ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 23 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠂ ︽ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠢᠯᠯᠠᠭᠠᠨ ᠤ ᠲᠥᠰᠥᠯ ︵2025 - 2027 ᠣᠨ︶︾ ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠶᠠᠷᠢᠯᠴᠠᠪᠠ᠃   ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠣᠯ ᠶᠡᠭᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠯᠦᠭᠡ ᠤᠶᠠᠯᠳᠤᠭᠤᠯᠵᠤ᠂ ᠲᠡᠷᠢᠭᠦᠨ ᠤ ᠲᠤᠨᠤᠭ ᠲᠥᠬᠦᠭᠡᠷᠦᠮᠵᠢ ᠪᠠ ᠤᠷᠠᠯᠠᠯ ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠪᠣᠬᠢᠷᠲᠤᠯ ᠦᠭᠡᠢ ᠪᠠᠷ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠥᠨᠳᠥᠷ ᠭᠠᠷᠤᠭ᠎ᠠ ᠲᠠᠢ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠴᠢ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢᠯᠡᠳᠬᠦ ᠪᠠ ᠦᠢᠯᠡᠴᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠡᠩ ᠰᠠᠶᠢᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃   ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠥᠪᠡᠷ ᠤᠨ ᠦᠷᠳᠡᠭ ᠢ ᠨᠢ ᠬᠠᠮᠲᠤ ᠪᠠᠷ ᠡᠭᠦᠷᠭᠡᠯᠡᠬᠦ᠂ ᠦᠷ᠎ᠡ ᠠᠰᠢᠭ ᠢ ᠨᠢ ᠬᠠᠮᠲᠤ ᠪᠠᠷ ᠡᠳ᠋ᠯᠡᠬᠦ᠂ ᠬᠠᠮᠲᠤᠷᠠᠯᠴᠠᠵᠤ ᠬᠠᠮᠲᠤ ᠪᠠᠷ ᠵᠠᠰᠠᠬᠤ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠷᠬᠦᠴᠡ ᠪᠠᠷ ᠨᠡᠩ ᠪᠦᠬᠦ ᠲᠠᠯ᠎ᠠ ᠶᠢᠨ᠂ ᠡᠷᠬᠡ ᠬᠠᠷᠢᠭᠤᠴᠠᠯᠭ᠎ᠠ ᠪᠠᠷ ᠨᠡᠩ ᠲᠣᠳᠣᠷᠬᠠᠢ᠂ ᠠᠷᠭ᠎ᠠ ᠬᠡᠯᠪᠡᠷᠢ ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ ᠪᠠᠷ ᠨᠡᠩ ᠥᠨᠳᠥᠷ ᠪᠦᠲᠦᠮᠵᠢᠲᠡᠢ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ ᠪᠣᠯᠬᠤ ᠡᠭᠦᠷᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠭᠠᠵᠠᠷ ᠪᠠ ᠠᠰᠢᠭ ᠬᠦᠷᠳᠡᠬᠦ ᠭᠠᠵᠠᠷ ᠤᠨ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ ᠤ ᠭᠤᠣᠯ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠥᠬᠦᠪᠦᠷᠢᠯᠡᠬᠦ ᠬᠦᠷᠢᠶ᠎ᠡ ᠶᠢ ᠨᠢ ᠲᠣᠭᠲᠠᠭᠤᠨ ᠢᠶᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭᠠᠷ ᠮᠠᠨᠳᠠᠯ ᠵᠡᠷᠭᠡ ᠪᠤᠰᠤᠳ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠨᠥᠬᠦᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭᠠᠬᠤ ᠶᠢ ᠲᠣᠳᠣ ᠪᠠᠶᠢᠯᠭᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ︽ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭᠠᠯᠠᠪᠠᠯ ᠲᠡᠷᠡ ᠠᠰᠢᠭ ᠬᠦᠷᠳᠡᠬᠦ︾ ᠶᠢ ᠪᠠᠷᠢᠮᠲᠠᠯᠠᠵᠤ᠂ ᠤᠷᠮᠠᠰᠢᠭᠤᠯᠬᠤ ᠪᠠ ᠬᠦᠯᠢᠶᠡᠰᠦᠯᠡᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ ᠭᠡᠵᠡᠢ᠃   ᠬᠤᠷᠠᠯᠳᠤᠭᠠᠨ ᠢᠶᠠᠷ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠢᠳᠡᠭᠡᠨ ᠤ ᠵᠦᠢᠯ ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ ᠮᠡᠨᠳᠦ ᠳᠤ ᠬᠤᠯᠪᠣᠭᠳᠠᠨ᠎ᠠ᠂ ᠪᠠᠴᠢᠮ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠬᠡᠪ ᠵᠠᠭᠪᠤᠷ ᠢ ᠬᠡᠷᠡᠭ ᠡᠭᠦᠰᠬᠦ ᠠᠴᠠ ᠤᠷᠢᠳ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠬᠠᠨᠳᠤᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ ᠪᠣᠯᠬᠤ ᠬᠦᠷᠢᠶ᠎ᠡ ᠶᠢ ᠲᠣᠪᠤᠶᠢᠯᠭᠠᠨ ᠲᠤᠰᠬᠠᠢ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠄ ᠬᠤᠷᠠᠯᠳᠤᠭᠠᠨ ᠢᠶᠠᠷ ᠪᠠᠰᠠ
ᠨᠡᠶᠢᠲᠡᠯᠡᠭᠰᠡᠨ ᠴᠠᠭ᠄
2025/5/26
      ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠤᠮᠠᠷᠠᠳᠤ ᠬᠢᠯᠢ ᠳᠠᠬᠢ ᠬᠠᠶᠢᠷ᠎ᠠ ᠰᠡᠳᠬᠢᠯ︾ ᠭᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠵᠡᠯ ᠰᠠᠨᠠᠭ᠎ᠠ ᠤᠯᠤᠰ ᠲᠥᠷᠥ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠥᠬᠦ ᠬᠤᠰᠢᠭᠤᠨ ᠤ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ ᠦᠵᠡᠯ ᠰᠠᠨᠠᠭ᠎ᠠ ᠤᠯᠤᠰ ᠲᠥᠷᠥ ᠶᠢᠨ  ᠬᠢᠴᠢᠶᠡᠯ ᠤᠨ ᠲᠠᠩᠬᠢᠮ ᠢᠶᠠᠷ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠬᠠᠳᠠᠩᠰᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠨᠤᠲᠤᠭ ᠤᠨ ᠦᠯᠢᠭᠡᠷ ᠢᠶᠠᠷ ᠠᠴᠢᠶᠠᠯᠠᠪᠤᠷᠢ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠥᠷᠨᠢᠭᠦᠯᠬᠦ ᠤᠨᠴᠠᠯᠢᠬᠳᠤ ᠤᠬᠠᠭᠤᠯᠤᠨ ᠲᠠᠶᠢᠯᠪᠤᠷᠢᠯᠠᠬᠤ ᠪᠦᠯᠬᠦᠮ ᠪᠣᠯᠤᠭᠰᠠᠨ ᠤ ᠬᠤᠪᠢ ᠳᠤ᠂ ᠪᠦᠷᠢᠯᠳᠦᠬᠦᠨ ᠨᠡᠷ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾᠂ ︽ᠯᠦᠩ ᠮᠧᠢ ᠢᠦᠢ ᠷᠦᠩ ᠡᠭᠡᠴᠢ ᠥᠬᠢᠨ ᠳᠡᠭᠦᠦ︾᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠦᠳᠦᠭᠡᠨ ᠪᠠᠶᠢᠭᠤᠯᠬᠤ︾ ᠵᠡᠷᠭᠡ ᠴᠠᠭ ᠬᠤᠭᠤᠴᠠᠭ᠎ᠠ ᠣᠷᠣᠨ ᠵᠠᠢ ᠶᠢ ᠠᠯᠤᠰᠯᠠᠭᠰᠠᠨ ᠰᠡᠳᠬᠢᠯ ᠬᠥᠳᠡᠯᠭᠡᠮ᠎ᠡ ᠬᠠᠭᠤᠳᠠᠰᠤ ᠶᠢ ᠨᠠᠷᠢᠨ ᠰᠣᠩᠭᠤᠵᠤ᠂ ︽ᠳᠡᠷᠭᠡᠳᠡᠬᠢ ᠶᠠᠪᠤᠳᠠᠯ︾ ᠢᠶᠠᠷ ︽ᠶᠡᠭᠡ ᠪᠦᠯᠬᠦᠮᠳᠡᠯ︾ ᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠤᠢᠢᠯᠠᠭᠠᠭᠳᠠᠬᠤᠨ ᠢ ᠰᠤᠷᠭᠠᠭᠤᠯᠢ ᠶᠢᠨ ᠬᠦᠷᠢᠶᠡᠨ ᠳᠤ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃      ᠤᠬᠠᠭᠤᠯᠤᠨ ᠲᠠᠶᠢᠯᠪᠤᠷᠢᠯᠠᠬᠤ ᠲᠤᠬᠠᠶ ᠶᠢᠨ ᠲᠠᠯᠠᠪᠠᠶ ᠳᠤ᠂ ᠭᠡᠰᠢᠭᠦᠳ ᠥᠯᠢᠭᠡᠷ ᠶᠠᠷᠢᠬᠤ᠂ ᠬᠠᠷᠢᠯᠴᠠᠨ ᠠᠰᠠᠭᠤᠵᠤ ᠬᠠᠷᠢᠭᠤᠯᠬᠤ ᠵᠡᠷᠭᠡ ᠬᠡᠯᠪᠡᠷᠢ ᠪᠠᠷ ᠰᠤᠷᠤᠭᠴᠢᠳ ᠢ ᠳᠠᠭᠠᠭᠤᠯᠤᠨ ᠴᠠᠭ ᠣᠷᠣᠨ ᠵᠠᠶ ᠶᠢᠨ ᠣᠷᠳᠣ  ᠠᠶᠠᠨ ᠢ ᠳᠤᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠪᠥᠬᠦ ᠲᠠᠯ᠎ᠠ ᠪᠠᠷ ᠭᠦᠨᠵᠡᠭᠡᠶ ᠤᠶᠢᠯᠠᠭᠠᠭᠤᠯᠪᠠ᠃ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠢ ᠶᠠᠷᠢᠬᠤ ᠳᠠᠭᠠᠨ᠂ ᠤᠬᠠᠭᠤᠯᠤᠨ ᠲᠠᠶᠢᠯᠪᠤᠷᠢᠯᠠᠭᠴᠢ ᠠᠴᠠ ᠳᠡᠭᠡᠷ᠎ᠡ ᠵᠠᠭᠤᠨ ᠤ ᠵᠢᠷᠠᠭᠠᠳ ᠣᠨ ᠤ ᠲᠠᠯ᠎ᠠ ᠨᠤᠲᠤᠭ ᠤᠨ ᠡᠬᠡ ᠶᠢᠨ ᠰᠦ ᠪᠣᠯᠤᠨ ᠬᠠᠶᠢᠷ᠎ᠠ  ᠪᠠᠷ ᠡᠮᠦᠨᠡᠲᠦ ᠣᠷᠣᠨ ᠤ ᠭᠤᠷᠪᠠᠨ ᠮᠢᠩᠭᠠᠨ ᠥᠨᠥᠴᠢᠨ ᠬᠡᠦᠬᠡᠳ ᠢ ᠥᠰᠬᠡᠨ ᠪᠤᠶᠢᠵᠢᠭᠤᠯᠤᠭᠰᠠᠨ ᠠᠵᠢᠯᠯᠠᠭ᠎ᠠ ᠶᠢ ᠠᠮᠢᠳᠤᠯᠢᠭ ᠢᠶᠠᠷ ᠶᠠᠷᠢᠭᠰᠠᠨ ᠪᠠᠶᠢᠨ᠎ᠠ᠃ ︽11 ᠨᠠᠰᠤᠲᠠᠶ ᠯᠦᠩ ᠮᠧᠶ ᠪᠣᠯᠤᠨ 9 ᠨᠠᠰᠤᠲᠠᠶ ᠢᠦᠶ ᠷᠦᠩ᠂  ᠨᠡᠶᠢᠳᠡ ᠶᠢᠨ ᠬᠤᠨᠢᠨ ᠰᠦᠷᠦᠭ ᠢ ᠬᠠᠮᠠᠭᠠᠯᠠᠬᠤ ᠶᠢᠨ ᠲᠥᠯᠥᠭᠡ᠂ ᠴᠠᠰᠤ ᠰᠢᠭᠤᠷᠭᠠᠨ ᠳᠤ ᠦᠬᠦᠰᠢᠷᠡᠲᠡᠯ᠎ᠡ ᠲᠡᠮᠡᠴᠡᠵᠦ᠂ ᠨᠢᠯᠬ᠎ᠠ ᠨᠢᠷᠠᠶ ᠪᠡᠶ᠎ᠡ ᠪᠠᠷ ᠢᠶᠠᠨ ᠤᠯᠤᠰ ᠤᠨ ᠡᠳ᠋ ᠬᠥᠷᠥᠩᠭᠡ ᠶᠢ ᠰᠠᠬᠢᠨ ᠬᠠᠮᠠᠭᠠᠯᠠᠪᠠ︾ ᠬᠡᠵᠦ ᠤᠬᠠᠭᠤᠯᠤᠨ ᠲᠠᠶᠢᠯᠪᠤᠷᠢᠯᠠᠭᠴᠢ ᠯᠦᠩ ᠮᠧᠶ ᠢᠦᠶ ᠷᠦᠩ ᠤᠨ ᠦᠢᠯᠡ ᠠᠵᠢᠯᠯᠠᠭ᠎ᠠ ᠶᠢ ᠶᠠᠷᠢᠬᠤ ᠦᠶ᠎ᠡ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠭᠦᠰᠦᠭᠰᠡᠨ ᠡᠨᠡ ᠬᠦ ᠦᠨᠡᠨ ᠪᠣᠳᠠᠲᠠᠶ ᠥᠯᠢᠭᠡᠷ ᠨᠢ ᠰᠣᠷᠣᠭᠴᠢ ᠨᠢᠭᠡᠪᠦᠷᠢ ᠶᠢᠨ ᠣᠶᠤᠨ ᠰᠠᠨᠠᠭ᠎ᠠ ᠶᠢ ᠭᠦᠨ ᠳᠣᠭᠳᠣᠯᠤᠭᠤᠯᠵᠠᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠹᠧᠩ ᠶᠠ ᠯᠢᠩ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠪᠠ ︽ᠲᠠᠯ᠎ᠠ ᠨᠤᠲᠤᠭ ᠤᠨ ᠪᠢᠴᠢᠬᠠᠨ ᠪᠠᠭᠠᠳᠤᠷ ᠡᠭᠡᠴᠢ ᠥᠬᠢᠨ ᠳᠡᠭᠦᠦ︾ ᠶᠢᠨ ᠦᠯᠢᠭᠡᠷ ᠢ ᠰᠣᠨᠣᠰᠤᠭᠰᠠᠨ ᠤ ᠳᠠᠷᠠᠭ᠎ᠠ ᠶᠡᠬᠡᠳᠡ ᠰᠡᠳᠬᠢᠯ ᠬᠦᠳᠡᠯᠦᠨ᠄ ︽ᠮᠠᠨ ᠤ ᠰᠤᠷᠭᠠᠭᠤᠯᠢ ᠳᠤ ᠳᠠᠷᠤᠢ ᠠᠳᠠᠯᠢ ᠪᠤᠰᠤ ᠦᠨᠳᠦᠰᠦᠲᠡᠨ ᠤ ᠬᠠᠮᠲᠤ ᠰᠤᠷᠤᠭᠴᠢ ᠲᠠᠢ᠂ ᠡᠩ ᠤᠨ ᠦᠶ᠎ᠡ ᠳᠤ ᠤᠯᠠᠨ ᠢᠶᠠᠷ ᠢᠶᠠᠨ ᠬᠠᠮᠲᠤ ᠪᠠᠷ ᠰᠤᠷᠤᠯᠴᠠᠵᠤ᠂ ᠠᠵᠢᠯᠯᠠᠭ᠎ᠠ ᠳᠤ ᠬᠠᠮᠲᠤ ᠣᠷᠣᠯᠴᠠᠵᠤ᠂ ᠶᠠᠮᠠᠷ ᠬᠦᠴᠢᠷᠳᠡᠯ ᠳᠤ ᠲᠤᠯᠭᠠᠷᠠᠭᠰᠠᠨ ᠴᠤ ᠪᠢᠳᠡ ᠪᠣᠯ ᠨᠢᠭᠡ ᠬᠠᠮᠲᠤ ᠨᠡᠶᠢᠳᠡ ᠮᠦᠨ ᠭᠡᠳᠡᠭ ᠢ ᠴᠡᠭᠡᠵᠢᠯᠡᠵᠦ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠳᠦᠰᠦᠲᠡᠨ ᠤ ᠪᠦᠯᠬᠦᠮᠳᠡᠯ ᠢ ᠰᠠᠶᠢᠲᠤᠷ ᠰᠠᠬᠢᠨ ᠬᠠᠮᠠᠭᠠᠯᠠᠪᠠᠯ ᠰᠠᠶ᠋ᠢ ᠨᠡᠩ ᠰᠠᠶᠢᠨ ᠰᠠᠶᠢᠬᠠᠨ ᠢᠷᠡᠭᠡᠳᠦᠢ ᠶᠢᠨ ᠵᠢᠷᠤᠭ ᠢ ᠬᠠᠮᠲᠤᠪᠠᠷ ᠵᠢᠷᠤᠭᠯᠠᠵᠤ ᠴᠢᠳᠠᠨ᠎ᠠ︾ ᠬᠡᠵᠦ ᠶᠠᠷᠢᠪᠠ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠬᠥᠮᠦᠵᠢᠯ ᠦᠢᠯᠡᠳᠦᠯᠭᠡ ᠪᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠸᠠᠩ ᠰᠢᠶᠠᠩ ᠹᠸᠢ ᠬᠡᠯᠡᠬᠦ ᠳᠡᠭᠡᠨ᠄ ︽ᠬᠤᠶᠢᠰᠢᠳᠠ ᠶᠢᠨ ᠡᠳᠦᠷ ᠲᠤᠲᠤᠮ ᠤᠨ ᠵᠢᠭᠠᠨ ᠰᠤᠷᠭᠠᠯᠲᠠ ᠳᠤ ᠪᠠᠨ ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠤᠯᠠᠨ ᠲᠠᠯ᠎ᠠ ᠪᠠᠷ ᠠᠭᠤᠰᠤᠯᠴᠠᠭᠤᠯᠵᠤ᠂ ᠦᠨᠳᠦᠰᠦᠲᠡᠨ ᠤ ᠰᠣᠶᠣᠯ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ᠂ ᠰᠤᠳᠤᠯᠤᠨ ᠰᠤᠷᠤᠯᠴᠠᠬᠤ ᠦᠢᠯᠡᠳᠦᠯᠭᠡ ᠶᠢ ᠵᠣᠬᠢᠶᠠᠨ ᠪᠠᠶᠢᠭᠤᠯᠬᠤ᠂ ᠦᠨᠳᠦᠰᠦᠲᠡᠨ ᠤ ᠮᠦᠽᠧᠶ ᠶᠢ ᠲᠣᠭᠤᠷᠢᠨ ᠦᠵᠡᠬᠦ ᠵᠡᠷᠭᠡ ᠪᠠᠷ ᠳᠠᠮᠵᠢᠭᠤᠯᠤᠨ᠂ ᠰᠤᠷᠤᠭᠴᠢᠳ ᠤᠨ ᠢᠵᠢᠯᠰᠢᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠎ᠡ︾ ᠭᠡᠪᠡ᠃      ᠨᠢᠭᠡ ᠤᠳᠠᠭᠠᠨ ᠤ ᠤᠬᠠᠭᠤᠯᠤᠨ ᠲᠠᠶᠢᠯᠪᠤᠷᠢᠯᠠᠯᠳᠠ ᠨᠢ ᠨᠢᠭᠡ ᠤᠳᠠᠭ᠎ᠠ ᠦᠷ᠎ᠡ ᠰᠠᠴᠤᠨ᠎ᠠ︔ ᠨᠢᠭᠡ ᠬᠤᠭᠤᠴᠠᠭᠠᠨ ᠤ ᠲᠡᠦᠬᠡ ᠨᠢ ᠨᠢᠭᠡ ᠰᠤᠳᠠᠯ ᠢᠶᠠᠷ  ᠤᠯᠠᠮᠵᠢᠯᠠᠭᠳᠠᠨ᠎ᠠ᠃ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽ᠤᠮᠠᠷᠠᠳᠤ ᠬᠢᠯᠢ ᠳᠠᠬᠢ ᠬᠠᠶᠢᠷ᠎ᠠ ᠰᠡᠳᠬᠢᠯ︾ ᠭᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠯᠦ ᠭᠦᠸᠧ ᠹᠧᠢ᠄ ︽ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠪᠢᠳᠡ ᠰᠤᠷᠤᠭᠴᠢᠳ ᠲᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠳᠤ ᠵᠠᠰᠠᠪᠤᠷᠢ ᠣᠷᠣᠭᠤᠯᠵᠤ᠂ ᠳᠥᠭᠦᠮ ᠣᠶᠢᠯᠠᠭᠠᠮᠵᠢᠲᠠᠶ᠂ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠤᠬᠠᠭᠤᠯᠤᠨ ᠲᠠᠶᠢᠯᠪᠤᠷᠢᠯᠠᠵᠤ᠂ ᠪᠠᠰᠠ ᠪᠢᠳᠡᠨ ᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ ᠵᠠᠯᠭᠠᠭᠠᠳ᠂ ︽ᠤᠮᠠᠷᠠᠳᠤ ᠬᠢᠯᠢ ᠳᠠᠬᠢ ᠬᠠᠶᠢᠷ᠎ᠠ ᠰᠡᠳᠬᠢᠯ︾ ᠭᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠦᠷᠭᠦᠯᠵᠢᠯᠡᠨ ᠨᠡᠶᠢᠭᠡᠮ ᠲᠣᠭᠤᠷᠢᠭ᠂ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠳᠤ ᠬᠦᠷᠴᠦ᠂ ᠨᠠᠩ ᠣᠯᠠᠨ ᠨᠤᠲᠤᠭ ᠤᠨ ᠥᠯᠢᠭᠡᠷ ᠢᠶᠠᠷ ᠠᠴᠢᠶᠠᠯᠠᠪᠤᠷᠢ ᠪᠣᠯᠭᠠᠵᠤ᠂ ᠨᠠᠩ ᠡᠯᠪᠡᠭ ᠪᠠᠶᠠᠯᠢᠭ ᠬᠡᠯᠪᠡᠷᠢ ᠪᠠᠷ ᠂ ᠣᠯᠠᠨ ᠲᠦᠮᠡᠨ  ᠲᠠᠢ ᠨᠡᠩ ᠤᠶᠢᠷᠠᠳᠤᠭᠰᠠᠨ ᠠᠭᠤᠯᠭ᠎ᠠ ᠲᠠᠢ ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ᠨᠤᠳᠤᠭ ᠤᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠳᠠᠷᠬᠠᠨ ᠮᠤᠤᠮᠢᠩᠭᠠᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号