ᠵᠤᠨ ᠤ ᠡᠬᠢ ᠪᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 3 ᠰᠠᠭᠤᠷᠢ ᠴᠢᠬᠢ ᠪᠤᠶᠢᠵᠢᠭᠤᠯᠬᠤ ᠬᠦᠯᠡᠮᠵᠢ ᠳᠤ | ᠣᠷᠣᠵᠤ ᠦᠵᠡᠭᠦ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠳᠠᠯ ᠢᠯᠡᠷᠡᠪᠡ᠃ ᠲᠣᠭᠲᠠᠮᠠᠯ ᠳᠤᠯᠠᠭᠠᠨ | ᠳᠣᠭᠲᠠᠮᠠᠯ ᠴᠢᠭᠢᠭ ᠤᠨ ᠣᠷᠴᠢᠨ ᠳᠤ 21 ᠲᠦᠮᠡᠨ ᠢᠦᠢ ᠮᠧᠢ ᠷᠧᠨ᠂ ᠰᠠᠺᠦᠷᠠ᠂ ᠮᠣᠷᠢᠨ ᠯᠢᠩᠬᠸ᠎ᠠ ᠵᠡᠷᠭᠡ | ᠤᠨᠴᠠᠯᠢᠬᠳᠤ ᠴᠡᠴᠡᠭ ᠤᠨ ᠨᠢᠯᠬ᠎ᠠ ᠴᠢᠬᠢ ᠢᠳᠡᠷᠡᠭᠦᠨ ᠢᠶᠠᠷ ᠦᠰᠦᠨ ᠪᠤᠶᠢᠵᠢᠵᠤ᠂ ᠠᠵᠢᠯᠴᠢᠳ ᠡᠮᠬᠢ | ᠵᠠᠮᠪᠠᠷᠠᠭ᠎ᠠ ᠲᠠᠢ ᠪᠠᠷ ᠰᠢᠷᠣᠢ ᠬᠤᠯᠢᠬᠤ᠂ ᠲᠠᠪᠠᠭᠯᠠᠨ ᠴᠢᠮᠡᠭᠯᠡᠬᠦ᠂ ᠰᠤᠯᠠ ᠡᠪᠡᠰᠦ ᠶᠢ ᠨᠢ ᠠᠷᠢᠯᠭᠠᠬᠤ ᠵᠡᠷᠭᠡ ᠠᠵᠢᠯ ᠢ | ᠬᠢᠵᠦ᠂ ᠬᠤᠳᠠ ᠪᠠᠯᠭᠠᠰᠤᠨ ᠤ ᠦᠵᠡᠮᠵᠢ ᠶᠢᠨ ᠪᠦᠳᠦᠭᠡᠨ ᠪᠠᠶᠢᠭᠤᠯᠤᠯᠲᠠ ᠳᠤ ︽ᠪᠣᠬᠢᠷᠲᠤᠯ ᠦᠭᠡᠢ ᠬᠥᠳᠡᠯᠭᠡᠬᠦ | ᠬᠦᠴᠦᠨ︾ ᠢ ᠬᠤᠷᠠᠮᠳᠤᠭᠤᠯᠵᠤ ᠥᠭᠴᠡᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠲᠤ᠂ ᠳᠤᠯᠠᠭᠠᠨ ᠪᠥᠭᠡᠳ ᠴᠢᠭᠢᠭᠯᠢᠭ | ᠠᠭᠤᠷ ᠠᠮᠢᠰᠬᠤᠯ ᠳᠤ ᠰᠢᠪᠠᠷ ᠰᠢᠷᠣᠢ ᠶᠢᠨ ᠦᠨᠦᠷ ᠬᠠᠩᠬᠤᠯᠤᠨ᠎ᠠ᠃ ᠠᠵᠢᠯᠲᠠᠨ ᠤ ᠲᠠᠨᠢᠯᠴᠠᠭᠤᠯᠤᠭᠰᠠᠨ ᠢᠶᠠᠷ᠂ ︽ | ᠪᠢᠳᠡ ᠵᠢᠯ ᠤᠨ ᠡᠬᠢᠨ ᠠᠴᠠ ᠡᠬᠢᠯᠡᠨ ᠬᠦᠯᠡᠮᠵᠢ ᠶᠢ ᠪᠥᠬᠦ ᠲᠠᠯ᠎ᠠ ᠪᠠᠷ ᠠᠷᠢᠭᠤᠳᠬᠠᠵᠤ᠂ ᠰᠢᠨᠵᠢᠯᠡᠬᠦ ᠤᠬᠠᠭᠠᠨᠴᠢ ᠪᠠᠷ | ᠳᠣᠬᠢᠷᠠᠭᠤᠯᠤᠭᠰᠠᠨ ᠰᠢᠮ᠎ᠡ ᠳᠡᠵᠢᠭᠡᠯ ᠤᠨ ᠬᠥᠷᠥᠰᠥ ᠶᠢ ᠬᠡᠷᠡᠭᠯᠡᠵᠦ᠂ ᠦᠷ᠎ᠡ ᠨᠢᠭᠡᠪᠦᠷᠢ ᠶᠢ ᠴᠥᠮ ᠢᠳᠡᠷᠡᠭᠦᠨ ᠢᠶᠠᠷ | ᠦᠰᠦᠨ ᠪᠤᠶᠢᠵᠢᠭᠤᠯᠬᠤ ᠶᠢ ᠦᠨᠡᠨ ᠬᠦ ᠪᠠᠳᠣᠯᠠᠪᠠ︾ ᠭᠡᠵᠡᠶ᠃ ᠠᠳᠡ ᠳᠤᠯᠠᠭᠠᠨ ᠤ ᠬᠡᠮᠵᠢᠶ᠎ᠡ᠂ ᠴᠢᠭᠢᠭᠲᠦᠴᠡ᠂ | ᠭᠡᠷᠡᠯ ᠤᠨ ᠲᠤᠰᠤᠯᠲᠠ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠥᠮ ᠨᠠᠷᠢᠯᠢᠭ ᠣᠨᠣᠴᠠᠲᠠᠶ ᠪᠠᠷ | ᠲᠣᠬᠢᠷᠠᠭᠤᠯᠤᠨ ᠡᠵᠡᠮᠳᠡᠵᠦ᠂ ᠠᠵᠢᠯᠴᠢᠳ ᠪᠣᠳᠠᠲᠤ ᠪᠠᠶᠢᠳᠠᠯ ᠢᠶᠠᠨ ᠦᠨᠳᠦᠰᠦᠯᠡᠨ ᠠᠷᠠᠴᠢᠯᠠᠨ ᠬᠠᠮᠠᠭᠠᠯᠠᠬᠤ | ᠲᠥᠰᠦᠯ ᠢᠶᠠᠨ ᠴᠠᠭ ᠲᠤᠬᠠᠶ ᠳᠤᠨᠢ ᠲᠣᠬᠢᠷᠠᠭᠤᠯᠵᠤ᠂ ᠴᠡᠴᠡᠭ ᠤᠨ ᠨᠢᠯᠬ᠎ᠠ ᠴᠢᠬᠢ ᠶᠢ ᠬᠠᠮᠤᠭ ᠤᠨ ᠲᠣᠬᠢᠷᠠᠮᠵᠢᠲᠠᠶ | ᠣᠷᠴᠢᠨ ᠲᠣᠭᠤᠷᠢᠨ ᠳᠤ ᠥᠰᠬᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠡᠲᠡᠭᠡᠷ ︽ᠲᠠᠯ᠎ᠠ ᠨᠤᠲᠤᠭ ᠤᠨ ᠣᠨᠴᠠᠯᠢᠭᠳᠣ︾ ᠬᠤᠸᠠᠷ ᠴᠡᠴᠡᠭ 5 ᠰᠠᠷ᠎ᠠ ᠶᠢᠨ | ᠳᠤᠮᠳᠠᠴᠢ ᠪᠠᠷ ᠵᠠᠯᠭᠠᠭ᠎ᠠ ᠪᠠᠷ ︽ᠠᠵᠢᠯ ᠤᠨ ᠪᠠᠶᠢᠷᠢ ᠳᠤ ᠭᠠᠷᠴᠤ︾᠂ ᠬᠤᠲᠠ ᠶᠢᠨ ᠲᠣᠭᠤᠷᠢᠭ ᠤᠨ ᠭᠤᠤᠯ ᠵᠡᠭᠡᠯᠢ | ᠭᠤᠳᠤᠮᠵᠢ ᠪᠠ ᠴᠡᠴᠡᠷᠯᠢᠭ ᠤᠨ ᠠᠭᠤᠳᠠᠮ ᠲᠠᠯᠠᠪᠠᠶ ᠶᠢ ᠴᠢᠮᠡᠭᠯᠡᠬᠦ ᠪᠣᠯᠤᠨ᠎ᠠ᠃ ᠪᠡᠶ᠎ᠡ ᠪᠠᠨ ᠳᠠᠭᠠᠭᠠᠵᠤ ᠴᠢᠬᠢ | ᠪᠦᠵᠢᠭᠤᠯᠬᠤ ᠪᠠᠷ ᠳᠠᠮᠵᠢᠨ ᠲᠥᠷᠥᠯ ᠵᠦᠢᠯ ᠢ ᠰᠢᠯᠢᠳᠡᠭᠵᠢᠭᠦᠯᠬᠦ ᠪᠠ ᠥᠪᠡᠷ ᠤᠨ ᠥᠷᠲᠡᠭ ᠢ ᠪᠠᠭᠠᠰᠬᠠᠬᠤ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠸᠠᠷ ᠴᠡᠴᠡᠭ ᠤᠨ ᠵᠣᠬᠢᠴᠠᠬᠤ ᠴᠢᠨᠠᠷ ᠪᠠ ᠡᠳᠡᠭᠡᠷᠡᠭᠦ ᠨᠣᠷᠮ᠎ᠠ ᠶᠢ | ᠳᠡᠭᠡᠭᠰᠢᠯᠡᠭᠦᠯᠵᠥ᠂ ᠨᠣᠭᠤᠭᠠᠷᠠᠭᠤᠯᠤᠯᠲᠠ ᠶᠢᠨ ᠣᠷᠣᠭᠤᠯᠤᠯᠲᠠ ᠨᠢᠭᠡᠪᠦᠷᠢ ᠶᠢᠨ ᠬᠠᠮᠤᠭ ᠤᠨ ᠶᠡᠭᠡ ᠦᠷ᠎ᠡ ᠠᠰᠢᠭ ᠢ | ᠪᠠᠳᠠᠷᠠᠭᠤᠯᠵᠠᠢ᠃ ︽ᠪᠢᠳᠡ ᠴᠡᠴᠡᠷᠯᠢᠭ ᠤᠨ ᠲᠠᠯᠠᠪᠠᠶ ᠶᠢᠨ ᠠᠳᠠᠯᠢ ᠪᠤᠰᠤ ᠣᠷᠣᠨ ᠪᠦᠰᠡ ᠪᠠ ᠵᠢᠷᠤᠵᠤ ᠲᠥᠯᠥᠪᠯᠡᠬᠦ | ᠬᠡᠪ ᠨᠠᠮᠪᠠ ᠶᠢ ᠦᠨᠳᠦᠰᠦᠯᠡᠨ᠂ ᠴᠡᠴᠡᠭ ᠤᠨ ᠨᠢᠯᠬ᠎ᠠ ᠴᠢᠬᠢ ᠶᠢ ᠵᠦᠶ ᠵᠣᠬᠢᠰᠲᠠᠶ ᠲᠣᠬᠢᠷᠠᠭᠤᠯᠤᠨ᠎ᠠ︾ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠶᠡᠭᠡ ᠠᠩᠭᠢ ᠶᠢᠨ ᠳᠠᠷᠤᠭ᠎ᠠ ᠴᠧᠨ ᠰᠢ ᠢᠯᠡᠷᠬᠡᠶᠢᠯᠡᠵᠤ ︽ᠲᠠᠷᠢᠭᠰᠠᠨ ᠤ ᠳᠠᠷᠠᠭ᠎ᠠ᠂ ᠪᠢᠳᠡ ᠲᠤᠰᠬᠠᠶ ᠮᠡᠷᠭᠡᠵᠢᠯ ᠤᠨ | ᠠᠷᠠᠴᠢᠯᠠᠨ ᠬᠠᠮᠠᠭᠠᠯᠠᠬᠤ ᠠᠵᠢᠯᠲᠠᠨ ᠳᠣᠭᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠰᠤᠯᠠᠬᠤ᠂ ᠪᠣᠷᠲᠣᠭᠤᠷ | ᠣᠷᠣᠭᠤᠯᠬᠤ᠂ ᠬᠠᠶᠢᠴᠢᠯᠠᠨ ᠵᠠᠰᠠᠬᠤ ᠵᠡᠷᠭᠡ ᠠᠷᠠᠴᠢᠯᠠᠨ ᠬᠠᠮᠠᠭᠠᠯᠠᠬᠤ ᠠᠵᠢᠯ ᠢ ᠬᠢᠵᠦ᠂ ᠴᠡᠴᠡᠭ ᠤᠨ ᠨᠢᠯᠬ᠎ᠠ | ᠴᠢᠬᠢ ᠶᠢᠨ ᠤᠷᠭᠤᠯᠲᠠ ᠰᠠᠶᠢᠨ ᠪᠠᠶᠢᠬᠤ ᠶᠢ ᠪᠠᠲᠤᠯᠠᠵᠤ᠂ ᠪᠠᠯᠭᠠᠰᠤᠨ ᠤ ᠴᠡᠴᠡᠷᠯᠢᠭ ᠤᠨ ᠲᠠᠯᠠᠪᠠᠶ ᠶᠢᠨ | ᠨᠣᠭᠤᠭᠠᠷᠠᠭᠤᠯᠤᠯᠲᠠ ᠶᠢᠨ ᠦᠵᠡᠮᠵᠢ ᠶᠢ ᠪᠠᠶᠠᠯᠢᠭᠵᠢᠭᠤᠯᠬᠤ ᠳᠤ ᠬᠡᠷᠡᠭᠯᠡᠵᠦ᠂ ᠪᠦᠬᠦᠯᠢ ᠴᠣᠭᠴᠠ ᠶᠢᠨ ᠰᠣᠨᠢᠷᠬᠠᠯᠲᠤ | ᠴᠢᠨᠠᠷ ᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ | ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠦᠨ᠎ᠡ ︾ ᠭᠡᠵᠡᠶ᠃ | |