5 ᠰᠠᠷ᠎ᠠ ᠶᠢᠨ 20 ᠤ ᠡᠳᠦᠷ᠂ ︽ᠦᠨᠳᠦᠰᠦᠲᠡᠨ ᠤ ᠪᠦᠯᠬᠦᠮᠳᠡᠯ ᠢᠶᠠᠷ ᠰᠡᠳᠬᠢᠯ ᠢᠶᠠᠨ ᠨᠢᠭᠡᠳᠭᠡᠨ | ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠪᠥᠬᠦ ᠬᠤᠰᠢᠭᠤᠨ ᠤ ᠪᠠᠭᠠᠴᠤᠳ ᠬᠡᠦᠬᠡᠳ ᠤᠨ | ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠠᠮ ᠵᠠᠭᠤᠴᠢᠯᠠᠭᠤᠷ ᠤᠨ ᠲᠥᠪ ᠲᠤ | ᠠᠮᠵᠢᠯᠲᠠ ᠲᠠᠢ ᠶᠠᠪᠤᠭᠳᠠᠵᠤ᠂ ᠪᠥᠬᠦ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠠᠴᠠ ᠢᠷᠡᠭᠰᠡᠨ 15 ᠰᠢᠯᠢᠳᠡᠭ | ᠤᠷᠤᠯᠴᠠᠭᠴᠢ ᠠᠳᠠᠯᠢ ᠪᠤᠰᠤ ᠬᠠᠷᠠᠭᠠᠰᠤ ᠠᠴᠠ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ | ᠳᠣᠲᠣᠨᠣ︾ ᠬᠢᠬᠦ ᠭᠦᠨᠵᠡᠭᠡᠶ ᠠᠭᠤᠯᠤᠭᠳᠠᠬᠤᠨ ᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ | ᠪᠠᠭᠠᠴᠤᠳ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠪᠦᠯᠬᠦᠮᠳᠡᠯ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠬᠦ | ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠪᠡ᠃ | ᠤᠷᠤᠯᠳᠤᠭᠠᠨ ᠤ ᠠᠬᠤᠶ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠭᠤᠶᠢᠳᠠ | ᠰᠠᠶᠢᠬᠠᠨ ᠶᠠᠷᠢᠶ᠎ᠠ ᠢᠯᠡᠳᠬᠡᠯ ᠬᠢᠪᠡ᠃ 15 ᠪᠢᠴᠢᠬᠠᠨ ᠤᠷᠤᠯᠴᠠᠭᠴᠢ ᠭᠤᠣᠯ ᠰᠡᠳᠦᠪ ᠤᠨ ᠲᠣᠭᠤᠷᠢᠨ ᠳᠤ ᠶᠠᠷᠢᠶ᠎ᠠ | ᠲᠠᠯᠪᠢᠵᠤ᠂ ᠨᠢᠯᠬᠠᠰᠠᠭ ᠳᠠᠭᠤᠨ᠂ ᠴᠢᠩ ᠦᠨᠡᠨᠴᠢ ᠰᠡᠳᠬᠢᠯᠭᠡ᠂ ᠠᠮᠢᠳᠤᠯᠢᠭ ᠦᠭᠡ ᠬᠡᠯᠡ ᠪᠠᠷ ᠤᠯᠤᠰ ᠢᠶᠠᠨ | ᠬᠠᠶᠢᠷᠠᠯᠠᠬᠤ ᠨᠠᠮ ᠢᠶᠠᠨ ᠬᠠᠶᠢᠷᠠᠯᠠᠬᠤ᠂ ᠦᠨᠳᠦᠰᠦᠲᠡᠨ ᠤ ᠪᠦᠯᠬᠦᠮᠳᠡᠯ ᠤᠨ ᠰᠡᠳᠬᠢᠯ ᠬᠥᠳᠡᠯᠭᠡᠮ᠎ᠡ ᠦᠯᠢᠭᠡᠷ ᠢ | ᠶᠠᠷᠢᠵᠤ᠂ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠰᠡᠳᠬᠢᠯ ᠤᠨ ᠳᠠᠭᠤᠨ ᠢ ᠢᠯᠡᠳᠬᠡᠵᠦ᠂ ᠲᠤᠬᠠᠢ ᠶᠢᠨ | ᠲᠠᠯᠠᠪᠠᠢ ᠳᠤ ᠪᠠᠶᠢᠭᠰᠠᠨ ᠬᠥᠮᠦᠨ ᠨᠢᠭᠡᠪᠦᠷᠢ ᠶᠢ ᠶᠡᠬᠡᠳᠡ ᠳᠣᠭᠳᠣᠯᠤᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠲᠤᠯᠠᠭᠠᠨ ᠤᠷᠤᠰᠬᠠᠯ ᠢ ᠮᠡᠳᠡᠷᠡᠪᠡ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠢᠨᠠᠭᠴᠢᠳ ᠶᠠᠷᠢᠶ᠎ᠠ ᠢᠯᠡᠳᠬᠡᠯ ᠤᠨ ᠠᠭᠤᠯᠭ᠎ᠠ᠂ | ᠦᠭᠡ ᠶᠠᠷᠢᠶ᠎ᠠ᠂ ᠶᠠᠷᠢᠶ᠎ᠠ ᠢᠯᠡᠳᠬᠡᠯ ᠤᠨ ᠤᠷ᠎ᠠ ᠮᠡᠷᠭᠡᠵᠢᠯ ᠵᠢᠴᠢ ᠶᠡᠷᠦᠩᠬᠡᠶᠢᠯᠡᠭᠰᠡᠨ ᠦᠷ᠎ᠡ ᠪᠦᠲᠦᠮᠵᠢ ᠵᠡᠷᠭᠡ | ᠲᠠᠯ᠎ᠠ ᠪᠠᠷ ᠲᠤᠬᠠᠶ ᠶᠢᠨ ᠲᠠᠯᠠᠪᠤᠷ ᠲᠤ ᠬᠤᠪᠢ ᠥᠭᠴᠦ᠂ ᠬᠠᠮᠤᠭ ᠤᠨ ᠡᠴᠦᠰ ᠲᠤ ᠨᠢᠭᠡᠳᠦᠭᠡᠷ ᠳᠡᠰ ᠤᠨ ᠱᠠᠩᠨᠠᠯ᠂ | ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠵᠡᠷᠭᠡ ᠣᠯᠠᠨ ᠱᠠᠩᠨᠠᠯ ᠢ | ᠰᠣᠩᠭᠤᠨ ᠭᠠᠷᠭᠠᠭᠰᠠᠨ ᠪᠥᠭᠡᠳ ᠤᠷᠤᠯᠳᠤᠭᠠᠨ ᠳᠤ ᠣᠷᠣᠯᠴᠠᠭᠰᠠᠨ ᠰᠣᠷᠣᠭᠴᠢ ᠶᠢᠨ ᠬᠠᠪᠰᠤᠷᠤᠨ | ᠵᠢᠯᠣᠭᠤᠳᠣᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠡᠭᠦᠨ ᠤ ᠬᠠᠮᠲᠤ ᠪᠠᠰᠠ ᠤᠷᠤᠯᠳᠤᠭᠠᠨ ᠳᠤ | ᠤᠷᠤᠯᠴᠠᠭᠴᠢᠳ ᠲᠤ ︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠶᠢᠨ ᠤᠷᠢᠯᠭ᠎ᠠ ᠶᠢᠨ ᠪᠢᠴᠢᠭ ᠭᠠᠷᠳᠠᠭᠤᠯᠪᠠ᠃ | ᠬᠡᠳᠦ᠋ᠢᠪᠡᠷ ᠥᠨᠥᠳᠦᠷ ᠤᠨ ᠰᠢᠢᠳᠪᠦᠷᠢᠲᠦ ᠤᠷᠤᠯᠳᠤᠭᠠᠨ ᠳᠤ ᠪᠠᠴᠢᠮᠳᠠᠵᠤ ᠰᠠᠨᠳᠤᠷᠴᠤ ᠪᠠᠶᠢᠭᠰᠠᠨ ᠪᠣᠯᠪᠠᠴᠤ | ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠬᠤᠶᠠᠳᠤᠭᠠᠷ ᠠᠩᠭᠢ ᠶᠢᠨ ᠶᠦᠨ | ᠵᠢᠶᠠ ᠨᠢᠩ ᠭᠠᠷᠮᠠᠭᠠᠢ ᠢᠯᠡᠷᠡᠯ ᠢᠶᠠᠷ ᠢᠶᠠᠨ ᠨᠢᠭᠡᠳᠦᠭᠡᠷ ᠲᠤ ᠣᠷᠣᠵᠠᠢ᠃ ᠶᠦᠨ ᠵᠢᠶᠠ ᠨᠢᠩ᠄ ︽ᠥᠨᠥᠳᠦᠷ ᠪᠢ ︿ | ᠤᠯᠠᠭᠠᠨ ᠪᠥᠴᠡᠲᠡᠨ ᠤ ᠲᠠᠶᠢᠯᠪᠤᠷᠢᠯᠠᠭᠴᠢ﹀ ᠶᠢᠨ ᠦᠨᠡᠮᠯᠡᠯ ᠣᠯᠵᠤ᠂ ᠬᠤᠶᠢᠰᠢᠳᠠ ᠨᠡᠩ ᠢᠯᠡᠭᠦᠦ ᠴᠢᠷᠮᠠᠶᠢᠵᠤ᠂ | ᠬᠠᠮᠲᠤ ᠰᠤᠷᠤᠭᠴᠢ ᠨᠠᠷ ᠢᠶᠠᠨ ᠬᠠᠪᠰᠤᠷᠴᠤ᠂ ᠤᠬᠠᠭᠤᠯᠭ᠎ᠠ ᠶᠢᠨ ᠵᠢᠷᠤᠭ ᠬᠢᠵᠦ᠂ ᠬᠠᠮᠲᠤ ᠰᠤᠷᠤᠭᠴᠢᠳ ᠲᠤ ᠪᠠᠨ | ᠪᠢᠳᠡ ᠠᠨᠠᠷ ᠤᠨ ᠦᠷ᠎ᠡ ᠮᠡᠳᠦ ᠪᠦᠯᠬᠦᠮᠳᠡᠬᠦ ᠬᠡᠷᠡᠭᠲᠡᠶ ᠭᠡᠳᠡᠭ ᠢ ᠬᠡᠯᠡᠵᠦ ᠥᠭᠭᠦᠨ᠎ᠡ︾ ᠭᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ | ᠳᠡᠳ᠋ ᠱᠦᠵᠢ ᠶᠠᠩ ᠯᠦ ᠄ ︽ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠪᠠᠭᠠᠴᠤᠳ | ᠬᠡᠦᠬᠡᠳ ᠤᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ | ᠴᠢᠬᠤᠯᠠ ᠨᠢ ᠲᠡᠳᠡᠨ ᠤ ᠰᠡᠳᠬᠢᠯ ᠳᠤ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠲᠠᠷᠢᠭᠰᠠᠨ ᠶᠠᠪᠤᠳᠠᠯ ᠪᠣᠯᠤᠨ᠎ᠠ᠃ | ᠪᠢᠳᠡ ᠪᠠᠰᠠ ᠲᠣᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ 15 ︽ᠤᠯᠠᠭᠠᠨ ᠪᠥᠴᠡᠲᠡᠨ ᠤ | ᠲᠠᠶᠢᠯᠪᠤᠷᠢᠯᠠᠭᠴᠢ︾ ᠶᠢ ᠢᠯᠡᠷᠡᠬᠦᠯᠵᠦ᠂ ᠲᠡᠳᠡᠨ ᠢ ᠰᠤᠷᠭᠠᠭᠤᠯᠢ ᠶᠢᠨ ᠬᠦᠷᠢᠶ᠎ᠡ᠂ ᠪᠠᠶᠢᠭ᠎ᠠ ᠰᠢᠶᠠᠩ | ᠪᠠᠯᠭᠠᠰᠤᠨ ᠳᠤ ᠪᠠᠨ ᠬᠦᠷᠴᠦ᠂ ᠥᠪᠡᠷ ᠤᠨ ᠲᠠᠭᠤ ᠪᠠᠷ ᠢᠶᠠᠨ ᠦᠨᠳᠦᠰᠦᠲᠡᠨ ᠤ ᠪᠦᠯᠬᠦᠮᠳᠡᠯ ᠤᠨ ᠢᠳᠡᠪᠬᠢ | ᠬᠦᠴᠦᠨ ᠢ ᠤᠯᠠᠮᠵᠢᠯᠠᠬᠤ ᠶᠢ ᠵᠣᠷᠢᠭᠵᠢᠭᠤᠯᠤᠨ᠎ᠠ︾ ᠬᠡᠵᠦ ᠢᠯᠡᠷᠭᠡᠶᠢᠯᠡᠪᠡ᠃ |