ᠣᠶᠢᠷ᠎ᠠ ᠳᠤ᠂ ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽2025 ᠣᠨ ᠤ ᠪᠤᠭᠤᠲᠤ ᠶᠢᠨ ᠬᠤᠲᠠ ᠶᠢᠨ | ᠲᠠᠰ ᠤᠨ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ ᠤᠨ ᠨᠡᠷᠡᠰ ︵ᠬᠤᠶᠠᠳᠤᠭᠠᠷ ᠪᠦᠯᠦᠭ︶ ᠤᠨ ᠢᠯᠡ ᠵᠠᠷᠯᠠᠯ︾ ︵ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠬᠠᠮᠳᠤᠷᠠᠨ ᠲᠠᠷᠬᠠᠭᠠᠭᠰᠠᠨ ﹇2025﹈ 13 ᠳ᠋ᠤᠭᠠᠷ ᠲᠣᠭᠠᠲᠤ︶ ᠢ ᠪᠠᠭᠤᠯᠭᠠᠵᠤ᠂ 2025 | ᠣᠨ ᠤ ᠪᠤᠭᠤᠲᠤ ᠶᠢᠨ ᠬᠤᠲᠠ ᠶᠢᠨ ᠲᠠᠰ ᠤᠨ ᠬᠤᠶᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ ᠤᠨ ᠨᠡᠷᠡᠰ ᠢ ᠨᠡᠶᠢᠲᠡᠯᠡᠵᠦ᠂ ᠪᠠᠷᠠᠭᠤᠨ ᠠᠵᠤ ᠦᠢᠯᠡᠳᠪᠦᠷᠢᠯᠡᠯ ᠤᠨ ᠬᠦᠷᠢᠶᠡᠯᠡᠩ ᠲᠣᠭᠤᠷᠢᠭ ᠤᠨ ᠪᠧᠢ | ᠱᠧᠩ ᠺᠠᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠴᠢᠶᠠᠨ ᠲᠦᠩ ᠠᠭᠤᠷᠬᠠᠶ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠷᠦᠩ ᠲᠠᠢ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠨᠡᠷᠡᠰ ᠲᠤ ᠢᠯᠡᠷᠡᠵᠡᠢ᠃ | ᠤᠰᠤ ᠠᠷᠪᠢᠯᠠᠬᠤ ᠮᠠᠶ᠋ᠢᠭ ᠤᠨ ᠠᠵᠤ ᠠᠬᠤᠶᠢᠯᠠᠯ ᠢ ᠰᠢᠯᠭᠠᠷᠠᠭᠤᠯᠤᠨ ᠰᠣᠩᠭᠤᠬᠤ ᠪᠠᠷ ᠳᠠᠮᠵᠢᠭᠤᠯᠤᠨ | ᠭᠤᠤᠯᠳᠠᠯᠭ᠎ᠠ ᠲᠠᠢ ᠤᠰᠤ ᠬᠡᠷᠡᠭᠯᠡᠬᠦ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ | ᠲᠦᠯᠬᠢᠨ ᠠᠬᠢᠭᠤᠯᠬᠤ ᠶᠢᠨ ᠬᠠᠮᠲᠤ ᠡᠭᠦᠨ ᠢᠶᠠᠷ ᠵᠢᠱᠢᠶ᠎ᠡ ᠦᠵᠡᠭᠦᠯᠦᠨ᠂ ᠪᠦᠬᠦ ᠠᠵᠢᠯ ᠲᠥᠷᠥᠯ᠂ ᠪᠦᠬᠦ | ᠨᠡᠶᠢᠭᠡᠮ ᠤᠨ ᠤᠰᠤ ᠠᠷᠪᠢᠯᠠᠬᠤ ᠠᠵᠢᠯ ᠤᠨ ᠥᠷᠨᠢᠯᠲᠡ ᠶᠢ ᠳᠠᠶᠢᠴᠢᠯᠠᠬᠤ ᠶᠢᠨ ᠲᠥᠯᠥᠭᠡ ᠶᠤᠮ᠃ ᠲᠣᠰ | ᠤᠳᠠᠭᠠᠨ ᠤ ᠬᠦᠷᠢᠶᠡᠯᠡᠩ ᠲᠣᠭᠤᠷᠢᠭ ᠤᠨ 3 ᠠᠵᠤ ᠠᠬᠤᠶᠢᠯᠠᠯ ᠨᠢ ᠬᠤᠲᠠ ᠶᠢᠨ ᠲᠠᠰ ᠤᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢᠶᠠᠷ ᠦᠨᠡᠯᠡᠭᠳᠡᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ | ᠠᠷᠪᠢᠯᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠳᠦ ᠬᠡᠮᠵᠢᠶ᠎ᠡ ᠪᠠᠷ ᠨᠤᠲᠠᠯᠠᠭᠰᠠᠨ ᠢᠶᠠᠷ ᠪᠠᠷᠠᠬᠤ ᠥᠬᠡᠶ᠂ ᠪᠠᠰᠠ | ᠬᠤᠶᠢᠰᠢᠳᠠ ᠶᠢᠨ ᠬᠦᠷᠢᠶᠡᠯᠡᠩ ᠲᠣᠭᠤᠷᠢᠭ ᠤᠨ ᠤᠰᠤ ᠠᠷᠪᠢᠯᠠᠬᠤ ᠠᠵᠢᠯ ᠳᠤ ᠰᠢᠨ᠎ᠡ ᠬᠡᠪ ᠳᠠᠭᠤᠷᠢᠶᠠᠯ ᠪᠣᠯᠤᠭᠰᠠᠨ | ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠦᠷᠢᠶᠡᠯᠡᠩ ᠲᠣᠭᠤᠷᠢᠭ ᠨᠢ ᠠᠵᠢᠯ ᠤᠨ ᠵᠢᠯᠣᠭᠤᠳᠣᠯᠭ᠎ᠠ ᠪᠠᠨ ᠦᠷᠭᠦᠯᠵᠢᠯᠡᠨ | ᠴᠢᠩᠭᠠᠳᠬᠠᠵᠤ᠂ ᠤᠰᠤ ᠠᠷᠪᠢᠯᠠᠬᠤ ᠤᠷ᠎ᠠ ᠮᠡᠷᠭᠡᠵᠢᠯ ᠪᠠ ᠲᠥᠬᠦᠭᠡᠷᠦᠮᠵᠢ ᠶᠢ ᠶᠡᠬᠡᠪᠡᠷ ᠳᠡᠯᠭᠡᠷᠡᠭᠦᠯᠵᠦ᠂ ᠥᠨᠳᠥᠷ | ᠪᠦᠲᠦᠮᠵᠢᠲᠡᠶ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠭᠰᠠᠨ᠂ ᠡᠷᠬᠢᠯᠳᠡᠳᠦ ᠪᠠ | ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠪᠠ ᠤᠰᠤ ᠠᠷᠪᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ | ᠭᠠᠵᠠᠷ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠨ᠎ᠠ᠃ | |