ᠰᠢᠨᠵᠢᠯᠡᠬᠦ ᠤᠬᠠᠭᠠᠨ ᠤ ᠲᠤᠷᠰᠢᠯᠲᠠ ᠰᠤᠷᠭᠠᠭᠤᠯᠢ ᠶᠢᠨ ᠬᠦᠷᠢᠶᠡᠨ ᠳᠤ ᠤᠷᠤᠵᠤ ᠰᠢᠨᠵᠢᠯᠡᠬᠦ ᠤᠬᠠᠭᠠᠨ ᠤ  ᠠᠶᠠᠯᠠᠯ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2025/5/25
      ᠬᠤᠷᠢᠨ ᠲᠠᠪᠤᠳᠤᠭᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠪᠣᠯᠤᠨ ᠶᠢᠰᠦᠳᠦᠭᠡᠷ ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ  ᠠᠵᠢᠯᠳᠠᠨ ᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠰᠤᠷᠭᠠᠨ ᠬᠥᠮᠦᠵᠢᠯ ᠤᠨ ᠲᠤᠪᠴᠢᠶ᠎ᠠ ᠲᠠᠢ ᠬᠠᠮᠲᠤᠷᠠᠨ ︽  ᠰᠢᠨ᠎ᠡ ᠶᠢ ᠡᠭᠦᠳᠬᠦ ᠬᠥᠭᠵᠢᠯᠲᠡ  ᠳᠤ ᠲᠠᠩᠭᠠᠷᠢᠭᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠤᠶ᠎ᠠ︾ ᠰᠢᠨᠵᠢᠯᠡᠬᠦ ᠤᠬᠠᠭᠠᠨ ᠤ ᠲᠤᠷᠰᠢᠯᠲᠠ  ᠶᠢ ᠰᠤᠷᠭᠠᠭᠤᠯᠢ ᠶᠢᠨ ᠬᠦᠷᠢᠶᠡᠨ  ᠳᠤ ᠤᠷᠤᠭᠤᠯᠬᠤ ᠠᠵᠢᠯᠯᠠᠭ᠎ᠠ ᠶᠢ ᠥᠷᠨᠢᠭᠦᠯᠵᠦ᠂ ᠱᠠᠨᠳᠦ᠋ᠩ ᠤᠨ ᠸᠧᠢ ᠹᠠᠩ ᠤᠨ ᠵᠢᠶᠠᠨ ᠭᠥᠸᠧ ᠲᠤᠷᠰᠢᠯᠲᠠ ᠶᠢᠨ ᠲᠠᠰᠤᠭ ᠤᠨ ᠪᠠᠭᠰᠢ ᠨᠠᠷ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢᠳ 5 ᠰᠠᠷ᠎ᠠ ᠶᠢᠨ 21- 23 ᠤ ᠡᠳᠦᠷ ᠪᠤᠯᠳᠠᠯ᠎ᠠ ᠵᠠᠯᠭᠠᠭ᠎ᠠ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ᠂ ᠬᠤᠶᠠᠳᠤᠭᠠᠷ ᠬᠡᠦᠬᠡᠳ ᠤᠨ ᠴᠡᠴᠡᠷᠯᠢᠭ᠂ ᠭᠤᠷᠪᠠᠳᠤᠭᠠᠷ ᠬᠡᠦᠬᠡᠳ ᠤᠨ ᠴᠡᠴᠡᠷᠯᠢᠭ᠂ ᠳᠥᠷᠪᠡᠳᠦᠭᠡᠷ ᠬᠡᠦᠬᠡᠳ ᠤᠨ ᠴᠡᠴᠡᠷᠯᠢᠭ ᠵᠢᠴᠢ ᠪᠠᠲᠤᠬᠠᠭᠠᠯᠭ᠎ᠠ  ᠪᠠᠯᠭᠠᠰᠤ ᠶᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠬᠡᠦᠬᠡᠳ ᠤᠳ ᠲᠤ ᠨᠢᠭᠡ ᠲᠠᠯᠠᠪᠠᠢ ᠥᠪᠡᠷᠮᠢᠴᠡ ᠣᠨᠴᠠᠯᠢᠭ ᠲᠠᠢ ᠰᠢᠨᠵᠢᠯᠡᠬᠦ ᠤᠬᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠤᠷᠰᠢᠯᠲᠠ ᠶᠢᠨ ᠲᠠᠰᠤᠭ ᠤᠨ ᠪᠠᠭᠰᠢ ᠨᠠᠷ ︽ᠤᠶᠤᠨᠴᠢ ᠨᠣᠬᠠᠢ︾ ᠪᠠᠷ ᠡᠯ᠎ᠡ ᠵᠦᠢᠯ ᠤᠨ ᠬᠦᠴᠢᠷ ᠲᠦᠪᠡᠭᠲᠡᠢ ᠬᠦᠳᠡᠯᠬᠡᠬᠡᠨ ᠢ ᠲᠤᠭᠯᠠᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠵᠦ᠂ ᠰᠤᠷᠤᠭᠴᠢᠳ ᠶᠡᠬᠡᠳᠡ ᠭᠠᠶᠢᠬᠠᠨ ᠰᠤᠨᠢᠷᠬᠠᠵᠤ᠂ ᠠᠯᠠᠭ᠎ᠠ ᠲᠠᠰᠢᠯᠲᠠ ᠶᠢᠨ ᠲᠠᠭᠤᠨ ᠲᠠᠰᠤᠷᠠᠯᠳᠡ ᠦᠭᠡᠢ ᠰᠣᠨᠣᠰᠳᠠᠪᠠ᠃  ᠮᠧᠬᠠᠨᠢᠭ ᠨᠤᠬᠠᠢ ᠶᠢᠨ ᠬᠦᠳᠡᠯᠭᠡᠭᠡᠨ ᠢ ᠤᠶᠢᠷ᠎ᠠ ᠵᠠᠢ ᠠᠴᠠ ᠠᠵᠢᠭᠯᠠᠬᠤ ᠪᠠᠷ ᠲᠠᠮᠵᠢᠨ᠂ ᠰᠤᠷᠤᠭᠴᠢᠳ ᠵᠣᠬᠢᠶᠠᠮᠠᠯ ᠣᠶᠤᠨ ᠴᠢᠳᠠᠪᠤᠷᠢ ᠪᠣᠯᠤᠨ ᠮᠠᠰᠢᠨ ᠬᠥᠮᠦᠨ ᠤ ᠮᠡᠷᠭᠡᠵᠢᠯ ᠤᠨ ᠲᠤᠬᠠᠶ ᠨᠠᠩ ᠰᠢᠭᠤᠳ ᠲᠠᠨᠢᠯᠲᠠ ᠲᠠᠢ ᠪᠣᠯᠵᠠᠶ᠃ ᠳᠠᠷᠠᠭ᠎ᠠ ᠨᠢ᠂ ᠠᠭᠠᠷ ᠤᠨ ᠶᠡᠭᠡ ᠫᠤᠤ᠂  ᠵᠠᠮᠬᠠᠷᠠᠭᠰᠠᠨ ᠥᠩᠭᠡ᠂  ᠴᠤᠭᠤᠷᠠᠰᠢ ᠦᠭᠡᠢ ᠬᠡᠢ ᠪᠥᠮᠪᠦᠭᠡ᠂ ᠮᠠ ᠳ᠋ᠧ ᠪᠣᠣ ᠬᠠᠭᠠᠰ ᠪᠥᠮᠪᠥᠷᠴᠡᠭ ᠵᠡᠷᠭᠡ ᠲᠤᠷᠰᠢᠯᠲᠠ ᠴᠤ ᠳᠠᠷᠠᠭᠠᠯᠠᠨ ᠢᠯᠡᠷᠡᠵᠡᠢ᠃ ᠲᠤᠷᠰᠢᠯᠲᠠ ᠨᠢᠭᠡᠪᠦᠷᠢ ᠨᠢ ᠴᠥᠮ ᠰᠢᠨᠵᠢᠯᠡᠬᠦ ᠤᠬᠠᠭᠠᠨ ᠤ ᠬᠠᠭᠠᠯᠭ᠎ᠠ ᠶᠢ ᠨᠡᠭᠡᠭᠡᠬᠦ ᠲᠦᠯᠬᠢᠭᠦᠷ  ᠪᠠᠶᠢᠵᠤ᠂ ᠪᠢᠴᠢᠬᠠᠨ ᠨᠠᠶᠢᠵᠠ ᠨᠠᠷ ᠲᠤ ᠰᠢᠨ᠎ᠡ ᠶᠢᠷᠲᠢᠨᠴᠦ ᠶᠢ ᠲᠠᠨᠢᠬᠤ ᠡᠭᠦᠳᠡ ᠶᠢ ᠨᠡᠭᠡᠭᠡᠵᠦ ᠥᠭᠭᠦᠭᠰᠡᠨ ᠶᠤᠮ᠃      ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠰᠤᠷᠤᠭᠴᠢ ᠪᠦᠦ ᠮᠦᠩᠬᠦᠨᠮᠦ᠋ᠴᠢᠷ ᠪᠠᠶᠠᠷ ᠪᠠᠭ᠋ᠠᠳᠤᠯ ᠲᠠᠢ ᠰᠡᠳᠬᠢᠯᠭᠡ ᠪᠠᠨ ᠳᠠᠷᠤᠵᠤ ᠶᠠᠳᠠᠨ᠄ ︽ᠡᠨᠡ ᠤᠳᠠᠭᠠᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠦᠵᠡᠭᠦᠯᠦᠯᠭᠡ ᠳᠤ᠂ ᠪᠢ ᠰᠢᠨᠵᠢᠯᠡᠬᠦ ᠤᠬᠠᠭᠠᠨ ᠤ ᠨᠢᠭᠤᠴᠠ ᠶᠢ ᠮᠡᠳᠡᠷᠡᠵᠦ᠂ ᠰᠢᠨᠵᠢᠯᠡᠬᠦ ᠤᠬᠠᠭᠠᠨ ᠨᠢ ᠪᠢᠳᠡᠨ ᠤ ᠠᠮᠢᠳᠤᠷᠠᠯ  ᠢ ᠤᠯᠠᠮ ᠠᠴᠠ ᠤᠯᠠᠮ ᠰᠠᠶᠢᠨ ᠰᠠᠶᠢᠬᠠᠨ ᠪᠣᠯᠭᠠᠵᠤ᠂ ᠤᠯᠠᠮ ᠠᠴᠠ ᠤᠯᠠᠮ ᠳᠥᠭᠦᠮ ᠪᠣᠯᠭᠠᠬᠤ ᠶᠢ ᠬᠦᠰᠡᠵᠦ ᠪᠠᠶᠢᠨ᠎ᠠ︕︾ ᠭᠡᠪᠡ᠃  ᠭᠡᠨᠡᠨ ᠴᠠᠶᠢᠯᠭᠠᠨ ᠬᠡᠦᠬᠡᠳ ᠤᠨ ᠳᠠᠭᠤᠨ ᠳᠤ ᠰᠢᠨᠵᠢᠯᠡᠬᠦ ᠤᠬᠠᠭᠠᠨ ᠢ ᠱᠠᠭᠰᠢᠨ ᠮᠠᠭᠳᠠᠭᠰᠠᠨ ᠰᠡᠳᠬᠢᠯᠭᠡ ᠢᠯᠡᠷᠡᠨ᠎ᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠲᠤᠮᠳᠠ ᠭᠤᠷᠪᠠᠳᠤᠭᠠᠷ ᠠᠩᠬᠢ ᠶᠢᠨ ᠪᠦᠦ ᠷᠦᠸᠧ ᠨᠠᠨ ᠪᠢᠴᠢᠬᠠᠨ ᠨᠠᠶᠢᠵᠠ ᠴᠤ ᠭᠤᠶᠢᠳᠠ ᠰᠠᠶᠢᠬᠠᠨ ᠲᠤᠷᠰᠢᠯᠲᠠ ᠳᠤ ᠭᠦᠨ ᠲᠠᠲᠠᠭᠳᠠᠵᠤ᠂ ᠨᠢᠳᠦ ᠪᠦᠯᠲᠡᠭᠡᠨ᠄ ︽ᠶᠠᠭᠠᠬᠢᠬᠤ ᠶᠢᠨ ᠠᠷᠭ᠎ᠠ ᠦᠭᠡᠢ ᠪᠠᠭ᠋ᠠᠷᠬᠠᠯ ᠢ ᠮᠢᠨᠢ ᠲᠠᠳᠠᠵᠤ᠂ ᠪᠢ ᠪᠠᠰᠠ ᠡᠳᠡᠭᠡᠷ ᠭᠠᠶᠢᠬᠠᠮᠰᠢᠭᠲᠤ ᠲᠤᠷᠰᠢᠯᠲᠠ ᠶᠢ ᠲᠤᠷᠰᠢᠵᠤ ᠦᠵᠡᠶ᠎ᠡ ᠭᠡᠵᠦ  ᠲᠤᠩ ᠰᠠᠨᠠᠵᠤ ᠪᠠᠶᠢᠨ᠎ᠠ︕︾ ᠬᠡᠵᠦ ᠶᠠᠷᠢᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠦᠷᠴᠠᠶᠢᠬᠤ ᠲᠠᠨᠢᠯᠴᠠᠭᠤᠯᠬᠤ ᠳᠠᠭᠠᠨ ᠄ ︽ᠪᠢᠳᠡ ︿ᠲᠤᠷᠰᠢᠯᠲᠠ ᠶᠢᠨ ᠦᠵᠡᠭᠦᠯᠭᠡ  + ᠬᠠᠷᠢᠯᠴᠠᠨ ᠦᠢᠯᠡᠳᠦᠯᠴᠡᠵᠦ ᠬᠠᠷᠢᠯᠴᠠᠨ ᠣᠶᠢᠯᠠᠭᠠᠬᠤ  +  ᠰᠤᠨᠢᠷᠬᠠᠯ ᠲᠠᠢ ᠠᠰᠠᠭᠤᠯᠲᠠ ᠬᠠᠷᠢᠭᠤᠯᠲᠠ︾ ᠶᠢᠨ ᠬᠡᠯᠪᠡᠷᠢ ᠪᠠᠷ ᠨᠡᠶᠢᠳᠡᠮ ᠪᠡᠶᠡᠴᠢᠯᠡᠨ ᠤᠶᠢᠯᠠᠭᠠᠭᠤᠯᠵᠤ᠂ ᠰᠤᠷᠤᠭᠴᠢᠳ ᠲᠤ ᠪᠠᠶᠢᠭᠠᠯᠢ ᠶᠢᠷᠲᠢᠨᠴᠦ ᠶᠢᠨ ᠠᠵᠢᠯᠯᠠᠭᠠᠨ ᠤ ᠵᠢᠮ᠎ᠡ ᠶᠣᠰᠣ ᠶᠢ ᠰᠢᠭᠤᠳ ᠣᠶᠢᠯᠠᠭᠠᠭᠤᠯᠵᠤ᠂ ᠲᠡᠳᠡᠨ ᠤ ᠣᠶᠤᠨᠴᠢ᠂ ᠦᠨᠡᠨ ᠢ ᠪᠠᠷᠢᠮᠲᠠᠯᠠᠬᠤ ᠰᠢᠨᠵᠢᠯᠡᠬᠦ ᠤᠬᠠᠭᠠᠨᠴᠢ ᠲᠠᠨᠢᠨ ᠮᠡᠳᠡᠬᠦᠢ ᠶᠢᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠲᠡᠳᠡᠨ ᠤ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠭᠠᠷ ᠬᠥᠳᠡᠯᠬᠦ ᠴᠢᠳᠠᠪᠤᠷᠢ᠂ ᠯᠣᠭᠢᠭ ᠰᠡᠳᠬᠢᠬᠦᠢ ᠶᠢᠨ ᠴᠢᠳᠠᠪᠤᠷᠢ᠂ ᠡᠭᠦᠳᠦᠨ ᠪᠦᠳᠦᠭᠡᠵᠦ ᠰᠢᠨ᠎ᠡ ᠶᠢ ᠡᠭᠦᠳᠬᠦ ᠴᠢᠳᠠᠪᠤᠷᠢ ᠶᠢ ᠬᠦᠮᠦᠵᠢᠬᠦᠯᠪᠡ᠃ ᠬᠤᠶᠢᠰᠢᠳᠠ ᠪᠢᠳᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠪᠣᠶ ᠪᠣᠯᠭᠠᠵᠤ᠂ ᠬᠡᠦᠬᠡᠳ ᠤᠳ ᠤᠨ ᠰᠡᠳᠬᠢᠯ ᠳᠤ ᠰᠢᠨᠵᠢᠯᠡᠬᠦ ᠤᠬᠠᠭᠠᠨᠴᠢ ᠦᠷ᠎ᠡ ᠶᠢ ᠰᠠᠴᠤᠵᠤ᠂ ᠰᠤᠷᠤᠭᠴᠢᠳ ᠢ ︿ᠭᠠᠷ ᠢᠶᠠᠨ ᠬᠦᠳᠡᠯᠬᠡᠬᠦ᠂ ᠲᠠᠷᠢᠬᠢ ᠲᠣᠯᠣᠭᠠᠶ ᠪᠠᠨ ᠬᠥᠳᠡᠯᠭᠡᠬᠦ᠂ ᠨᠠᠷᠢᠨ ᠠᠵᠢᠭᠯᠠᠬᠤ᠂ ᠢᠯᠡᠬᠦᠦ ᠰᠡᠳᠬᠢᠬᠦ﹀ ᠵᠡᠷᠭᠡ ᠨᠢᠭᠡ ᠨᠠᠰᠤᠨ ᠤ ᠰᠠᠶᠢᠨ ᠳᠠᠳᠬᠠᠯ ᠲᠠᠢ ᠪᠣᠯᠭᠠᠵᠤ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠲᠠᠢ ᠴᠠᠭ ᠦᠶ᠎ᠡ ᠶᠢᠨ ᠰᠢᠨ᠎ᠡ ᠬᠥᠮᠦᠨ ᠢ ᠬᠦᠴᠦᠯᠡᠨ ᠬᠥᠮᠦᠵᠢᠭᠦᠯᠦᠨ᠎ᠡ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号