ᠪᠦᠬᠦ ᠤᠯᠤᠰ ᠢᠶᠠᠷ ᠢᠶᠠᠨ ᠬᠥᠬᠢᠭᠦᠯᠦᠨ ᠰᠠᠶᠢᠰᠢᠶᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠭᠡ ᠭᠡᠷ ᠪᠦᠯᠢ ᠵᠢᠭᠰᠠᠭᠠᠯ ᠳᠤ ᠣᠷᠣᠵᠠᠶ
ᠨᠡᠶᠢᠲᠡᠯᠡᠭᠰᠡᠨ ᠴᠠᠭ᠄
2025/5/26
      5 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠪᠣᠯᠪᠠᠰᠤᠨ ᠤ ᠰᠦᠯᠵᠢᠶ᠎ᠡ ︽ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠪᠠᠶᠢᠭᠤᠯᠭ᠎ᠠ ᠨᠢᠭᠡᠴᠡ ᠪᠣᠯᠤᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠮᠠᠭᠠᠳᠯᠠᠨ ᠲᠣᠭᠲᠠᠭᠠᠬᠤ ᠲᠤᠬᠠᠢ ᠲᠥᠪ ᠤᠨ ᠦᠵᠡᠯ ᠰᠠᠨᠠᠭ᠎ᠠ ᠰᠤᠶᠤᠯ ᠤᠨ ᠤᠬᠠᠭᠤᠯᠭ᠎ᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠰᠢᠢᠳᠪᠦᠷᠢ︾ ᠶᠢ ᠨᠡᠶᠢᠲᠡᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤᠨ ᠤ ᠠᠳᠢᠶ᠎ᠠ ᠶᠢᠨ ᠭᠡᠷ ᠪᠦᠯᠢ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠤ ᠭᠡᠷ ᠪᠦᠯᠢ ᠶᠢᠨ ᠴᠣᠯᠠ ᠶᠢ ᠢᠷᠠᠭᠤ ᠠᠯᠳᠠᠷ ᠲᠠᠢ ᠪᠠᠷ ᠬᠦᠷᠲᠡᠵᠦ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠠᠭᠴᠢ ᠤᠯᠤᠰ ᠤᠨ ᠲᠡᠰ ᠤᠨ ᠢᠷᠠᠭᠤ ᠠᠯᠳᠠᠷ ᠢ ᠬᠦᠷᠳᠡᠭᠰᠡᠨ ᠭᠡᠷ ᠪᠦᠯᠢ ᠶᠢᠨ ᠬᠡᠪ ᠳᠠᠭᠤᠷᠢᠶᠠᠯ ᠪᠣᠯᠪᠠ᠃      ᠠᠳᠢᠶ᠎ᠠ᠄ 1962 ᠣᠨ ᠤ 6 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ ᠮᠠᠨᠳᠤᠯ ᠪᠠᠯᠭᠠᠰᠤᠨ ᠤ ᠪᠠᠶᠠᠨᠬᠠᠷ᠎ᠠ ᠭᠠᠴᠠᠭᠠᠨ ᠤ ᠮᠠᠯᠴᠢᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠢᠯᠢ ᠬᠠᠮᠠᠭᠠᠯᠠᠭᠴᠢ ᠶᠤᠮ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号