︽ᠦᠨᠳᠦᠰᠦᠲᠡᠨ ᠤ ᠲᠥᠷᠦ ᠶᠢᠨ ᠪᠣᠳᠤᠯᠭ᠎ᠠ ᠶᠢᠨ ᠤᠬᠠᠭᠤᠯᠭ᠎ᠠ ᠶᠢᠨ ᠰᠠᠷ᠎ᠠ︾  ᠳᠤ ᠦᠩᠭᠡ ᠬᠢᠯᠪᠠᠭ᠎ᠠ ᠨᠡᠮᠡᠷᠢᠯᠡᠶ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠲᠣᠣ ᠮᠠ ᠭᠧᠦ ᠦᠵᠡᠮᠵᠢ ᠶᠢᠨ ᠣᠷᠣᠨ ᠳᠤ ᠰᠣᠶᠣᠯ ᠵᠢᠭᠤᠯᠴᠢᠯᠠᠯ ‍ᠤᠨ‌ᠠᠭᠤᠰᠤᠯᠴᠠᠯ ᠤᠨ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠠᠷᠪᠠᠨ ᠲᠠᠪᠤᠳᠤᠭᠠᠷ ᠵᠢᠭᠤᠯᠴᠢᠯᠠᠯ ᠤᠨ ᠡᠳᠦᠷ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠬᠢᠨ ᠲᠣᠣ ᠮᠠ ᠭᠧᠦ ᠦᠵᠡᠮᠵᠢ ᠶᠢᠨ ᠣᠷᠣᠨ ᠳᠤ ︽ᠤᠯᠠᠭᠠᠨ ᠠᠨᠠᠷ ᠬᠤᠨᠳᠠᠭᠠᠲᠤ︾ ᠶᠢᠨ ᠰᠣᠶᠣᠯ ᠢ ᠲᠦᠮᠡᠨ ᠡᠷᠦᠬᠡ ᠳᠤ ᠬᠦᠷᠭᠡᠬᠦ ᠤᠯᠠᠭᠠᠨᠮᠥ᠋ᠴᠢᠷ ᠤᠨ ᠲᠤᠰᠬᠠᠶ ᠲᠠᠯᠠᠪᠤᠷ ᠲᠣᠭᠯᠠᠯᠲᠠ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠵᠦ᠂  ᠵᠢᠭᠤᠯᠴᠢᠯᠠᠭᠰᠠᠳ ᠪᠣᠯᠤᠨ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ ᠬᠦᠷᠲᠡᠭᠡᠬᠦ ᠶᠢᠨ ᠬᠠᠮᠲᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠯᠧᠮᠧᠨ᠋ᠲ ᠠᠭᠤᠰᠤᠯᠴᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤᠰ ᠲᠤᠰ ᠤᠨ ᠠᠪᠢᠶᠠᠰ ᠴᠢᠳᠠᠪᠤᠷᠢ ᠪᠠᠨ ᠢᠯᠡᠷᠡᠭᠦᠯᠪᠡ᠃ ᠤᠶᠠᠬᠠᠨ ᠡᠭᠡᠰᠢᠭᠯᠢᠭ ᠰᠠᠶᠢᠬᠠᠨ ᠮᠣᠷᠢᠨ ᠬᠤᠭᠤᠷ ᠬᠦᠭᠵᠢᠮᠳᠡᠵᠤ᠂ ᠲᠠᠯ᠎ᠠ ᠨᠤᠲᠤᠭ ᠤᠨ ᠥᠷᠭᠡᠨ ᠠᠭᠤᠳᠠᠮ ᠪᠣᠯᠤᠨ ᠭᠦᠨ ᠵᠤᠵᠠᠭᠠᠨ ᠬᠠᠶᠢᠷ᠎ᠠ ᠰᠡᠳᠬᠢᠯ ᠢ ᠢᠯᠡᠷᠡᠭᠦᠯᠪᠡ︔ ᠪᠠᠶᠠᠷ ᠪᠠᠶᠠᠰᠬᠤᠯᠠᠩᠲᠤ ᠪᠥᠵᠢᠭ ᠨᠢ ᠪᠥᠵᠢᠭᠴᠢᠨ ᠤ ᠬᠤᠷᠴᠠ ᠰᠡᠷᠭᠡᠭ ᠬᠥᠳᠡᠯᠥᠯ ᠪᠠᠷᠢᠯᠠᠯ ᠢᠶᠠᠷ ᠮᠣᠩᠭᠤᠯ ᠦᠨᠳᠦᠰᠦᠲᠡᠨ ᠤ ᠠᠷᠠᠳ ᠲᠦᠮᠡᠨ ᠤ ᠬᠠᠯᠠᠭᠤᠨ ᠰᠡᠳᠬᠢᠯᠭᠡ ᠪᠣᠯᠤᠨ ᠠᠮᠢᠵᠢᠷᠠᠯ ᠤᠨ ᠬᠦᠴᠦᠨ ᠢ ᠢᠯᠡᠷᠡᠭᠦᠯᠪᠡ︔ ᠴᠢᠬᠢᠨ ᠳᠤ ᠲᠠᠭᠠᠲᠠᠢ ᠳᠠᠭᠤᠤ ᠨᠢ ᠤᠮᠤᠭ ᠪᠠᠭ᠋ᠠᠳᠤᠯ ᠢᠶᠠᠷ ᠪᠢᠯᠬᠠᠵᠤ᠂ ᠠᠶᠠᠯᠭᠤ ᠨᠢᠭᠡᠪᠦᠷᠢ ᠨᠢ ᠴᠥᠮ ᠨᠤᠲᠤᠭ ᠤᠰᠤᠨ ᠤ ᠬᠥᠮᠥᠰ ᠤᠨ ᠠᠮᠢᠳᠤᠷᠠᠯ ᠳᠤ ᠪᠠᠨ ᠬᠡᠰᠡᠨ ᠬᠠᠶᠢᠷ᠎ᠠ ᠰᠡᠳᠬᠢᠯᠭᠡ ᠶᠢ ᠢᠯᠡᠳᠬᠡᠵᠥ᠂ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠯᠳᠠ ᠶᠢᠨ ᠲᠠᠭᠤᠨ᠂ ᠤᠷᠠᠶᠢᠯᠠᠨ ᠬᠠᠰᠬᠢᠷᠬᠤ ᠳᠠᠭᠤᠨ ᠠᠳᠡ ᠲᠡᠨᠳᠡ ᠦᠭᠡᠢ ᠴᠤᠤᠷᠢᠶᠠᠲᠤᠨ᠎ᠠ᠃      ᠲᠣᠰ ᠤᠳᠠᠭᠠᠨ ᠤ ︽ᠤᠯᠠᠭᠠᠨ ᠠᠨᠠᠷ ᠬᠤᠨᠳᠠᠭᠠᠲᠤ︾ ᠰᠢᠷᠢᠰ ᠠᠵᠢᠯᠯᠠᠭ᠎ᠠ ᠨᠢ ᠰᠣᠶᠣᠯ ᠢᠶᠠᠷ ᠬᠤᠯᠪᠣᠭᠠᠰᠤ ᠪᠣᠯᠭᠠᠵᠤ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ ᠶᠤᠮ᠃ ᠤᠯᠠᠭᠠᠨᠮᠥ᠋ᠴᠢᠷ ᠨᠢ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠵᠦ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠠᠷᠠᠳ ᠣᠯᠠᠨ ᠤ ᠳᠡᠷᠭᠡᠳᠡ ᠬᠦᠷᠭᠡᠭᠰᠡᠨ ᠪᠠᠶᠢᠨ᠎ᠠ᠃ ᠲᠣᠰ ᠤᠳᠠᠭᠠᠨ ᠤ ᠤᠯᠠᠭᠠᠨᠮᠥ᠋ᠴᠢᠷ ᠤᠨ ᠲᠣᠭᠯᠠᠯᠲᠠ ᠨᠢ ᠦᠵᠡᠮᠵᠢ ᠶᠢᠨ ᠣᠷᠣᠨ ᠳᠤ ᠰᠣᠶᠣᠯ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠥᠬᠡᠶ᠂ ᠵᠢᠭᠤᠯᠴᠢᠯᠠᠭᠰᠠᠳ ᠲᠤ ᠨᠠᠩ ᠴᠤ ᠭᠤᠶᠤ ᠦᠵᠡᠮᠵᠢ ᠶᠢ ᠰᠣᠨᠢᠷᠬᠠᠭᠤᠯᠬᠤ ᠶᠢᠨ ᠬᠠᠮᠲᠤ᠂ ᠮᠣᠩᠭᠤᠯ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠳᠣᠤᠷᠠᠬᠢ ᠰᠣᠶᠣᠯ ᠤᠨ ᠴᠡᠴᠡᠭᠯᠡᠨ ᠬᠥᠭᠵᠢᠭᠰᠡᠨ ᠦᠷ᠎ᠡ ᠪᠦᠲᠦᠭᠡᠯ ᠢ ᠮᠡᠳᠡᠷᠡᠭᠦᠯᠪᠡ᠃      ᠢᠷᠡᠭᠡᠳᠦᠢ ᠳᠤ᠂ ᠤᠯᠠᠭᠠᠨᠮᠥ᠋ᠴᠢᠷ ᠨᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠣᠭᠯᠠᠯᠲᠠ ᠶᠢᠨ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠷᠠᠳ ᠲᠦᠮᠡᠨ ᠤ ᠳᠤᠮᠳᠠ ᠥᠨᠳᠦᠰᠦᠯᠡᠵᠤ᠂ ᠨᠠᠩ ᠣᠯᠠᠨ ᠰᠢᠯᠢᠳᠡᠭ ᠪᠦᠲᠦᠭᠡᠯ ᠵᠣᠬᠢᠶᠠᠨ ᠪᠦᠲᠦᠭᠡᠨ᠎ᠡ︔ ᠡᠭᠦᠨ ᠤ ᠬᠠᠮᠲᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠵᠡᠮᠵᠢ ᠶᠢᠨ ᠣᠷᠣᠨ ᠵᠢᠴᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠤᠷᠠᠨ ᠰᠠᠶᠢᠬᠠᠨ ᠤ ᠲᠣᠭᠯᠠᠯᠲᠠ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠡᠳ ᠵᠢᠭᠤᠯᠴᠢᠯᠠᠯ ᠤᠨ ᠠᠵᠢᠯᠯᠠᠭ᠎ᠠ ᠶᠢ ᠭᠦᠨᠵᠡᠭᠡᠶ ᠠᠭᠤᠰᠤᠯᠴᠠᠭᠤᠯᠵᠤ᠂ ᠰᠣᠶᠣᠯ ᠢᠶᠠᠷ ᠵᠢᠭᠤᠯᠴᠢᠯᠠᠬᠤ ᠳᠤ ᠴᠢᠳᠠᠪᠤᠷᠢ ᠣᠯᠭᠤᠵᠤ᠂ ᠵᠢᠭᠤᠯᠴᠢᠯᠠᠯ ᠢ ᠦᠨᠳᠦᠰᠦᠲᠡᠨ ᠤ ᠰᠣᠶᠣᠯ ᠪᠠ ᠲᠥᠷᠥ ᠶᠢᠨ ᠪᠣᠳᠣᠯᠭ᠎ᠠ ᠶᠢᠨ ᠳᠠᠮᠵᠢᠭᠤᠯᠭ᠎ᠠ ᠶᠢᠨ ᠠᠴᠢᠶᠠᠯᠠᠪᠤᠷᠢ ᠪᠣᠯᠭᠠᠵᠤ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠨᠡ ᠨᠢ ᠨᠠᠩ ᠴᠤ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ - ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠬᠤ ᠪᠠᠷ ᠳᠠᠮᠵᠢᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号