ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠴᠧᠩᠳᠦ᠋ ᠬᠤᠲᠠ ᠶᠢᠨ ᠬᠠᠶ ᠲᠢᠶᠠᠨ | ᠾᠦᠢ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠠᠮᠲᠤ ᠪᠠᠷ ︽ᠳᠠᠷᠬᠠᠨ | ᠮᠤᠤᠮᠢᠩᠭᠠᠨ ᠬᠤᠲᠠ ᠶᠢᠨ ᠲᠠᠯ᠎ᠠ ᠨᠤᠲᠤᠭ ᠤᠨ ᠦᠬᠡᠷ — ᠴᠧᠩᠳᠦ᠋ ᠬᠤᠲᠠ ᠶᠢᠨ ᠬᠠᠶ ᠲᠢᠶᠠᠨ ᠾᠦᠢ ᠲᠦᠮᠡᠨ | ᠲᠣᠯᠣᠭᠠᠢ ᠠᠮᠢᠳᠤ ᠦᠬᠡᠷ ᠪᠣᠷᠣᠯᠠᠭᠤᠯᠬᠤ ᠵᠠᠬᠢᠶᠠᠯᠠᠭ᠎ᠠ ᠶᠢᠨ ᠲᠡᠷᠭᠡ ᠬᠥᠳᠡᠯᠬᠦ ᠶᠣᠰᠣᠯᠠᠯ︾ ᠢ ᠡᠬᠢᠯᠡᠭᠦᠯᠪᠡ᠃ | ᠲᠦᠷᠦᠭᠦᠤ ᠪᠦᠯᠦᠭ ᠤᠨ 20 ᠲᠠᠷᠭᠤᠨ ᠪᠡᠶ᠎ᠡ ᠲᠠᠢ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ | ᠨᠣᠲᠤᠭ ᠤᠨ ᠦᠬᠡᠷ︾ ᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠬᠦᠷᠢᠶᠡᠯᠡᠩ ᠠᠴᠠ ᠠᠶᠠᠯᠠᠯ ᠢᠶᠠᠨ ᠡᠬᠢᠯᠡᠭᠦᠯᠦᠭᠰᠡᠨ ᠨᠢ ᠬᠤᠶᠠᠷ ᠭᠠᠵᠠᠷ ᠤᠨ ᠠᠯᠠᠰᠢᠨ ᠦᠬᠡᠷ ᠤᠨ ᠠᠵᠤ ᠦᠢᠯᠡᠰ ᠤᠨ | ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠲᠣᠰ | ᠤᠳᠠᠭᠠᠨ ᠤ ᠬᠠᠮᠲᠤᠷᠠᠯᠴᠠᠭ᠎ᠠ ᠨᠢ ︽ᠬᠥᠲᠥᠴᠢ ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠵᠠᠭᠪᠤᠷ ᠢᠶᠠᠷ ᠳᠠᠮᠵᠢᠭᠤᠯᠤᠨ᠂ ᠳᠠᠷᠬᠠᠨ ᠮᠤᠤᠮᠢᠩᠭᠠᠨ ᠬᠤᠰᠢᠭᠤᠨ ᠤ | ᠠᠯᠠᠰᠢᠨ ᠦᠬᠡᠷ ᠤᠨ ᠠᠵᠤ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠨᠠᠷᠠᠲᠤ ᠲᠡᠮᠳᠡᠭᠵᠢᠯᠲᠡ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 2300 ᠲᠦᠮᠡᠨ ᠮᠦ ᠪᠠᠶᠢᠭᠠᠯᠢ ᠶᠢᠨ ᠪᠡᠯᠴᠢᠭᠡᠷ ᠲᠠᠢ | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠃ ᠲᠣᠰ ᠤᠳᠠᠭ᠎ᠠ ᠴᠧᠩᠳᠦ᠋ ᠬᠤᠲᠠ ᠶᠢᠨ ᠬᠠᠶ ᠲᠢᠶᠠᠨ ᠾᠦᠢ | ᠲᠠᠢ ᠬᠠᠮᠲᠤᠷᠠᠨ ᠠᠵᠢᠯᠯᠠᠬᠤ ᠪᠣᠯ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠣᠶᠢᠷ᠎ᠠ ᠶᠢᠨ ᠵᠢᠯ ᠤᠨ | ᠲᠤᠷᠰᠢ ᠬᠡᠪᠴᠢᠶ᠎ᠡ ᠪᠠᠷ ᠬᠠᠮᠤᠭ ᠤᠨ ᠶᠡᠭᠡ ᠠᠮᠢᠳᠤ ᠦᠬᠡᠷ ᠪᠣᠷᠣᠯᠠᠭᠤᠯᠬᠤ ᠵᠠᠬᠢᠶᠠᠯᠠᠭ᠎ᠠ ᠶᠢᠨ ᠨᠢᠭᠡ ᠪᠣᠯᠤᠨ᠎ᠠ᠂ | ᠵᠢᠯ ᠤᠨ ᠳᠣᠲᠣᠷ᠎ᠠ ᠪᠦᠯᠦᠭ ᠬᠤᠪᠢᠶᠠᠨ 3000 ᠭᠠᠷᠤᠶ ᠠᠮᠢᠳᠤ ᠦᠬᠡᠷ ᠲᠤᠰᠢᠶᠠᠬᠤ ᠪᠣᠯᠤᠨ᠎ᠠ᠃ | ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠬᠡᠷ︾ ᠨᠢ ᠮᠢᠬᠠᠨ ᠤ ᠰᠢᠨ᠎ᠡ ᠰᠣᠷᠭᠤᠭ᠂ ᠰᠢᠮ᠎ᠡ | ᠲᠡᠵᠢᠭᠡᠯ ᠡᠯᠪᠡᠭ ᠢᠶᠠᠷ ᠠᠯᠳᠠᠷᠰᠢᠵᠤ᠂ 2021 ᠣᠨ ᠳᠤ ᠤᠯᠤᠰ ᠤᠨ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠢ | ᠬᠦᠷᠲᠡᠪᠡ᠃ ᠴᠧᠩᠳᠦ᠋ ᠶᠢᠨ ᠬᠠᠢ ᠲᠢᠶᠠᠨ ᠬᠤᠢ ᠪᠠᠷᠠᠭᠤᠨ ᠡᠮᠦᠨᠡᠲᠦ ᠣᠷᠣᠨ ᠤ ᠲᠡᠷᠢᠭᠦᠨ ᠤ ᠮᠢᠬᠠᠨ ᠤ | ᠲᠥᠷᠥᠯ ᠤᠨ ᠬᠠᠩᠭᠠᠯᠭ᠎ᠠ ᠶᠢᠨ ᠠᠵᠤ ᠠᠬᠤᠢᠯᠠᠯ ᠪᠣᠯᠤᠭᠰᠠᠨ ᠤ ᠬᠤᠪᠢ ᠳᠤ᠂ ᠬᠦᠢᠲᠡᠨ ᠬᠡᠯᠬᠢᠶᠡᠲᠦ ᠡᠳ᠋ ᠪᠠᠷᠠᠭᠠᠨ ᠤ | ᠭᠦᠢᠯᠭᠡᠭᠡ᠂ ᠦᠵᠦᠭᠦᠷ ᠤᠨ ᠪᠣᠷᠣᠯᠠᠭᠤᠯᠭ᠎ᠠ ᠶᠢᠨ ᠬᠦᠷᠢᠶᠡᠨ ᠳᠤ ᠢᠯᠡᠳᠲᠡ ᠳᠠᠪᠠᠭᠤᠯᠢᠭ ᠲᠠᠢ᠂ 300 ᠭᠠᠷᠤᠢ | ᠵᠢᠵᠢᠭᠯᠡᠨ ᠬᠤᠳᠠᠯᠳᠤᠬᠤ ᠦᠵᠦᠭᠦᠷ ᠲᠠᠢ ᠭᠠᠵᠠᠷ ᠣᠷᠣᠨ ᠳᠤ ᠪᠠᠷᠠᠭᠤᠨ ᠡᠮᠦᠨᠡᠲᠦ ᠣᠷᠣᠨ ᠤ ᠵᠠᠬ᠎ᠠ ᠳᠡᠯᠭᠡᠭᠦᠷ ᠢ | ᠨᠡᠭᠡᠭᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠮᠵᠢᠯᠠᠯᠲᠤ ᠮᠠᠯ ᠠᠵᠤ ᠠᠬᠤᠢ ᠵᠠᠬ᠎ᠠ ᠳᠡᠯᠭᠡᠭᠦᠷ ᠤᠨ | ᠬᠡᠯᠪᠡᠯᠵᠡᠯ ᠶᠡᠭᠡ᠂ ᠠᠶᠤᠯ ᠲᠦᠭᠰᠢᠬᠦᠷᠢ ᠶᠢ ᠡᠰᠡᠷᠭᠦᠴᠡᠬᠦ ᠴᠢᠳᠠᠪᠤᠷᠢ ᠳᠣᠷᠣᠢ ᠵᠡᠷᠭᠡ ᠠᠰᠠᠭᠤᠳᠠᠯ ᠳᠤ ᠲᠤᠯᠭᠠᠷᠠᠵᠤ | ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠧᠩᠳᠦ᠋ ᠶᠢᠨ ᠬᠠᠶ ᠲᠢᠶᠠᠨ ᠾᠦᠢ ᠲᠠᠢ ᠦᠨᠳᠦᠰᠦᠨ | ᠦᠨ᠎ᠡ ᠶᠢ ᠪᠠᠲᠤᠯᠠᠬᠤ ᠬᠤᠳᠠᠯᠳᠤᠨ ᠠᠪᠬᠤ ᠬᠡᠯᠡᠯᠴᠡᠭᠡᠷ ᠲᠣᠭᠲᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ | ᠪᠣᠷᠣᠯᠠᠭᠤᠯᠬᠤ ᠠᠷᠭ᠎ᠠ ᠵᠠᠮ ᠪᠠ ᠠᠰᠢᠭ ᠣᠷᠣᠯᠭ᠎ᠠ ᠪᠠᠨ ᠤᠷᠢᠳᠴᠢᠯᠠᠨ ᠲᠣᠭᠲᠠᠭᠠᠵᠤ᠂ ᠵᠠᠬ᠎ᠠ ᠳᠡᠯᠭᠡᠭᠦᠷ ᠤᠨ | ᠦᠨ᠎ᠡ ᠬᠠᠩᠰᠢ ᠶᠢᠨ ᠬᠡᠯᠪᠡᠯᠵᠡᠯ ᠤᠨ ᠲᠦᠭᠰᠢᠭᠦᠷᠢ ᠠᠴᠠ ᠪᠦᠲᠦᠮᠵᠢᠲᠡᠶ ᠵᠠᠶᠢᠯᠠᠵᠤ᠂ ᠵᠠᠬᠢᠶᠠᠯᠠᠭ᠎ᠠ ᠶᠢᠨ ᠲᠠᠷᠢᠶᠠᠯᠠᠩ | ᠮᠠᠯ ᠠᠵᠤ ᠠᠬᠤᠶ ᠶᠢ ︽ᠬᠤᠶᠠᠷ ᠲᠠᠯ᠎ᠠ ᠪᠠᠷ ᠤᠶᠠᠵᠤ︾ ᠪᠣᠯᠤᠨ᠎ᠠ᠃ | ᠴᠧᠩᠳᠦ᠋ ᠶᠢᠨ ᠬᠠᠢ ᠲᠢᠶᠠᠨ ᠾᠦᠢ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠫᠧᠩ ᠹᠧᠢ ᠶᠢᠨ ᠦᠵᠡᠬᠦ ᠪᠠᠷ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠪᠠᠭᠤᠯᠢᠭ ᠲᠠᠢ ᠪᠠᠶᠢᠵᠦ᠂ ᠦᠬᠡᠷ ᠬᠤᠨᠢ ᠢᠮᠠᠭ᠎ᠠ ᠲᠡᠵᠢᠭᠡᠨ | ᠦᠷᠡᠵᠢᠭᠦᠯᠬᠦ ᠳᠤ ᠠᠰᠢᠭᠲᠠᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠦ ᠵᠠᠬ᠎ᠠ ᠳᠡᠯᠭᠡᠭᠦᠷᠴᠢᠯᠡᠬᠦ | ᠰᠡᠳᠭᠢᠴᠡ ᠲᠠᠢ᠂ ᠬᠤᠶᠢᠨᠠᠬᠢ ᠳᠠᠪᠠᠭᠤᠯᠢᠭ ᠲᠠᠢ᠂ ᠬᠡᠳᠦᠶᠢᠪᠡᠷ ᠦᠬᠡᠷ ᠬᠤᠨᠢᠨ ᠮᠢᠬᠠᠨ ᠤ ᠠᠵᠤ ᠦᠢᠯᠡᠰ ᠨᠢ ᠣᠷᠣᠢ | ᠪᠣᠯᠪᠠᠴᠤ ᠡᠬᠢᠯᠡᠯᠲᠡ ᠶᠢᠨ ᠴᠡᠭ ᠨᠢ ᠮᠠᠰᠢ ᠥᠨᠳᠥᠷ ᠪᠣᠯᠬᠤᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ | ᠬᠤᠷᠰᠢᠨ ᠠᠵᠢᠯᠯᠠᠨ᠎ᠠ᠃ ︽ᠳᠠᠷᠠᠭᠠᠴᠢ ᠶᠢᠨ ᠠᠯᠬᠤᠮ ᠳᠤ ᠪᠢᠳᠡ ᠳᠠᠷᠬᠠᠨ ᠮᠣᠣᠮᠢᠩᠭᠠᠨ ᠲᠠᠢ ᠨᠡᠩ ᠰᠠᠶᠢᠨ | ᠬᠠᠮᠲᠤᠷᠠᠨ ᠠᠵᠢᠯᠯᠠᠬᠤ ᠠᠵᠠ ᠲᠣᠬᠢᠶᠠᠯ ᠪᠠ ᠨᠡᠩ ᠶᠡᠭᠡ ᠬᠤᠳᠠᠯᠳᠤᠨ ᠠᠪᠬᠤ ᠬᠡᠪᠴᠢᠶ᠎ᠡ ᠲᠠᠢ ᠪᠣᠯᠵᠤ᠂ | ᠴᠢᠨᠠᠭᠰᠢᠯᠠᠪᠠᠯ ᠪᠢᠳᠡ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠪᠤᠶᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠲᠠᠢ᠂ ᠨᠡᠩ ᠭᠦᠨᠵᠡᠭᠡᠢ ᠬᠠᠮᠲᠤᠷᠠᠯᠴᠠᠭ᠎ᠠ ᠬᠢᠵᠦ᠂ ᠳᠠᠷᠬᠠᠨ ᠮᠤᠤᠮᠢᠩᠭᠠᠨ ᠤ ᠲᠦᠷᠦᠯ ᠲᠡᠮᠳᠡᠭ ᠢ | ᠰᠧᠴᠤᠸᠠᠨ᠂ ᠴᠢᠨᠠᠭᠰᠢᠯᠠᠪᠠᠯ ᠪᠦᠬᠦ ᠤᠯᠤᠰ ᠲᠤ ᠬᠠᠨᠳᠤᠭᠤᠯᠵᠤ ᠶᠠᠪᠤᠭᠤᠯᠤᠨ᠎ᠠ︾ ᠭᠡᠵᠦ ᠸᠠᠩ ᠫᠧᠩ ᠹᠧᠢ ᠬᠡᠯᠡᠪᠡ᠃ | | ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠠᠮᠢ ᠠᠬᠤᠢ ᠶᠢ ᠠᠵᠤ | ᠦᠢᠯᠡᠰᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ︾ ᠬᠥᠭᠵᠢᠯᠲᠡ ᠶᠢᠨ ᠠᠷᠭ᠎ᠠ ᠵᠠᠮ ᠢ ᠪᠠᠷᠢᠮᠲᠠᠯᠠᠵᠤ᠂ | ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠬᠦ ᠶᠢᠨ ᠬᠠᠮᠲᠤ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ | ᠰᠠᠬᠢᠪᠠ᠃ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ︾ ᠲᠡᠵᠢᠭᠡᠨ ᠦᠷᠡᠵᠢᠭᠦᠯᠬᠦ ᠵᠠᠭᠪᠤᠷ ᠢ | ᠳᠡᠯᠭᠡᠷᠡᠭᠦᠯᠬᠦ ᠪᠠᠷ ᠳᠠᠮᠵᠢᠭᠤᠯᠤᠨ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠦᠢᠯᠡᠰ ᠤᠨ ᠬᠥᠭᠵᠢᠯᠲᠡ ᠶᠢᠨ | ᠬᠤᠤᠰ ᠠᠮᠵᠢᠯᠲᠠ ᠶᠢ ᠪᠡᠶᠡᠯᠡᠭᠦᠯᠦᠨ᠎ᠡ᠃ | ᠥᠪᠥᠷ ᠮᠣᠩᠭᠤᠯ ᠤᠨ ᠮᠢᠩ ᠱᠧᠩ ᠡᠨᠧᠷᠭᠢ ᠶᠢᠨ ᠳᠡᠳ᠋ ᠶᠡᠷᠦᠩᠬᠡᠶ ᠳᠠᠭᠠᠭᠠᠮᠠᠯ ᠺᠠᠩ ᡁᠢ ᠹᠦ᠋᠂ ᠲᠣᠰ | ᠤᠳᠠᠭᠠᠨ ᠤ ᠬᠠᠮᠲᠤᠷᠠᠯᠴᠠᠭ᠎ᠠ ᠨᠢ ᠭᠤᠤᠯᠳᠠᠭᠤ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠬᠡᠷ ᠪᠣᠯᠤᠨ | ᠴᠧᠩᠳᠦ᠋ ᠶᠢᠨ ᠬᠠᠶ ᠲᠢᠶᠠᠨ ᠾᠦᠢ ᠪᠣᠷᠣᠯᠠᠭᠤᠯᠭ᠎ᠠ ᠶᠢᠨ ᠬᠡᠯᠬᠢᠶ᠎ᠡ ᠶᠢ ᠨᠡᠪᠲᠡᠷᠡᠭᠦᠯᠵᠦ᠂ ᠦᠷᠭᠦᠯᠵᠢᠯᠡᠬᠦ | ᠬᠥᠭᠵᠢᠯᠲᠡ ᠶᠢᠨ ᠠᠮᠢ ᠠᠬᠤᠶ ᠶᠢᠨ ᠮᠠᠯ ᠠᠵᠤ ᠠᠬᠤᠶ ᠶᠢᠨ ᠵᠠᠭᠪᠤᠷ ᠢ ᠪᠠᠶᠢᠭᠤᠯᠬᠤ ᠶᠢᠨ ᠲᠥᠯᠥᠭᠡ ᠶᠤᠮ ᠭᠡᠵᠦ | ᠢᠯᠡᠷᠬᠡᠶᠢᠯᠡᠪᠡ᠃ ︽ᠪᠢᠳᠡ ᠲᠣᠰ ᠤᠳᠠᠭᠠᠨ ᠤ ᠬᠠᠮᠲᠤᠷᠠᠯᠴᠠᠭ᠎ᠠ ᠪᠠᠷ ᠰᠢᠨ᠎ᠡ ᠡᠬᠢᠯᠡᠯᠲᠡ ᠪᠣᠯᠭᠠᠵᠤ᠂ ︿ᠠᠮᠢ ᠠᠬᠤᠶ | ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ﹀ ᠮᠠᠯᠵᠢᠬᠤ ᠣᠷᠣᠨ ᠤ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠨ ᠪᠠᠶᠢᠭᠤᠯᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠦᠬᠡᠷ ᠢ ᠬᠤᠲᠠ ᠪᠠ ᠨᠤᠲᠤᠭ ᠪᠡᠯᠴᠢᠭᠡᠷ ᠢ ᠬᠤᠯᠪᠣᠭᠰᠠᠨ ᠪᠣᠬᠢᠷᠲᠤᠯ ᠥᠬᠡᠶ | ᠬᠤᠯᠪᠣᠭᠠᠰᠤ ᠪᠣᠯᠭᠠᠨ᠎ᠠ︾ ᠭᠡᠵᠦ ᠺᠠᠩ ᡁᠢ ᠹᠦ᠋ ᠬᠡᠯᠡᠪᠡ᠃ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠠᠭ ︿ᠪᠠᠭ᠎ᠠ ᠰᠤᠯᠠ ᠪᠠᠭᠤᠷᠠᠢ﹀ ᠶᠢᠨ ᠤᠯᠠᠮᠵᠢᠯᠠᠯᠲᠤ | ᠲᠡᠵᠢᠭᠡᠨ ᠦᠷᠡᠵᠢᠭᠦᠯᠬᠦ ᠠᠴᠠ ︿ᠡᠷᠴᠢᠮᠵᠢᠭᠦᠯᠬᠦ᠂ ᠵᠠᠬ᠎ᠠ ᠳᠡᠯᠭᠡᠭᠦᠷᠴᠢᠯᠡᠬᠦ᠂ ᠨᠠᠷᠠᠲᠤ ᠲᠡᠮᠳᠡᠭᠵᠢᠭᠦᠯᠬᠦ﹀ ᠲᠡᠶᠢᠰᠢ | ᠬᠡᠯᠪᠡᠷᠢ ᠪᠠᠨ ᠬᠤᠪᠢᠷᠠᠭᠤᠯᠵᠤ ᠪᠠᠶᠢᠨ᠎ᠠ᠃ ᠢᠷᠡᠭᠡᠳᠦᠶ ᠳᠤ᠂ ᠪᠢᠳᠡ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︿ᠲᠠᠯ᠎ᠠ ᠨᠤᠲᠤᠭ ᠤᠨ ᠠᠮᠤ ᠪᠤᠳᠠᠭᠠᠨ ᠤ ᠬᠥᠮᠥᠷᠭᠡ + | ᠮᠢᠬᠠᠨ ᠤ ᠦᠢᠯᠡᠰ ᠤᠨ ᠬᠦᠴᠦᠷᠬᠡᠭ ᠬᠤᠰᠢᠭᠤ﹀ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠨ᠎ᠡ︾ ᠭᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠶᠢᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ | ᠡᠷᠬᠢᠯᠡᠭᠴᠢ ᠬᠤᠤ ᠰᠢᠶᠤᠤ ᠢᠦᠶ᠂ ︽ᠲᠠᠷᠠᠭᠠᠴᠢ ᠶᠢᠨ ᠠᠯᠬᠤᠮ ᠳᠤ᠂ ᠪᠢᠳᠡ ᠭᠠᠳᠠᠷ ᠣᠷᠣᠨ ᠤ ᠵᠠᠬ᠎ᠠ ᠳᠡᠯᠭᠡᠭᠦᠷ ᠢ | ᠥᠷᠭᠡᠳᠬᠡᠬᠦ ᠪᠠ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠴᠢᠨᠠᠷ ᠰᠠᠶᠢᠲᠠᠶ ᠦᠬᠡᠷ ᠬᠤᠨᠢ ᠶᠢ ᠳᠡᠯᠭᠡᠷᠡᠭᠦᠯᠦᠨ ᠭᠠᠷᠭᠠᠵᠤ᠂ ᠲᠤᠬᠠᠶ ᠶᠢᠨ | ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ︾ ᠭᠡᠵᠦ ᠬᠡᠯᠡᠵᠡᠢ᠃ | | ᠲᠣᠰ ᠤᠳᠠᠭᠠᠨ ᠤ ᠬᠠᠮᠲᠤᠷᠠᠯᠴᠠᠭ᠎ᠠ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠠᠮᠢᠳᠤᠯᠢᠭ | ᠦᠢᠯᠡᠳᠦᠯᠭᠡ ᠪᠣᠯᠤᠨ᠎ᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠦᠬᠡᠷ︾ | ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠥᠷᠭᠡᠳᠬᠦ ᠶᠢ ᠳᠠᠭᠠᠯᠳᠤᠨ᠂ ᠲᠡᠭᠦᠨ ᠤ | ︽ᠪᠣᠬᠢᠷᠲᠤᠯ ᠥᠬᠡᠶ᠂ ᠠᠮᠢ ᠠᠬᠤᠶ᠂ ᠴᠢᠨᠠᠷ ᠰᠠᠶᠢᠲᠠᠶ︾ ᠪᠦᠲᠦᠭᠡᠭᠳᠡᠬᠦᠨ ᠤ ᠳᠦᠷᠢ ᠲᠥᠷᠬᠦ ᠶᠠᠭ ᠬᠠᠶ ᠲᠢᠶᠠᠨ | ᠾᠦᠢ ᠶᠢᠨ ᠪᠥᠬᠦ ᠤᠯᠤᠰ ᠤᠨ ᠰᠦᠯᠵᠢᠶ᠎ᠡ ᠪᠠᠷ ᠳᠡᠮᠵᠢᠨ ᠲᠦᠭ ᠲᠦᠮᠡᠨ ᠠᠶᠢᠯ ᠡᠷᠦᠬᠡ ᠵᠦᠭ ᠶᠠᠪᠤᠵᠤ ᠪᠠᠶᠢᠨ᠎ᠠ᠃ | ᠢᠷᠡᠭᠡᠳᠦᠢ ᠳᠤ᠂ ᠬᠤᠶᠠᠷ ᠲᠠᠯ᠎ᠠ ᠪᠠᠷ ᠢᠶᠠᠨ ᠤᠶᠤᠨᠴᠢ ᠪᠠᠷ ᠲᠡᠵᠢᠭᠡᠨ ᠦᠷᠡᠵᠢᠭᠦᠯᠬᠦ᠂ ᠨᠠᠷᠢᠯᠢᠭ ᠡᠳ᠋ᠰᠢᠭᠦᠯᠬᠦ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠴᠢᠨᠠᠭᠰᠢᠯᠠᠪᠠᠯ ᠪᠦᠬᠦ ᠤᠯᠤᠰ ᠤᠨ | ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠳᠤ ︽ᠲᠠᠷᠬᠠᠨ ᠮᠤᠤᠮᠢᠩᠭᠠᠨ ᠤ ᠵᠠᠭᠪᠤᠷ︾ ᠢ ᠬᠠᠩᠭᠠᠬᠤ | ᠪᠣᠯᠣᠨ᠎ᠠ᠃ |