ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2025/5/26
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠭᠢᠯᠭᠠᠨ ᠮᠡᠳᠡᠭᠡ 5 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠲᠣᠰ ᠬᠤᠭᠤᠴᠠᠭᠠᠨ ᠤ ᠪᠠᠷᠠᠭᠤᠨ ᠣᠷᠣᠨ ᠤ ᠦᠵᠡᠰᠭᠦᠯᠡᠩ ᠤᠨ ᠴᠤᠭᠯᠠᠭᠠᠨ ᠨᠢ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠳᠡᠮᠵᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠪᠥᠭᠡᠳ ᠳᠡᠯᠡᠬᠡᠢ ᠶᠢᠨ ᠡᠯ᠎ᠡ ᠤᠯᠤᠰ ᠤᠨ ᠳᠤᠮᠳᠠᠳᠤ ᠤᠯᠤᠰ ᠤᠨ ᠪᠠᠷᠠᠭᠤᠨ ᠣᠷᠣᠨ ᠤ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠬᠦ ᠳᠤ ᠪᠦᠲᠦᠮᠵᠢᠲᠡᠶ ᠲᠠᠪᠴᠠᠩ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠦᠯᠬᠦᠮᠳᠡᠪᠡᠯ ᠰᠠᠶ᠋ᠢ ᠬᠠᠮᠲᠤ ᠪᠠᠷ ᠠᠰᠢᠭ ᠬᠦᠷᠲᠡᠵᠦ᠂ ᠭᠠᠷ ᠬᠤᠯᠪᠣᠯᠴᠠᠪᠠᠯ ᠰᠠᠶ᠋ᠢ ᠬᠠᠮᠲᠤ ᠪᠠᠷ ᠤᠷᠤᠭᠰᠢᠯᠠᠵᠤ ᠴᠢᠳᠠᠨ᠎ᠠ᠃ ᠪᠢᠳᠡ ᠳᠤᠷᠠᠲᠠᠶ᠎ᠠ ᠡᠨᠡ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠡᠯ᠎ᠡ ᠤᠯᠤᠰ ᠤᠨ ᠨᠠᠶᠢᠵᠠ ᠨᠠᠷ ᠲᠠᠢ ᠤᠯᠠᠮ ᠨᠢᠭᠡ ᠠᠯᠬᠤᠮ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠨᠥᠬᠦᠷᠯᠡᠯ ᠢᠶᠠᠨ ᠵᠤᠵᠠᠭᠠᠳᠬᠠᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠪᠣᠯᠣᠨ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃      ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠲᠤᠰ ᠡᠳᠦᠷ ᠰᠧᠴᠦᠸᠠᠨ ᠮᠤᠵᠢ ᠶᠢᠨ ᠴᠧᠩᠳᠦ᠋ ᠬᠤᠳᠠ ᠳᠤ ᠡᠬᠢᠯᠡᠪᠡ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠵᠦ ᠨᠡᠭᠡᠭᠡᠯᠲᠡ ᠶᠢ ᠥᠷᠭᠡᠳᠬᠡᠵᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ᠂ ᠰᠧᠴᠦᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠤ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号