᠨᠢᠭᠡ ᠤᠳᠠᠭᠠᠨ ᠤ ︽ᠮᠡᠰᠡ ᠵᠠᠰᠠᠯ︾ ᠪᠣᠯᠬᠤ ᠶᠢ ᠭᠡᠷᠡᠴᠢᠯᠡᠪᠡ᠃ ᠬᠦᠯᠳᠡᠭᠡᠭᠰᠡᠨ ᠦᠷ᠎ᠡ ᠶᠢ ᠨᠢ ᠭᠡᠰᠭᠡᠬᠦ᠂ ᠢᠳᠡᠪᠬᠢ ᠴᠢᠨᠠᠷ ᠢ ᠪᠠᠶᠢᠴᠠᠭᠠᠬᠤ᠂ ᠫᠤᠤ ᠤᠭᠰᠠᠷᠠᠬᠤ᠂ ᠠᠷᠢᠭᠤᠳᠬᠠᠬᠤ᠂ ᠦᠷ᠎ᠡ ᠳᠠᠮᠵᠢᠭᠤᠯᠬᠤ᠂ ᠁ ᠬᠥᠮᠦᠨ ᠤ ᠬᠦᠴᠦ ᠪᠠᠷ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠯᠢ ᠣᠯᠠᠨ ᠳᠡᠰ ᠳᠠᠷᠠᠭᠠᠯᠠᠯ ᠨᠢ ᠳᠠᠪᠰᠢᠯᠲᠤ ᠬᠡᠳᠦᠨ ᠮᠢᠨᠦ᠋ᠲ ᠲᠤ ᠳᠠᠭᠤᠰᠬᠠᠨ᠎ᠠ᠃      ︽ᠪᠢ 2020 ᠣᠨ ᠳᠤ ᠥᠪᠡᠷ ᠢᠶᠠᠨ ᠢᠴᠡᠭᠡᠯ ᠦᠷ᠎ᠡ ᠪᠠᠷ ᠬᠡᠭᠡᠯᠲᠦᠭᠦᠯᠬᠦ ᠮᠡᠷᠭᠡᠵᠢᠯ ᠢ ᠡᠵᠡᠮᠰᠢᠬᠦ ᠪᠠᠷ ᠳᠠᠮᠵᠢᠨ᠂ ᠡᠳᠡᠭᠡᠷᠡᠯᠲᠡ ᠶᠢᠨ ᠨᠣᠷᠮ᠎ᠠ ᠶᠢ 90% ᠣᠷᠴᠢᠮ ᠳᠤ ᠬᠦᠷᠭᠡᠵᠦ᠂ ᠦᠷ᠎ᠡ ᠪᠦᠲᠦᠮᠵᠢ ᠨᠢ ᠪᠠᠰᠠ ᠨᠡᠯᠢᠶᠡᠳ ᠰᠠᠶᠢᠨ ᠪᠠᠶᠢᠨ᠎ᠠ᠃ ᠰᠠᠶᠢᠵᠢᠷᠠᠯᠲᠠ ᠨᠢ ᠵᠥᠪᠬᠡᠨ ᠨᠢᠭᠡ ᠬᠥᠮᠦᠨ ᠤ ᠬᠦᠴᠦᠨ ᠳᠤ ᠲᠦᠰᠢᠭᠯᠡᠭᠡᠳ ᠬᠦᠷᠦᠯᠴᠡᠬᠦ ᠦᠭᠡᠢ ᠶᠤᠮ᠂ ᠬᠡᠷᠪᠡ ᠣᠯᠠᠨ ᠢᠶᠠᠷ ᠢᠶᠠᠨ ᠬᠠᠮᠲᠤ ᠪᠠᠷ ᠴᠢᠷᠮᠠᠶᠢᠪᠠᠯ ᠨᠡᠩ ᠶᠡᠭᠡ ᠬᠡᠪᠴᠢᠶ᠎ᠡ ᠳᠤ ᠬᠦᠷᠦᠨ᠎ᠡ᠂ ᠪᠦᠬᠦᠯᠢ ᠴᠣᠭᠴᠠ ᠶᠢᠨ ᠦᠷ᠎ᠡ ᠠᠰᠢᠭ ᠨᠢ ᠴᠦ ᠳᠠᠭᠠᠯᠳᠤᠨ ᠳᠡᠭᠡᠭᠰᠢᠯᠡᠨ᠎ᠡ᠂ ᠡᠶᠢᠮᠦ ᠠᠴᠠ ᠳᠠᠷᠤᠶ ᠪᠣᠯᠪᠠᠰᠤᠷᠠᠯ ᠤᠨ ᠠᠩᠭᠢ ᠣᠯᠵᠤ᠂ ᠡᠷᠭᠢᠨ ᠲᠣᠭᠤᠷᠢᠨ ᠤ ᠬᠥᠷᠰᠢ ᠵᠡᠷᠭᠡᠯᠡᠳᠡᠭᠡ ᠶᠢᠨ ᠬᠢᠨ ᠢ ᠳᠠᠶᠢᠴᠢᠯᠠᠨ ᠬᠠᠮᠲᠤ ᠪᠠᠷ ᠬᠡᠪ ᠲᠦᠷᠢᠮ ᠡᠵᠡᠮᠰᠢᠭᠦᠯᠵᠦ᠂ ᠲᠡᠳᠡᠨ ᠤ ᠰᠤᠷᠤᠯᠴᠠᠬᠤ ᠳᠤᠷᠠᠲᠠᠶ ᠶᠢ ᠨᠢ ᠪᠢ ᠲᠡᠳᠡᠨ ᠳᠤ ᠵᠢᠭᠠᠵᠤ ᠥᠭᠭᠦᠨ᠂ ᠴᠢᠳᠠᠬᠤ ᠦᠭᠡᠢ ᠪᠣᠯ ᠪᠢ ᠲᠡᠳᠡᠨ ᠢ ᠬᠠᠪᠰᠤᠷᠴᠤ ᠬᠢᠵᠦ ᠥᠭᠭᠦᠨ᠎ᠡ᠃ ᠮᠢᠨᠦ ᠡᠨᠡ ᠠᠷᠭ᠎ᠠ ᠪᠣᠯ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠤᠳᠤᠷᠢᠳᠤᠯᠭ᠎ᠠ᠂ ᠰᠢᠶᠠᠩ ᠪᠠᠯᠭᠠᠰᠤ ᠪᠠ ᠭᠠᠴᠠᠭᠠᠨ ᠤ ᠤᠳᠤᠷᠢᠳᠤᠯᠭ᠎ᠠ ᠶᠢᠨ ᠬᠦᠴᠦᠲᠡᠶ ᠳᠡᠮᠵᠢᠯᠭᠡ ᠶᠢ ᠣᠯᠵᠠᠶ︾ ᠭᠡᠵᠦ ᠳᠠᠪᠰᠢᠯᠲᠤ ᠬᠡᠯᠡᠪᠡ᠃ ᠣᠲᠣ ᠪᠣᠯᠲᠠᠯ᠎ᠠ ᠨᠡᠶᠢᠲᠡ 3 ᠬᠤᠭᠤᠴᠠᠭᠠᠨ ᠤ ᠪᠣᠯᠪᠠᠰᠤᠷᠠᠯ ᠡᠷᠭᠢᠯᠡᠵᠦ᠂ ᠨᠢᠭᠡᠨᠲᠡ 800 ᠣᠷᠴᠢᠮ ᠦᠬᠡᠷ ᠲᠤ ᠬᠡᠭᠡᠯᠲᠦᠭᠦᠯᠭᠡ ᠬᠢᠭᠰᠡᠨ ᠪᠠᠶᠢᠨ᠎ᠠ᠃      ᠨᠤᠲᠤᠭ ᠤᠨ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠶᠡᠭᠡ ᠦᠢᠯᠡᠰ ᠪᠦᠲᠦᠭᠡᠵᠦ ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠥᠩᠭᠡᠷᠡᠭᠰᠡᠨ ᠳᠤ ︽ᠲᠣᠭᠤᠰ ᠤᠨ ᠵᠡᠭᠦᠨ ᠡᠮᠦᠨ᠎ᠡ ᠨᠢᠰᠬᠦ︾ ᠪᠠᠶᠢᠭᠰᠠᠨ ᠠᠴᠠ ᠪᠠᠨ ᠣᠳᠣᠬᠢ ︽ᠪᠠᠶᠠᠷᠯᠠᠨ ᠤᠭᠲᠣᠬᠤ︾ ᠬᠦᠷᠲᠡᠯ᠎ᠡ᠂ ᠨᠤᠲᠤᠭ ᠲᠤ ᠪᠠᠨ ᠪᠤᠴᠠᠵᠤ ᠦᠢᠯᠡᠰ ᠪᠤᠰᠬᠠᠬᠤ ︽ᠰᠢᠨ᠎ᠡ ᠲᠠᠷᠢᠶᠠᠴᠢᠨ ᠬᠥᠮᠦᠨ︾ ᠲᠠᠰᠤᠷᠠᠯᠲᠠ ᠦᠭᠡᠢ ᠪᠤᠵᠠᠭᠠᠶᠢᠷᠠᠪᠠ᠃ ᠳᠠᠪᠰᠢᠯᠲᠤ ᠳᠠᠷᠬᠠᠨ ᠮᠤᠤᠮᠢᠩᠭᠠᠨ ᠬᠤᠰᠢᠭᠤᠨ ᠤ ᠠᠷᠪᠠᠨ ᠰᠢᠯᠢᠳᠡᠭ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠵᠢᠱᠢᠶᠡᠴᠢ ᠪᠠᠷ ᠦᠨᠡᠯᠡᠭᠳᠡᠪᠡ ; ᠬᠤᠸᠠ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ 2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠠᠴᠠ ︽ᠳᠠᠭᠠᠭᠤᠯᠤᠭᠴᠢ︾ ᠶᠢᠨ ᠲᠦᠷᠦᠯ ᠵᠦᠢᠯ ᠤᠨ ᠰᠤᠷᠤᠭᠴᠢᠳ ᠢ ᠪᠤᠶᠢᠵᠢᠭᠤᠯᠪᠠ ; ᠪᠠᠰᠠ ᠮᠠᠯᠴᠢᠨ ᠲᠠᠷᠢᠶᠠᠴᠢᠨ ᠤ ᠲᠤᠰᠠᠯᠠᠭᠴᠢ ᠮᠠᠯ ᠠᠵᠤ ᠠᠬᠤᠢ ᠶᠢᠨ ᠪᠠᠭᠰᠢ ᠶᠢᠨ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠣᠯᠵᠤ᠂ ᠠᠯᠢ ᠤᠯᠠᠨ ᠵᠥᠪᠰᠢᠶᠡᠷᠡᠯ ᠨᠢ ᠲᠡᠭᠦᠨ ᠤ ᠢᠲᠡᠭᠡᠯ ᠵᠣᠷᠢᠭ ᠢ ᠨᠡᠩ ᠨᠡᠮᠡᠭᠳᠡᠭᠦᠯᠪᠡ᠃ ᠲᠡᠭᠦᠨ ᠤ ᠦᠵᠡᠬᠦ ᠪᠠᠷ᠂ ᠴᠠᠭ ᠦᠶ᠎ᠡ ᠬᠥᠭᠵᠢᠵᠦ ᠪᠠᠶᠢᠨ᠎ᠠ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠪᠠᠷ ᠪᠠᠷᠠᠬᠤ ᠦᠭᠡᠢ᠂ ᠵᠥᠪᠬᠡᠨ ᠤᠯᠠᠮᠵᠢᠯᠠᠯᠲᠤ ᠠᠷᠭ᠎ᠠ ᠬᠡᠯᠪᠡᠷᠢ ᠪᠠᠷ ᠬᠦᠷᠦᠯᠴᠡᠬᠦ ᠦᠭᠡᠢ᠄ ︽ᠢᠷᠡᠭᠡᠳᠦᠢ ᠳᠤ ᠪᠠᠰᠠ ᠦᠷᠭᠦᠯᠵᠢᠯᠡᠨ ᠰᠢᠨ᠎ᠡ ᠮᠡᠷᠭᠡᠵᠢᠯ ᠢ ᠰᠤᠷᠤᠯᠴᠠᠵᠤ᠂ ᠰᠢᠨ᠎ᠡ ᠡᠭᠦᠯᠳᠡᠷ ᠢ ᠰᠠᠶᠢᠵᠢᠷᠠᠭᠤᠯᠵᠤ᠂ ᠮᠢᠨᠦ ᠰᠣᠷᠣᠭᠰᠠᠨ ᠢ ᠬᠠᠷᠢᠵᠤ ᠢᠷᠡᠭᠰᠡᠨ ᠪᠤᠰᠤᠳ ᠮᠠᠯᠴᠢᠨ ᠨᠠᠶᠢᠵᠠ ᠨᠠᠷ ᠲᠤ ᠬᠤᠪᠢᠶᠠᠯᠴᠠᠵᠤ᠂ ᠣᠯᠠᠨ ᠢᠶᠠᠷ ᠢᠶᠠᠨ ᠴᠥᠭᠡᠨ ᠲᠡᠵᠢᠭᠡᠵᠦ ᠨᠠᠷᠢᠯᠢᠭ ᠲᠡᠵᠢᠭᠡᠬᠦ ᠵᠠᠮ ᠢᠶᠠᠷ ᠵᠠᠮᠨᠠᠵᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ︾ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号