ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2025/5/24
      5 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠥᠬᠦ ᠨᠠᠮ ᠤᠨ ᠲᠥᠪ ᠬᠤᠷᠢᠶ᠎ᠠ ᠶᠢᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠤ ᠣᠯᠤᠭᠰᠠᠨ ᠢᠯᠡᠳᠲᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ ᠨᠠᠶᠢᠳᠠᠯᠭ᠎ᠠ ᠪᠠᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠠᠯᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾᠂ ︽ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠬᠤ︾ ᠵᠡᠷᠭᠡ ᠶᠢ ᠬᠥᠨᠵᠡᠭᠡᠢ ᠰᠤᠷᠤᠯᠴᠠᠭᠰᠠᠨ ᠤ ᠰᠠᠭᠤᠷᠢᠨ ᠳᠡᠭᠡᠷ᠎ᠡ᠂ ᠵᠠᠩ ᠪᠠᠭᠠᠨ᠎ᠠ᠂ ᠳ᠋ᠠᠩ ᠰᠢᠶᠤᠤ ᠬᠤᠩ᠂ ᠪᠦᠷᠢᠨ᠂ ᠰᠦᠨ ᠪᠢᠨ᠂ ᠵᠠᠩ ᡁᠢ ᠴᠢᠶᠠᠩ᠂ ᠰᠦᠨ ᠿᠢ ᠴᠢᠩ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠪᠦᠷᠢᠯᠳᠦᠬᠦᠨ ᠪᠢᠴᠢᠭ ᠤᠨ ᠮᠠᠲ᠋ᠧᠷᠢᠶᠠᠯ ᠢᠶᠠᠨ ᠳᠡᠪᠰᠢᠭᠦᠯᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ︽  ᠶᠠᠪᠤᠳᠠᠯ ᠪᠠᠭ᠎ᠠ ᠪᠣᠯ ᠪᠥᠳᠦᠮᠵᠢ ᠪᠠᠭ᠎ᠠ︾ ᠵᠡᠷᠭᠡ ᠪᠤᠷᠤᠭᠤ ᠦᠵᠡᠯ ᠰᠠᠨᠠᠭ᠎ᠠ ᠲᠠᠢ ᠲᠡᠮᠡᠴᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠣᠨᠣᠪᠴᠢᠲᠠᠶ ᠪᠣᠳᠠᠲᠠᠶ ᠪᠠᠷ ᠪᠤᠷᠤᠭᠤ ᠡᠷᠢᠬᠦ ᠲᠠᠯ᠎ᠠ ᠪᠠᠷ ᠦᠨᠡᠨ ᠪᠣᠳᠠᠲᠠᠶ ᠠᠵᠢᠯᠯᠠᠵᠤ᠂ ᠡᠭᠦᠳᠡ ᠪᠠᠨ ᠨᠡᠭᠡᠭᠡᠵᠥ ᠰᠤᠷᠭᠠᠨ ᠬᠥᠮᠦᠵᠢᠯ ᠬᠢᠭᠦ ᠶᠢ ᠳᠣᠪᠤᠶᠢᠯᠭᠠᠨ᠂ ︽7 ᠵᠦᠢᠯ ᠤᠨ ᠠᠷᠭ᠎ᠠ ᠵᠠᠮ + 3 ᠶᠢ ᠤᠶᠠᠯᠳᠤᠭᠤᠯᠬᠤ︾ ᠠᠷᠭ᠎ᠠ ᠮᠠᠶ᠋ᠢᠭ ᠢ ᠬᠦᠢᠴᠡᠳ ᠬᠡᠷᠡᠭᠯᠡᠵᠦ᠂ ᠪᠣᠳᠠᠲᠠᠶ ᠬᠡᠮᠵᠢᠶᠡᠵᠢᠭᠦᠯᠵᠦ ᠪᠣᠯᠬᠤ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠶ ᠪᠠᠷ ᠪᠠᠶᠢᠭᠤᠯᠵᠤ᠂ ᠠᠰᠠᠭᠤᠳᠠᠯ ᠢ ᠣᠨᠣᠪᠴᠢᠲᠠᠶ ᠣᠯᠵᠤ᠂ ᠦᠨᠳᠦᠰᠦ ᠰᠤᠷᠪᠤᠯᠵᠢ ᠶᠢ ᠭᠦᠨ ᠵᠠᠳᠠᠯᠵᠤ ᠂ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠬᠤ ᠬᠡᠷᠡᠭᠲᠡᠶ᠃ ᠤᠨᠢᠨ ᠳᠡᠭᠡᠷ᠎ᠡ ᠨᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠲᠦᠷᠦᠯ ᠵᠦᠢᠯ ᠤᠨ ᠡᠬᠡ ᠲᠠᠩᠰᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠤᠪᠤᠶᠢᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠢᠭᠡ ᠢᠵᠢ ᠲᠦᠷᠢᠮ ᠢ ᠲᠡᠭᠦᠯᠳᠡᠷᠵᠢᠭᠦᠯᠬᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠢ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠲᠠᠯ᠎ᠠ ᠪᠠᠷ ᠠᠵᠢᠯᠯᠠᠭ᠎ᠠ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠠᠳᠬᠤᠬᠤ ᠶᠢ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠳᠬᠤᠬᠤ ᠲᠠᠢ ᠨᠢᠭᠡᠳᠦᠯᠲᠡᠶ ᠲᠥᠯᠥᠪᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ︽ᠲᠤᠯᠤᠭᠠᠨ ᠶᠡᠭᠡ ᠢᠨᠵᠧᠨᠧᠷᠢᠩ︾ ᠲᠠᠢ ᠨᠢᠭᠲᠠ ᠤᠶᠠᠯᠳᠤᠭᠤᠯᠤᠨ᠂ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠤᠭᠤᠯᠬᠤ᠂ ︽ᠭᠤᠷᠪᠠ ᠪᠠᠶᠢᠵᠤ ᠬᠤᠶᠠᠷ ᠢ ᠡᠷᠢᠬᠦ︾᠂ ᠠᠮᠤᠷ ᠲᠦᠪᠰᠢᠨ ᠲᠣᠭᠲᠠᠭᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠳᠡᠭᠡᠷ᠎ᠡ ᠬᠠᠭᠠᠰ ᠵᠢᠯ ᠳᠤ ︽ᠬᠤᠶᠠᠷ ᠢ ᠬᠠᠭᠠᠰ ᠢᠶᠠᠷ ᠥᠩᠭᠡᠷᠡᠭᠦᠯᠬᠦ︾᠂ ᠪᠥᠬᠦ ᠵᠢᠯ ᠳᠤ ᠪᠥᠭᠦᠨ ᠢ ᠰᠠᠶᠢᠲᠤᠷ ᠬᠢᠬᠦ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号