ᠬᠠᠪᠤᠷ ᠤᠨ ᠰᠠᠯᠬᠢ ᠭᠡᠨᠡᠳᠲᠡ ᠢᠷᠡᠬᠦ ᠳᠤ᠂ ᠳᠤᠯᠠᠭᠠᠬᠠᠨ ᠤᠷᠢ ᠪᠢᠯᠬᠠᠮ᠎ᠠ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠲᠤ ᠬᠦᠷᠬᠦ ᠳᠤ᠂ ᠨᠢᠭᠡᠨ ᠣᠳᠣᠬᠢᠴᠢᠯᠠᠭᠰᠠᠨ | ᠲᠠᠷᠢᠶᠠᠯᠠᠩ ᠤᠨ ᠮᠠᠰᠢᠨ ᠲᠠᠷᠢᠶᠠᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠵᠦ᠂ ᠱᠠᠳᠤ ᠱᠠᠳᠤ ᠪᠠᠷ ᠰᠢᠨ᠎ᠡ | ᠰᠢᠪᠠᠷ ᠢ ᠤᠷᠪᠠᠭᠤᠯᠪᠠ ; ᠰᠦᠯᠢᠶᠣᠣ ᠪᠦᠷᠬᠦᠪᠴᠢ ᠶᠢᠨ ᠪᠦᠷᠬᠦᠴᠡ ᠳᠣᠣᠷ᠎ᠠ᠂ ᠦᠷ᠎ᠡ ᠶᠠᠭ ᠦᠰᠦᠨ ᠪᠤᠶᠢᠵᠢᠬᠤ | ᠬᠦᠴᠦᠨ ᠴᠢᠳᠠᠯ ᠬᠤᠷᠠᠮᠳᠤᠭᠤᠯᠵᠤ ᠪᠠᠶᠢᠨ᠎ᠠ᠃ ᠡᠨᠡ ᠪᠤᠯ ᠴᠠᠭ ᠮᠦᠴᠡ ᠲᠠᠢ ᠤᠷᠤᠯᠳᠤᠵᠦ ᠪᠠᠶᠢᠭ᠎ᠠ ᠬᠠᠪᠤᠷ ᠤᠨ | ᠲᠠᠷᠢᠶᠠᠯᠠᠭ᠎ᠠ ᠪᠤᠯᠬᠤ ᠪᠦᠭᠡᠳ ᠬᠦᠰᠡᠯ ᠡᠷᠡᠮᠡᠯᠵᠡᠯ ᠢᠶᠠᠷ ᠪᠢᠯᠬᠠᠭᠰᠠᠨ ᠲᠠᠷᠢᠶᠠᠯᠠᠯ ᠶᠤᠮ᠂ ᠮᠧᠬᠠᠨᠢᠭ ᠬᠦᠷᠴᠢᠭᠢᠨᠡᠵᠦ᠂ | ᠬᠥᠯᠥᠰᠥ ᠪᠠᠨ ᠤᠷᠤᠰᠬᠠᠨ᠂ ᠬᠠᠪᠤᠷ ᠤᠨ ᠲᠠᠷᠢᠶᠠᠯᠠᠭ᠎ᠠ ᠶᠢᠨ ᠣᠷᠣᠰᠢᠯ ᠬᠥᠭᠵᠢᠮ ᠳᠤ ᠬᠦᠰᠡᠯ ᠡᠷᠡᠮᠡᠯᠵᠡᠯ ᠤᠨ ᠠᠶᠠᠰ | ᠬᠠᠩᠭᠢᠨᠠᠨ᠎ᠠ᠃ | ᠰᠢᠪᠡᠷᠬᠦᠷᠢᠶ᠎ᠡ ᠪᠠᠯᠭᠠᠰᠤᠨ ᠤ ᠬᠤᠩ ᠱᠠᠨ ᠽᠢ ᠲᠣᠰᠬᠤᠨ ᠤ ᠰᠢᠷ᠎ᠠ ᠯᠤᠤᠪᠠᠩ ᠲᠠᠷᠢᠬᠤ ᠭᠠᠵᠠᠷ ᠲᠤ᠂ | ᠲᠠᠷᠢᠶᠠᠨ ᠭᠠᠵᠠᠷ ᠤᠨ ᠮᠠᠰᠢᠨ ᠤ ᠳᠠᠭᠤᠨ ᠨᠢᠵᠢᠭᠢᠨᠡᠵᠦ᠂ ᠨᠢᠭᠡᠨᠲᠡ ᠳᠠᠯᠠᠩ ᠢ ᠤᠷᠪᠠᠭᠤᠯᠤᠭᠰᠠᠨ ᠭᠠᠵᠠᠷ ᠰᠢᠷᠣᠢ | ᠳᠡᠭᠡᠷ᠎ᠡ᠂ ᠲᠠᠷᠢᠬᠤ ᠮᠠᠰᠢᠨ ᠶᠠᠭ ᠤᠨᠢᠨ ᠳᠡᠭᠡᠷ᠎ᠡ ᠨᠢ ᠲᠠᠷᠢᠵᠤ᠂ ᠪᠦᠷᠬᠦᠪᠴᠢ ᠪᠦᠷᠬᠦᠬᠦ ᠮᠠᠰᠢᠨ ᠬᠤᠶᠢᠨ᠎ᠠ ᠠᠴᠠ ᠨᠢ | ᠶᠠᠪᠤᠭᠳᠠᠵᠤ᠂ ᠦᠷ᠎ᠡ ᠶᠢ ︽ᠬᠠᠮᠠᠭᠠᠯᠠᠵᠤ︾᠂ ᠦᠷ᠎ᠡ ᠪᠦᠷᠬᠦᠬᠦ ᠴᠠᠭᠠᠨ ᠰᠦᠯᠢᠶᠣᠣ ᠪᠦᠷᠬᠦᠪᠴᠢ ᠨᠢ ᠨᠡᠷᠡᠨ ᠤ | ᠭᠡᠷᠡᠯ ᠢ ᠣᠶᠢᠯᠭᠠᠵᠤ᠂ ᠠᠯᠤᠰ ᠠᠴᠠ ᠬᠠᠷᠠᠬᠤ ᠳᠤ ᠶᠠᠭ ᠯᠠ ᠨᠡᠯᠦᠭᠡᠷ ᠨᠠᠭᠤᠷ ᠤᠨ ᠤᠰᠤ ᠰᠢᠭ᠋ ᠬᠠᠷᠠᠭᠳᠠᠨ᠎ᠠ᠃ | ᠥᠩᠭᠡᠷᠡᠭᠰᠡᠨ ᠳᠤ᠂ ᠰᠢᠷ᠎ᠠ ᠯᠤᠤᠪᠠᠩ ᠵᠥᠪᠬᠡᠨ ᠬᠥᠮᠦᠨ ᠤ ᠬᠦᠴᠦ ᠪᠠᠷ ᠤᠯᠠᠮᠵᠢᠯᠠᠯᠲᠤ ᠠᠷᠭ᠎ᠠ ᠮᠠᠶ᠋ᠢᠭ ᠢᠶᠠᠷ | ᠳᠠᠷᠢᠵᠤ᠂ ᠲᠠᠷᠢᠮᠠᠯ ᠤᠨ ᠦᠷ᠎ᠡ ᠪᠦᠲᠦᠮᠵᠢ ᠳᠣᠤᠷ᠎ᠠ᠂ ᠬᠡᠪᠴᠢᠶ᠎ᠡ ᠶᠢ ᠥᠷᠭᠡᠳᠬᠡᠬᠦ ᠶᠢᠨ ᠠᠷᠭ᠎ᠠ ᠥᠬᠡᠶ᠂ ᠤᠨᠠᠯᠲᠠ | ᠶᠢ ᠳᠡᠭᠡᠭᠰᠢᠯᠡᠭᠦᠯᠵᠦ ᠳᠡᠶᠢᠯᠬᠦ ᠥᠬᠡᠶ ᠪᠣᠯᠵᠠᠶ᠃ ᠡᠨᠡ ᠵᠢᠯ᠂ ᠥᠪᠥᠷ ᠮᠣᠩᠭᠤᠯ ᠤᠨ ᠮᠧᠩ ᠱᠧᠩ ᠲᠠᠷᠢᠶᠠᠯᠠᠩ ᠮᠠᠯ | ᠠᠵᠤ ᠠᠬᠤᠶ ᠶᠢᠨ ᠲᠤᠰᠬᠠᠶ ᠠᠵᠢᠯ ᠤᠨ ᠬᠤᠷᠰᠢᠶ᠎ᠠ ᠲᠤᠰᠬᠠᠶ ᠮᠡᠷᠭᠡᠵᠢᠯ ᠤᠨ ᠲᠥᠬᠦᠭᠡᠷᠦᠮᠵᠢ ᠣᠷᠣᠭᠤᠯᠤᠨ | ᠠᠪᠴᠢᠷᠠᠵᠤ᠂ ᠮᠠᠰᠢᠨᠴᠢᠯᠠᠭᠰᠠᠨ ᠲᠠᠷᠢᠮᠠᠯ ᠤᠨ ᠠᠷᠭ᠎ᠠ ᠮᠠᠶ᠋ᠢᠭ ᠢ ᠬᠡᠷᠡᠭᠯᠡᠨ᠂ ᠬᠥᠳᠡᠯᠮᠦᠷᠢ ᠬᠦᠴᠦᠨ ᠤ ᠠᠰᠠᠭᠤᠳᠠᠯ ᠢ | ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠬᠡᠪᠴᠢᠶᠡᠵᠢᠭᠰᠡᠨ᠂ ᠪᠥᠭᠡᠮ ᠢᠶᠠᠷ ᠦᠢᠯᠡᠳᠪᠦᠷᠢᠯᠡᠬᠦ ᠳᠤ ᠠᠷᠭ᠎ᠠ | ᠵᠠᠮ ᠣᠯᠵᠤ ᠥᠭᠭᠦᠭᠰᠡᠨ ᠪᠠᠶᠢᠨ᠎ᠠ᠃ ︽ᠤᠯᠠᠮᠵᠢᠯᠠᠯᠲᠤ ᠳᠠᠯᠠᠩ ᠨᠢ ᠵᠥᠪᠬᠡᠨ ᠬᠡᠳᠦᠨ ᠰᠠᠨᠲ᠋ᠢᠮᠧᠲᠷ ᠪᠠᠶᠢᠵᠤ᠂ | ᠮᠠᠨ ᠤ ᠡᠨᠡ ᠬᠦ ᠳᠠᠯᠠᠩ ᠤᠨ ᠳᠣᠣᠷ᠎ᠠ ᠠᠴᠠ ᠳᠡᠭᠡᠷ᠎ᠡ ᠬᠦᠷᠲᠡᠯ᠎ᠡ ᠨᠡᠯᠢᠶᠡᠳ ᠥᠨᠳᠥᠷ ᠪᠠᠶᠢᠳᠠᠭ᠂ ᠲᠡᠷᠡ ᠮᠥᠷᠲᠡᠭᠡᠨ | ᠮᠠᠰᠢᠨ ᠢ ᠨᠢᠭᠡ ᠯᠡ ᠤᠳᠠᠭ᠎ᠠ ᠳᠤ ᠬᠢᠵᠦ ᠳᠠᠭᠤᠰᠬᠠᠪᠠ᠂ ᠳᠠᠯᠠᠩ ᠤᠨ ᠭᠠᠳᠠᠷᠭᠤ ᠨᠢ ᠰᠢᠷᠡᠭᠡᠨ ᠨᠢᠭᠤᠷ ᠰᠢᠭ᠋ ᠲᠤᠩ | ᠲᠡᠭᠰᠢ ᠪᠠᠶᠢᠵᠤ᠂ ᠶᠠᠭ ᠰᠠᠶᠢᠬᠠᠨ ᠲᠥᠪ ᠭᠤᠣᠯᠴᠢ᠂ ᠲᠠᠷᠢᠬᠤ ᠳᠤ ᠳᠥᠭᠦᠮ ᠪᠠᠶᠢᠳᠠᠭ︾᠃ ᠬᠠᠷᠢᠭᠤᠴᠠᠯᠭᠠᠲᠠᠨ ᠯᠦ | ᠶᠦᠩ ᠸᠠᠩ᠄ ︽ᠮᠠᠰᠢᠨᠴᠢᠯᠠᠯᠲᠠ ᠪᠠᠷ ᠳᠠᠷᠢᠬᠤ ᠶᠢᠨ ᠨᠥᠭᠦᠭᠡ ᠨᠢᠭᠡ ᠰᠠᠶᠢᠨ ᠲᠠᠯ᠎ᠠ ᠨᠢ ᠳᠠᠷᠤᠶ ᠤᠰᠤ ᠵᠠᠯᠠᠬᠤ ᠳᠤ | ᠲᠥᠬᠦᠮ ᠪᠠᠶᠢᠵᠤ᠂ ᠰᠡᠭᠦᠯᠴᠢ ᠶᠢᠨ ᠬᠤᠭᠤᠴᠠᠭᠠᠨ ᠤ ᠮᠠᠯᠲᠠᠬᠤ ᠳᠤ ᠪᠠᠰᠠ ᠮᠠᠰᠢᠨᠴᠢᠯᠠᠯᠲᠠ ᠪᠠᠷ ᠬᠡᠷᠡᠭᠯᠡᠵᠦ ᠪᠣᠯᠤᠨ᠎ᠠ︾ | ᠭᠡᠵᠦ ᠬᠡᠯᠡᠪᠡ᠃ | ᠠᠳᠠᠯᠢᠬᠠᠨ ᠢᠶᠠᠷ ᠮᠠᠰᠢᠨᠴᠢᠯᠠᠯᠲᠠ ᠪᠠᠷ ᠠᠵᠢᠯᠯᠠᠬᠤ ᠳᠠᠰᠬᠠᠯ ᠳᠤ ᠪᠠᠰᠠ ᠲᠥᠮᠥᠰᠥᠨ ᠤ ᠦᠷ᠎ᠡ ᠬᠡᠷᠴᠢᠬᠦ ᠠᠵᠢᠯ | ᠪᠠᠶᠢᠵᠤ᠄ ᠲᠠᠰᠤᠷᠠᠯᠲᠠ ᠥᠬᠡᠶ ᠠᠵᠢᠯᠯᠠᠭᠠᠨ ᠤ ᠳᠠᠮᠵᠢᠭᠤᠯᠠᠬᠤ ᠪᠦᠰᠡ ᠶᠢᠨ ᠬᠤᠶᠠᠷ ᠬᠠᠵᠠᠭᠤ ᠳᠤ᠂ ᠬᠡᠳᠦᠨ | ᠡᠮᠡᠭᠲᠡᠶᠢᠴᠦᠳ ᠬᠢᠲᠤᠭ᠎ᠠ ᠪᠠᠷᠢᠵᠤ ᠪᠣᠯᠪᠠᠰᠤᠷᠠᠩᠭᠤᠶ ᠪᠠᠷ᠂ ᠬᠢᠳᠤᠭ᠎ᠠ ᠡᠷᠭᠦᠵᠦ ᠬᠢᠲᠤᠭ᠎ᠠ ᠲᠠᠯᠪᠢᠬᠤ ᠭᠱᠠᠨ ᠵᠠᠭᠤᠷ᠎ᠠ᠂ | ᠨᠢᠭᠡ ᠨᠢᠭᠡ ᠪᠠᠷ ᠲᠥᠮᠥᠰᠥ ᠨᠢ ᠨᠠᠷᠢᠯᠢᠭ ᠣᠨᠣᠪᠴᠢᠲᠠᠢ ᠪᠠᠷ ᠲᠥᠮᠥᠰᠥ ᠶᠢᠨ ᠬᠡᠰᠡᠭ ᠪᠣᠯᠣᠨ ᠬᠡᠷᠴᠢᠭᠳᠡᠵᠦ᠂ | ᠰᠠᠶᠢᠨ᠂ ᠮᠠᠭᠤᠲᠠᠶ ᠲᠥᠮᠥᠰᠥ ᠨᠢ ᠳᠠᠮᠵᠢᠭᠤᠯᠬᠤ ᠪᠦᠰᠡ ᠶᠢᠨ ᠦᠢᠯᠡᠳᠦᠯ ᠳᠤᠤᠷ᠎ᠠ ᠲᠣᠰ ᠲᠣᠰ ᠠᠳᠠᠯᠢ ᠪᠤᠰᠤ | ᠭᠠᠵᠠᠷ ᠲᠤ ︽ᠣᠴᠢᠪᠠ︾᠃ ᠬᠠᠷᠢᠭᠤᠴᠠᠯᠭᠠᠳᠠᠨ᠂ ᠡᠨᠡ ᠬᠦ ᠦᠢᠯᠡᠳᠪᠦᠷᠢᠯᠡᠯ ᠤᠨ ᠱᠤᠭᠤᠮ ᠢ ᠪᠠᠰᠤᠵᠤ ᠪᠣᠯᠬᠤ | ᠦᠭᠡᠢ᠂ ᠡᠶᠢᠮᠦ ᠨᠢᠭᠡ ᠮᠠᠰᠢᠨ ᠲᠠᠢ ᠪᠣᠯᠴᠢᠬᠠᠪᠠᠯ᠂ ᠬᠡᠷᠴᠢᠬᠦ᠂ ᠬᠤᠯᠢᠵᠤ ᠲᠠᠷᠢᠬᠤ᠂ ᠤᠭᠤᠳᠠᠯᠬᠤ ᠵᠡᠷᠭᠡ | ᠶᠠᠪᠤᠴᠠ ᠶᠢ ᠰᠢᠭᠤᠳ ᠪᠡᠶᠡᠯᠡᠭᠦᠯᠵᠦ᠂ ᠬᠦᠮᠦᠨ ᠤ ᠬᠦᠴᠦ ᠶᠢ ᠠᠷᠪᠢᠯᠠᠭᠰᠠᠨ ᠮᠦᠷᠲᠡᠭᠡᠨ ᠦᠷ᠎ᠡ ᠪᠦᠲᠦᠮᠵᠢ ᠶᠢ ᠴᠦ | ᠳᠡᠭᠡᠭᠰᠢᠯᠡᠭᠦᠯᠵᠡᠢ ᠭᠡᠵᠦ ᠲᠠᠨᠢᠯᠴᠠᠭᠤᠯᠪᠠ᠃ | ᠯᠦ ᠶᠦᠩ ᠸᠠᠩ᠄ ︽ᠡᠨᠡ ᠬᠡᠳᠦᠨ ᠡᠳᠦᠷ᠂ ᠮᠠᠨ ᠤ ᠬᠤᠷᠰᠢᠶ᠎ᠠ ᠶᠠᠭ ᠰᠢᠷ᠎ᠠ ᠯᠤᠤᠪᠠᠩ ᠲᠠᠷᠢᠵᠤ ᠪᠠᠶᠢᠨ᠎ᠠ᠂ | 1000 ᠮᠦ ᠲᠠᠷᠢᠬᠤ ᠪᠠᠷ ᠲᠥᠯᠥᠪᠯᠡᠵᠦ ᠪᠠᠶᠢᠨ᠎ᠠ᠃ ᠡᠨᠡ ᠵᠢᠯ ᠪᠢᠳᠡ ᠪᠠᠰᠠ 1500 ᠮᠥ ᠲᠦᠮᠦᠰᠦ᠂ 2300 | ᠮᠥ ᠪᠧᠢ ᠪᠧᠢ ᠨᠠᠩᠭᠤᠸᠠ᠂ 500 ᠮᠥ ᠡᠮ ᠤᠨ ᠮᠠᠲ᠋ᠧᠷᠢᠶᠠᠯ ᠤᠨ ᠦᠷ᠎ᠡ ᠲᠠᠷᠢᠬᠤ ᠪᠠᠷ ᠲᠥᠯᠥᠪᠯᠡᠵᠦ ᠪᠣᠶ᠂ | ᠡᠭᠦᠨ ᠳᠤ ᠭᠤᠤᠯᠳᠠᠭᠤ ᠨᠠᠮ ᠤᠨ ᠣᠷᠬᠤᠳᠠᠢ ᠪᠠ ᠬᠤᠨᠴᠢᠷ ᠪᠣᠯᠤᠨ᠎ᠠ᠃ ᠡᠨᠡ ᠬᠡᠳᠦᠨ ᠵᠢᠯ ᠳᠤ᠂ ᠪᠢᠳᠡ ᠢᠮᠠᠭᠲᠠ | ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠤᠨ | ᠦᠢᠯᠡᠳᠪᠦᠷᠢᠯᠡᠯ ᠤᠨ ᠴᠢᠳᠠᠪᠤᠷᠢ ᠣᠯᠭᠤᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠲᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠠᠶᠢᠨ᠎ᠠ︾ ᠭᠡᠵᠦ ᠲᠠᠨᠢᠯᠴᠠᠭᠤᠯᠪᠠ᠃ | ᠰᠢᠪᠡᠷᠬᠦᠷᠢᠶ᠎ᠡ ᠪᠠᠯᠭᠠᠰᠤᠨ ᠤ ᠬᠤᠩ ᠵᠢᠩ ᠲᠠᠨ ᠲᠣᠰᠬᠤᠨ ᠳᠤ᠂ ᠵᠠᠬᠢᠶᠠᠯᠠᠭ᠎ᠠ ᠶᠢᠨ ᠰᠢᠬᠢᠷ ᠨᠣᠭᠤᠭ᠎ᠠ | ᠲᠠᠷᠢᠬᠤ ᠠᠵᠢᠯ ᠴᠤ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠰᠢᠬᠢᠷ ᠨᠣᠭᠤᠭ᠎ᠠ ᠲᠠᠷᠢᠬᠤ ᠮᠠᠰᠢᠨ ᠨᠢ | ᠲᠠᠷᠢᠶᠠᠨ ᠭᠠᠵᠠᠷ ᠲᠤ ᠨᠠᠭᠠᠰᠢ ᠴᠠᠭᠠᠰᠢ ᠰᠦᠯᠵᠢᠯᠳᠦᠨ᠂ ᠮᠠᠰᠢᠨ ᠤ ︽ᠨᠢᠵᠢᠭᠢᠨᠡᠬᠦ︾ ᠲᠠᠭᠤᠨ ᠢ ᠳᠠᠭᠠᠯᠳᠤᠨ᠂ | ᠨᠢᠭᠡ ᠮᠥᠬᠦᠯᠢᠭ ᠰᠢᠬᠢᠷ ᠨᠣᠭᠤᠭᠠᠨ ᠤ ᠦᠷ᠎ᠡ ᠶᠢ ᠨᠠᠷᠢᠯᠢᠭ ᠣᠨᠣᠪᠴᠢᠲᠠᠢ ᠪᠠᠷ ᠰᠠᠴᠤᠵᠤ ᠥᠩ ᠰᠢᠮᠡᠯᠢᠭ ᠭᠠᠵᠠᠷ | ᠰᠢᠷᠣᠶ ᠳᠤ ᠰᠠᠴᠤᠵᠤ᠂ ᠳᠤᠰᠤᠯᠭᠠᠨ ᠤᠰᠤᠯᠠᠬᠤ ᠪᠦᠰᠡ᠂ ᠲᠠᠷᠢᠬᠤ᠂ ᠰᠢᠷᠣᠶ ᠪᠥᠷᠬᠦᠬᠦ᠂ ᠲᠡᠭᠰᠢᠯᠡᠬᠦ ᠵᠡᠷᠭᠡ | ᠠᠵᠢᠯ ᠤᠨ ᠡᠮᠬᠢ ᠵᠠᠮᠪᠠᠷᠠᠭ᠎ᠠ ᠲᠠᠢ ᠪᠠᠷ ᠵᠠᠯᠭᠠᠭ᠎ᠠ ᠪᠠᠷ ᠪᠡᠶᠡᠯᠡᠭᠦᠯᠵᠦ᠂ ᠮᠠᠰᠢᠨᠴᠢᠯᠠᠭᠰᠠᠨ ᠠᠵᠢᠯ ᠨᠢ ᠥᠨᠳᠥᠷ | ᠪᠦᠲᠦᠮᠵᠢᠲᠡᠶ ᠪᠠ ᠳᠥᠭᠦᠮ ᠳᠥᠲᠡ ᠪᠠᠶᠢᠬᠤ ᠶᠢ ᠢᠯᠡᠷᠡᠭᠦᠯᠵᠦ᠂ ᠰᠢᠬᠢᠷ ᠨᠣᠭᠤᠭ᠎ᠠ ᠳᠠᠷᠢᠬᠤ ᠳᠤ ᠬᠦᠴᠦᠲᠡᠶ | ᠪᠠᠲᠤᠯᠠᠭ᠎ᠠ ᠬᠠᠩᠭᠠᠭᠰᠠᠨ ᠪᠠᠶᠢᠨ᠎ᠠ᠃ ᠥᠩᠭᠡᠷᠡᠭᠰᠡᠨ ᠵᠢᠯ ᠤᠳ ᠲᠠᠢ ᠠᠳᠠᠯᠢ ᠪᠠᠷ᠂ ᠠᠯᠢ ᠡᠷᠲᠡ ᠡᠨᠡ ᠵᠢᠯ ᠤᠨ | ᠰᠢᠬᠢᠷ ᠨᠣᠭᠤᠭ᠎ᠠ ᠲᠠᠷᠢᠬᠤ ᠠᠵᠢᠯ ᠢ ᠥᠷᠨᠢᠭᠦᠯᠬᠦ ᠠᠴᠠ ᠡᠮᠦᠨ᠎ᠡ᠂ ᠲᠠᠷᠢᠮᠠᠯ ᠤᠨ ᠡᠷᠦᠬᠡ ᠠᠯᠢ ᠡᠷᠲᠡ ᠰᠢᠬᠢᠷ ᠤᠨ | ᠦᠢᠯᠡᠳᠪᠦᠷᠢ ᠲᠠᠢ ᠲᠠᠷᠢᠬᠤ ᠭᠡᠷ᠎ᠡ ᠲᠣᠭᠲᠠᠵᠠᠢ᠂ ᠡᠨᠡ ᠨᠢ ᠲᠣᠰᠬᠤᠨ ᠤ ᠠᠷᠠᠳ ᠤᠨ ︽ᠰᠡᠳᠬᠢᠯ ᠢ | ᠠᠮᠤᠷᠵᠢᠭᠤᠯᠤᠭᠰᠠᠨ︾ ᠪᠠᠶᠢᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ | ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠳ᠋ᠦᠩ ᠫᠦ᠋᠄ ︽2025 ᠣᠨ ᠳᠤ᠂ ᠪᠥᠬᠦ | ᠬᠤᠰᠢᠭᠤᠨ ᠤ ᠲᠠᠷᠢᠮᠠᠯ ᠵᠢᠱᠢᠯᠲᠡ ᠪᠠᠷ 100 ᠲᠦᠮᠡᠨ ᠮᠥ ᠳᠠᠷᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ 53 | ᠲᠦᠮᠡᠨ ᠮᠥ᠂ ᠲᠣᠰᠣᠯᠢᠭ ᠲᠠᠷᠢᠮᠠᠯ 25 ᠲᠦᠮᠡᠨ ᠮᠥ᠂ ᠬᠢᠲᠠᠳ ᠡᠮ ᠤᠨ ᠮᠠᠲ᠋ᠧᠷᠢᠶᠠᠯ 7 ᠲᠦᠮᠡᠨ ᠮᠥ᠂ ᠴᠢᠨᠠᠷ | ᠰᠠᠶᠢᠲᠠᠶ ᠲᠡᠵᠢᠭᠡᠯ ᠡᠪᠡᠰᠦ 13 ᠲᠦᠮᠡᠨ ᠮᠥ᠂ ᠰᠢᠬᠢᠷᠯᠢᠭ ᠲᠠᠷᠢᠮᠠᠯ 1.3 ᠲᠦᠮᠡᠨ ᠮᠥ᠂ ᠭᠤᠸ᠎ᠠ ᠵᠢᠮᠢᠰ ᠢᠳᠡᠰᠢᠨ | ᠨᠣᠭᠤᠭ᠎ᠠ 0.47 ᠲᠦᠮᠡᠨ ᠮᠥ ᠪᠣᠶ᠃ ᠪᠦᠷᠢᠳᠬᠡᠯ ᠢ ᠦᠨᠳᠦᠰᠦᠯᠡᠪᠡᠯ᠂ ᠬᠢᠮᠢ ᠶᠢᠨ ᠪᠤᠷᠳᠤᠭᠤᠷ᠂ ᠦᠷ᠎ᠡ᠂ | ᠲᠠᠷᠢᠶᠠᠨ ᠡᠮ᠂ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠦᠷᠢᠮᠦᠰᠦᠨ ᠬᠠᠩᠭᠠᠵᠤ | ᠴᠢᠳᠠᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠪᠣᠭᠤᠳᠠᠶ ᠶᠢᠨ ᠨᠢᠭᠡᠨᠲᠡ ᠲᠠᠷᠢᠭᠰᠠᠨ ᠲᠠᠯᠠᠪᠠᠶ 9.8 | ᠲᠦᠮᠡᠨ ᠮᠥ᠂ ᠯᠤᠤᠪᠠᠩ ᠨᠢᠭᠡᠨᠲᠡ ᠲᠠᠷᠢᠭᠰᠠᠨ ᠲᠠᠯᠠᠪᠠᠶ 500 ᠮᠥ᠂ ᠰᠢᠬᠢᠷ ᠨᠣᠭᠤᠭ᠎ᠠ ᠶᠢᠨ ᠨᠢᠭᠡᠨᠲᠡ ᠲᠠᠷᠢᠭᠰᠠᠨ | ᠲᠠᠯᠠᠪᠠᠶ 5700 ᠮᠥ ᠪᠣᠯᠤᠨ᠎ᠠ᠃ ᠡᠷᠳᠡᠨᠢ ᠰᠢᠰᠢ᠂ ᠨᠡᠷᠡᠨ ᠬᠤᠸᠠᠷ᠂ ᠲᠥᠮᠥᠰᠥ ᠶᠢᠨ ᠲᠠᠷᠢᠮᠠᠯ ᠤᠨ ᠭᠠᠵᠠᠷ ᠢ | ᠨᠢᠭᠡᠨᠲᠡ ᠲᠠᠷᠢᠶᠠᠨ ᠭᠠᠵᠠᠷ ᠲᠤ ᠭᠠᠵᠠᠷ ᠲᠡᠭᠰᠢᠯᠡᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠵᠡᠶ︾ ᠭᠡᠵᠦ ᠬᠡᠯᠡᠪᠡ᠃ | | ᠠᠵᠤ ᠦᠢᠯᠡᠰ ᠬᠥᠭᠵᠢᠭᠰᠡᠨ᠂ ᠠᠮᠢ ᠠᠬᠤᠢ ᠰᠠᠶᠢᠬᠠᠨ᠂ ᠠᠷᠠᠳ ᠢᠷᠭᠡᠳ ᠪᠠᠶᠠᠨ ᠴᠢᠨᠡᠭᠡᠯᠢᠭ᠂ ᠳᠠᠷᠬᠠᠨ | ᠮᠤᠤᠮᠢᠩᠭᠠᠨ ᠤ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠤᠲᠤᠭ ᠳᠡᠪᠢᠰᠬᠡᠷ ᠳᠡᠭᠡᠷ᠎ᠡ᠂ ᠲᠣᠰᠬᠤᠨ ᠤ | ᠠᠷᠠᠳ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠬᠠᠪᠤᠷ ᠤᠨ ᠦᠯᠢᠭᠡᠷ ᠪᠢᠴᠢᠭᠯᠡᠵᠦ᠂ ᠬᠦᠴᠦ | ᠬᠥᠯᠥᠰᠥ ᠪᠠᠷ ᠢᠶᠠᠨ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢ ᠤᠰᠤᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠵᠡᠰᠬᠦᠯᠡᠩᠲᠦ ᠰᠠᠶᠢᠬᠠᠨ ᠵᠢᠷᠤᠭ ᠢ ᠶᠠᠭ ᠵᠢᠷᠤᠭᠯᠠᠵᠤ ᠪᠠᠶᠢᠨ᠎ᠠ ᠁ |