ᠣᠯᠠᠨ ᠭᠠᠵᠠᠷ ᠤᠨ ᠬᠢᠨ᠄ ᠡᠷᠡᠭᠲᠡᠶ ᠶᠢᠨ ᠨᠠᠰᠤ ᠶᠢ 68᠂ ᠡᠮᠡᠭᠲᠡᠶ ᠶᠢᠨ ᠨᠠᠰᠤ ᠶᠢ 63 ᠬᠦᠷᠲᠡᠯ᠎ᠡ ᠤᠷᠲᠤᠳᠬᠠᠨ᠎ᠠ ᠭᠡᠵᠦ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2025/5/21
      ᠣᠶᠢᠯᠠᠭᠠᠭᠰᠠᠨ ᠢᠶᠠᠷ᠂ ᠪᠡᠭᠡᠵᠢᠩ᠂ ᠰᠢ ᠠᠨ᠂ ᠺᠦᠨᠮᠢᠩ᠂ ᠴᠢᠩᠳᠣᠤ ᠵᠡᠷᠭᠡ ᠭᠠᠵᠠᠷ ᠤᠨ ᠬᠢᠨ ᠨᠢᠭᠡᠨᠲᠡ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠤᠭᠤᠴᠠᠭ᠎ᠠ ᠲᠤᠯᠬᠤ ᠨᠠᠰᠤᠨ ᠤ ᠳᠡᠭᠡᠳᠦ ᠬᠢᠵᠠᠭᠠᠷ ᠢ ᠨᠡᠶᠢᠳᠡᠮ ᠳᠡᠭᠡᠨ ᠡᠷᠡᠭᠲᠡᠶ ᠶᠢᠨ ᠨᠠᠰᠤ ᠶᠢ 68 ᠂ ᠡᠮᠡᠭᠲᠡᠶ ᠶᠢᠨ ᠨᠠᠰᠤ ᠶᠢ 63 ᠬᠦᠷᠳᠡᠯ᠎ᠡ ᠤᠷᠳᠤᠳᠬᠠᠬᠤ ᠪᠤᠶᠤ ᠡᠰᠡᠬᠦᠯ᠎ᠡ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠪᠣᠯᠤᠭᠰᠠᠨ ᠤ ᠳᠠᠷᠠᠭᠠᠬᠢ 5 ᠵᠢᠯ ᠪᠣᠯᠲᠠᠯ᠎ᠠ ᠤᠷᠲᠤᠳᠬᠠᠵᠤ᠂ ᠤᠯᠤᠰ ᠠᠴᠠ ᠠᠵᠢᠯ ᠠᠴᠠ ᠪᠠᠨ ᠠᠮᠠᠷᠠᠬᠤ ᠨᠠᠰᠤ ᠶᠢ ᠢᠳᠡᠭ ᠢᠳᠡᠭ ᠢᠶᠠᠷ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠲᠣᠬᠢᠷᠠᠭᠤᠯᠬᠤ ᠪᠠᠷ ᠪᠤᠢ᠃       ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠢᠯᠡᠷᠡᠨ ᠭᠠᠷᠤᠬᠰᠠᠨ ᠭᠤᠷᠪᠠᠨ ᠶᠡᠭᠡ ᠣᠨᠴᠠᠯᠢᠭ ᠢ ᠬᠤᠷᠢᠶᠠᠩᠭᠤᠶᠢᠯᠠᠪᠠᠯ᠂ ᠣᠯᠠᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠭᠤᠷᠪᠠᠨ ᠶᠡᠭᠡ ᠣᠨᠴᠠᠯᠢᠭ ᠢᠯᠡᠷᠡᠪᠡ᠄ ᠨᠢᠭᠡ ᠳᠤ ᠨᠡᠶᠢᠳᠡᠮ ᠳᠡᠭᠡᠨ ᠨᠠᠰᠤᠨ ᠤ ᠲᠡᠭᠡᠳᠦ ᠬᠢᠵᠠᠭᠠᠷ ᠢ ᠡᠷᠡᠭᠳᠡᠢ ᠶᠢᠨ ᠬᠢ ᠶᠢ 68 ᠨᠠᠰᠤ ᠂ ᠡᠮᠡᠭᠲᠡᠶ ᠶᠢᠨ ᠬᠢ ᠶᠢ 63 ᠨᠠᠰᠤ ᠬᠦᠷᠲᠡᠯ᠎ᠡ ᠤᠷᠲᠤᠳᠬᠠᠬᠤ︔ ᠬᠤᠶᠠᠷ ᠲᠤ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ + 5 ᠵᠢᠯ︾ ᠤᠨ ᠳᠠᠪᠬᠤᠷ ᠬᠢᠵᠠᠭᠠᠷᠯᠠᠬᠤ ᠲᠣᠭᠲᠠᠴᠠ ᠶᠢ ᠪᠤᠶ ᠪᠣᠯᠭᠠᠬᠤ︔ ᠭᠤᠷᠪᠠ ᠳᠤ ᠤᠯᠤᠰ ᠠᠴᠠ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠲᠠᠢ ᠵᠡᠷᠭᠡᠪᠡᠷ ᠬᠡᠷᠡᠭᠵᠢᠭᠦᠯᠬᠦ ᠪᠤᠯᠤᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号