ᠰᠤᠷᠪᠤᠯᠵᠢᠯᠠᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠲᠣᠪᠴᠢᠶᠠᠨ ᠠᠴᠠ | ᠣᠢᠯᠠᠭᠠᠵᠤ ᠮᠡᠳᠡᠭᠰᠡᠨ ᠨᠢ᠂ 5 ᠰᠠᠷ᠎ᠠ ᠶᠢᠨ 22 ᠤᠨ ᠡᠳᠦᠷ ᠤᠨ 15 ᠴᠠᠭ 00 ᠮᠢᠨᠦ᠋ᠲ ᠪᠣᠯᠲᠠᠯ᠎ᠠ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ 26 ᠬᠢᠨᠠᠨ ᠬᠡᠮᠵᠢᠬᠦ ᠥᠷᠳᠡᠭᠡᠨ ᠤ 25 ᠥᠷᠲᠡᠭᠡ ᠳᠤ ᠪᠣᠷᠣᠭᠠᠨ ᠲᠠᠢ᠂ | ᠡᠭᠦᠨ ᠳᠤ ᠶᠡᠭᠡ ᠪᠣᠷᠣᠭᠠᠨ ᠲᠠᠢ ᠨᠢ ︵25 ~ 49.9 ᠮᠢᠯᠢᠮᠧᠲᠷ︶ 16 ᠥᠷᠲᠡᠭᠡ᠂ ᠳᠤᠮᠳᠠ ᠵᠡᠷᠭᠡ ᠶᠢᠨ | ᠪᠣᠷᠣᠭᠠᠨ ᠲᠠᠢ ᠨᠢ ︵10 ~ 24.9 ᠮᠢᠯᠢᠮᠧᠲᠷ︶ 7 ᠥᠷᠲᠡᠭᠡ᠂ ᠪᠠᠭ᠎ᠠ ᠪᠣᠷᠣᠭᠠᠨ ᠲᠠᠢ ᠨᠢ ︵0.1 ~ 9.9 | ᠮᠢᠯᠢᠮᠧᠲᠷ︶ 2 ᠥᠷᠲᠡᠭᠡ ᠪᠣᠯᠤᠨ᠎ᠠ᠃ ᠬᠤᠷ᠎ᠠ ᠲᠤᠠᠳᠠᠰᠤᠨ ᠤ ᠬᠠᠮᠤᠭ ᠶᠡᠭᠡ ᠬᠡᠮᠵᠢᠶ᠎ᠡ ᠨᠢ ᠰᠢᠷᠠᠮᠦ᠋ᠷᠡᠨ ᠳᠤ | ᠢᠯᠡᠷᠡᠵᠥ᠂ 39.1 ᠮᠢᠯᠢᠮᠧᠲᠷ᠂ ᠴᠠᠭ ᠤᠨ ᠳᠣᠲᠤᠷ᠎ᠠ ᠣᠷᠤᠬᠤ ᠬᠠᠮᠤᠭ ᠶᠡᠭᠡ ᠪᠤᠷᠤᠭᠠᠨ ᠤ ᠬᠡᠮᠵᠢᠶ᠎ᠡ ᠨᠢ | ᠰᠢᠪᠠᠷᠬᠦᠷᠢᠶ᠎ᠡ ︵22 ᠤᠨ ᠡᠳᠦᠷ ᠤᠨ 09 ~ 10 ᠴᠠᠭ︶ ᠳᠤ ᠢᠯᠡᠷᠡᠵᠤ ᠂ 7.1 ᠮᠢᠯᠢᠮᠧᠲᠷ ᠪᠣᠯᠣᠨ᠎ᠠ᠃ | ᠵᠢᠱᠢᠯᠲᠡ ᠪᠠᠷ ᠢᠷᠡᠬᠦ 6 ᠴᠠᠭ ᠲᠤ ᠪᠣᠷᠤᠭᠠᠨ ᠦᠷᠭᠦᠯᠵᠢᠯᠡᠵᠤ᠂ ᠲᠤᠨᠳᠠᠰᠤᠨ ᠤ ᠬᠡᠮᠵᠢᠶ᠎ᠡ 3 ~ 10 | ᠮᠢᠯᠢᠮᠧᠲᠷ᠂ ᠵᠡᠭᠦᠨ ᠬᠤᠶᠢᠲᠤ ᠠᠴᠠ 4 ~ 5 ᠲᠠᠰ ᠤᠨ ᠰᠠᠯᠬᠢᠨ ᠲᠠᠢ ᠠᠭᠠᠷ ᠤᠨ ᠳᠣᠯᠠᠭᠠᠨ 1~11 ᠭᠷᠡᠳᠦ᠋ᠰ | ᠪᠣᠯᠤᠨ᠎ᠠ᠃ | ᠡᠭᠦᠨ ᠠᠴᠠ ᠡᠮᠦᠨ᠎ᠡ᠂ ᠳᠠᠷᠬᠠᠨ ᠮᠤᠤᠮᠢᠩᠭᠠᠨ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠳᠠᠷᠬᠠᠨ | ᠮᠤᠤᠮᠢᠩᠭᠠᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ 5 ᠰᠠᠷ᠎ᠠ ᠶᠢᠨ 22 ᠤᠨ ᠡᠳᠦᠷ ᠤᠨ 11 ᠴᠠᠭ | 30 ᠮᠢᠨᠦ᠋ᠲ ᠲᠤ ᠠᠭᠤᠯᠠᠨ ᠦᠶᠡᠷ ᠤᠨ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢᠨ ᠬᠥᠬᠡ ᠥᠩᠭᠡ ᠶᠢᠨ | ᠰᠡᠷᠡᠮᠵᠢᠯᠡᠭᠦᠯᠦᠯ ᠢ ᠬᠠᠮᠲᠤᠷᠠᠨ ᠨᠡᠶᠢᠲᠡᠯᠡᠵᠦ᠂ ᠵᠢᠱᠢᠯᠲᠡ ᠪᠠᠷ ᠢᠷᠡᠭᠡᠳᠦᠶ ᠶᠢᠨ 12 ᠴᠠᠭ ᠲᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠠᠭᠤᠯᠠᠨ ᠦᠶᠡᠷ ᠤᠨ ᠠᠶᠤᠯ ᠲᠦᠭᠰᠢᠭᠦᠷᠢ ᠡᠭᠦᠰᠬᠦ ᠪᠣᠯᠣᠮᠵᠢ ᠥᠨᠳᠦᠷ | ᠂ ᠠᠩᠬᠠᠷᠤᠨ ᠰᠡᠷᠭᠡᠶᠢᠯᠡᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠶᠢᠭᠡᠮ ᠨᠡᠶᠢᠲᠡ ᠪᠠᠷ ᠢᠶᠠᠨ ᠭᠠᠮᠰᠢᠭ ᠢ | ᠰᠡᠷᠭᠡᠶᠢᠯᠡᠵᠦ ᠠᠶᠤᠯ ᠠᠴᠠ ᠵᠠᠶᠢᠯᠠᠬᠤ ᠶᠢ ᠠᠩᠬᠠᠷᠬᠤ ᠬᠡᠷᠡᠭᠲᠡᠶ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ 5 ᠰᠠᠷ᠎ᠠ ᠶᠢᠨ 22 ᠤᠨ | ᠡᠳᠦᠷ ᠤᠨ 14 ᠴᠠᠭ 40 ᠮᠢᠨᠦ᠋ᠲ ᠲᠤ ᠦᠷᠭᠦᠯᠵᠢᠯᠡᠨ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ | ᠳᠣᠬᠢᠶ᠎ᠠ ᠶᠢ ᠨᠡᠶᠢᠲᠡᠯᠡᠵᠦ᠂ ᠵᠢᠱᠢᠯᠲᠡ ᠪᠠᠷ 24 ᠴᠠᠭ ᠤᠨ ᠳᠣᠲᠣᠷ᠎ᠠ ᠪᠥᠬᠦ ᠬᠤᠰᠢᠭᠤ ᠪᠠᠷ ᠢᠶᠠᠨ ᠶᠡᠭᠡ ᠰᠠᠯᠬᠢᠨ ᠤ | ᠨᠥᠯᠥᠭᠡ ᠬᠦᠷᠳᠡᠵᠥ᠂ ᠳᠤᠮᠳᠠᠴᠢ ᠰᠠᠯᠬᠢᠨ ᠤ ᠬᠦᠴᠦ ᠨᠢ 6 ᠲᠠᠰ ᠠᠴᠠ ᠳᠡᠭᠡᠭᠰᠢ ᠪᠤᠶᠤ ᠬᠡᠰᠡᠭ ᠲᠤ ᠪᠠᠨ 7 | ᠲᠠᠰ ᠠᠴᠠ ᠳᠡᠭᠡᠭᠰᠢ ᠪᠠᠶᠢᠵᠤ ᠮᠡᠳᠡᠨ᠎ᠡ᠃ | 5 ᠰᠠᠷ᠎ᠠ ᠶᠢᠨ 22 ᠤᠨ ᠡᠳᠦᠷ᠂ ᠬᠤᠲᠠ ᠶᠢᠨ ᠴᠠᠭ ᠠᠭᠤᠷ ᠤᠨ ᠲᠣᠪᠴᠢᠶ᠎ᠠ ᠥᠪᠡᠷᠲᠡᠭᠡᠨ ᠵᠠᠰᠠᠬᠤ | ᠣᠷᠣᠨ ᠤ ᠪᠣᠷᠣᠭᠠᠨ ᠨᠡᠮᠡᠭᠳᠡᠭᠦᠯᠬᠦ ᠰᠠᠭᠤᠷᠢᠨ ᠭᠠᠵᠠᠷ ᠤᠨ ᠰᠢᠨ ᠵᠧᠦ 60 ᠨᠢᠰᠬᠡᠯ ᠢ ᠵᠣᠬᠢᠴᠠᠭᠤᠯᠤᠨ ᠪᠣᠷᠣᠭᠠᠨ | ᠨᠡᠮᠡᠭᠳᠡᠭᠦᠯᠬᠦ ᠠᠵᠢᠯ ᠥᠷᠨᠢᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ | ᠲᠣᠪᠴᠢᠶ᠎ᠠ ᠴᠣᠣ ᠶᠠᠩ ᠱᠢ - ᠤᠯᠠᠭᠠᠨ ᠣᠷᠴᠢᠮ ᠤᠨ ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠪᠣᠷᠣᠭᠠᠨ | ᠣᠷᠣᠭᠤᠯᠬᠤ ᠠᠵᠢᠯ ᠢ ᠥᠷᠨᠢᠭᠦᠯᠵᠦ᠂ ᠨᠡᠶᠢᠲᠡ 12 ᠲᠡᠢᠷᠦᠯᠲᠦ ᠰᠤᠮᠤ ᠬᠠᠷᠪᠤᠪᠠ᠃ | |