ᠠᠶᠢᠯ ᠪᠣᠯᠭᠠᠨ ᠳᠤ ᠪᠦᠷ ᠬᠡᠥᠬᠡᠳ ᠲᠠᠢ᠂ ᠬᠥᠮᠦᠨ ᠪᠦᠬᠦᠨ ᠥᠳᠡᠯᠡᠭᠦ ᠡᠳᠥᠷ ᠲᠠᠢ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ︽ᠨᠢᠭᠡ ᠨᠠᠰᠤᠲᠠᠨ ᠨᠢᠭᠡ ᠪᠠᠯᠴᠢᠷ︾ ᠦᠢᠯᠡᠴᠢᠯᠡᠭᠡᠨ ᠤ ᠲᠠᠯ᠎ᠠ ᠪᠠᠷ | ᠢᠳᠡᠪᠬᠢᠲᠡᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ | ᠲᠠᠪᠴᠠᠩ ᠪᠠᠶᠢᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠨᠠᠰᠤᠲᠠᠨ ᠢᠶᠠᠨ ᠠᠰᠠᠷᠠᠵᠤ᠂ | ᠨᠢᠯᠬ᠎ᠠ ᠪᠠᠨ ᠬᠥᠮᠦᠵᠢᠭᠦᠯᠬᠦ︾ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽ᠵᠢᠷᠭᠠᠬᠤ ᠨᠠᠷᠠᠨ︾ ᠢ ᠨᠠᠩ | ᠳᠤᠯᠠᠭᠠᠨ᠂ ︽ᠤᠷᠭᠤᠬᠤ ᠨᠠᠷᠠᠨ︾ ᠢ ᠨᠠᠩ ᠥᠩᠭᠡ ᠢᠯᠭᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | 1᠄ ᠨᠠᠰᠤᠲᠠᠨ ᠢᠶᠠᠨ ᠬᠠᠯᠠᠮᠵᠢᠯᠠᠵᠤ ᠬᠠᠮᠤᠭ ᠤᠨ ᠭᠤᠶᠤ ︽ ᠵᠢᠷᠭᠠᠬᠤ ᠨᠡᠷᠡᠨ ᠤ ᠳᠤᠶᠠᠭ᠎ᠠ︾ ᠶᠢ | ᠵᠢᠷᠤᠭᠯᠠᠪᠠ᠃ | ︽ᠯᠢ ᠡᠮᠡᠭᠡ ᠡ᠂ ᠲᠠᠨ ᠤ ᠣᠷᠴᠢᠮ ᠪᠡᠶ᠎ᠡ ᠴᠢᠨᠢ ᠶᠠᠮᠠᠷ ᠪᠤᠢ︖ ᠡᠨᠡ ᠪᠣᠯ ᠮᠠᠨ ᠤ ᠲᠠᠨ ᠳᠤ ᠠᠪᠤᠭᠰᠠᠨ | ᠵᠢᠮᠢᠰ ᠮᠥᠨ ᠁︾ | ︽ᠵᠠᠩ ᠠᠪᠠᠭ᠎ᠠ ᠡ᠂ ᠪᠢᠳᠡ ᠲᠠᠨ ᠤ ᠦᠰᠦ ᠶᠢ ᠵᠠᠰᠠᠭᠠᠳ ᠥᠭᠭᠦᠶ᠎ᠡ︾ | ᠢᠩᠭᠢᠵᠦ ᠬᠠᠯᠠᠮᠵᠢᠯᠠᠳᠠᠭ ᠮᠡᠨᠳᠦᠴᠢᠯᠡᠯ ᠤᠨ ᠦᠭᠡ ᠦᠷᠭᠦᠯᠵᠢ ᠨᠠᠰᠤᠳᠠᠳ ᠤᠨ ᠳᠤᠮᠳᠠ ᠰᠣᠨᠤᠰᠤᠭᠳᠠᠳᠠᠭ᠃ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠨᠠᠰᠤᠲᠠᠶᠢᠴᠤᠳ ᠲᠤ ᠤᠯᠠᠮ ᠨᠢᠭᠡ | ᠠᠯᠬᠤᠮ ᠰᠠᠶᠢᠲᠤᠷ ᠦᠢᠯᠡᠴᠢᠯᠡᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠣᠤᠷᠯᠢᠭ ᠪᠠᠶᠢᠭᠤᠯᠤᠯᠳᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠳᠥᠯᠥᠭᠡ᠂ ︽ | ᠭᠡᠷ ᠲᠤ ᠨᠢ ᠬᠦᠷᠴᠥ ᠦᠢᠯᠡᠴᠢᠯᠡᠭᠦ ᠠᠵᠢᠯᠯᠠᠭ᠎ᠠ︾ ᠶᠢ ᠪᠠᠶᠢᠩᠭᠤᠵᠢᠭᠤᠯᠤᠨ ᠥᠷᠨᠢᠭᠦᠯᠵᠦ᠂ ᠪᠠᠭ᠎ᠠ ᠶᠠᠪᠤᠳᠠᠯ ᠠᠴᠠ | ᠭᠠᠷᠳᠠᠵᠤ᠂ ᠨᠠᠰᠤᠲᠠᠶᠢᠴᠤᠳ ᠤᠨ ᠰᠡᠳᠬᠢᠯ ᠤᠨ ᠦᠭᠡ ᠶᠢ ᠨᠠᠷᠢᠨ ᠬᠢᠨᠠᠮᠠᠭᠠᠶ ᠰᠣᠨᠣᠰᠴᠤ᠂ ᠨᠠᠰᠤᠲᠠᠶᠢᠴᠤᠳ ᠲᠠᠢ | ᠨᠢᠭᠤᠷᠲᠠᠨ ᠶᠠᠷᠢᠯᠴᠠᠵᠤ᠂ ︽ᠴᠡᠭ ᠠᠴᠠ ᠴᠡᠭ ᠲᠤ ᠬᠦᠷᠬᠦ︾ ᠬᠠᠶᠢᠷ᠎ᠠ ᠬᠠᠯᠠᠮᠵᠢ ᠶᠢ ᠦᠨᠡᠨ ᠬᠦ ᠪᠡᠶᠡᠯᠡᠭᠦᠯᠵᠦ᠂ ᠨᠠᠮ | ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠠᠰᠤᠲᠠᠶᠢᠴᠤᠳ ᠤᠨ ᠰᠡᠳᠬᠢᠯ ᠳᠤ ᠦᠨᠡᠨ ᠬᠦ ᠬᠦᠷᠭᠡᠵᠦ᠂ | ᠨᠠᠰᠤᠲᠠᠶᠢᠴᠤᠳ ᠤᠨ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ | ᠲᠠᠰᠤᠷᠠᠯᠲᠠ ᠥᠬᠡᠶ ᠨᠡᠮᠡᠭᠳᠡᠭᠦᠯᠵᠦ᠂ ᠥᠲᠡᠯᠦᠭᠡ ᠨᠠᠰᠤᠨ ᠳᠤ ᠪᠠᠨ ᠠᠮᠤᠷ ᠲᠠᠶᠢᠪᠤᠩ ᠪᠠᠶᠢᠬᠤ ᠶᠢ ᠦᠨᠡᠨ ᠬᠦ | ᠪᠡᠶᠡᠯᠡᠭᠦᠯᠪᠡ᠃ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠨᠠᠰᠤᠲᠠᠶᠢᠴᠤᠳ ᠲᠤ | ᠪᠠᠩᠰᠢ ᠬᠦᠷᠭᠡᠪᠡ | ᠡᠭᠦᠨ ᠠᠴᠠ ᠭᠠᠳᠠᠨ᠎ᠠ᠂ ᠴᠢᠯᠦᠭᠡᠯᠡᠯᠲᠡ ᠵᠡᠭᠡᠯᠢ ᠨᠡᠶᠢᠭᠡᠮ ᠲᠣᠭᠤᠷᠢᠭ ᠨᠢ ᠰᠠᠷ᠎ᠠ ᠪᠦᠷᠢ 75 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ ᠳᠥᠷᠥᠭᠰᠡᠨ ᠡᠳᠦᠷ ᠤᠨ ᠴᠤᠭᠯᠠᠭᠠᠨ ᠡᠷᠬᠢᠯᠡᠵᠦ᠂ ᠰᠠᠷ᠎ᠠ ᠪᠦᠷᠢ ᠶᠢᠨ 15 ᠤ | ᠡᠳᠦᠷ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠦᠰᠦ ᠵᠠᠰᠠᠬᠤ︾ ᠠᠵᠢᠯᠯᠠᠭ᠎ᠠ ᠥᠷᠨᠢᠭᠦᠯᠵᠦ᠂ ᠪᠠᠰᠠ ᠰᠠᠶᠢᠨ | ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠬᠡᠷ ᠲᠤᠨᠢ ᠬᠦᠷᠴᠦ ᠦᠰᠦ ᠵᠠᠰᠠᠬᠤ᠂ ᠬᠠᠪᠰᠤᠷᠤᠨ | ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠬᠡᠷ ᠤᠨ ᠡᠭᠦᠳᠡᠨ ᠳᠤ ᠨᠢ ᠡᠷᠡᠭᠦᠯ | ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠰᠣᠶᠣᠯ ᠰᠤᠷᠤᠯᠴᠠᠯᠭ᠎ᠠ᠂ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ | ᠵᠡᠷᠭᠡ ᠪᠢᠴᠢᠯ ᠦᠢᠯᠡᠴᠢᠯᠡᠭᠡ ᠵᠢᠴᠢ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ | ᠡᠷᠡᠭᠦᠯ ᠮᠡᠨᠳᠦ ᠶᠢᠨ ᠮᠡᠳᠡᠯᠭᠡ ᠵᠡᠷᠭᠡ ᠪᠣᠯᠪᠠᠰᠤᠷᠠᠭᠤᠯᠤᠯ ᠢ ᠥᠷᠨᠢᠭᠦᠯᠪᠡ᠃ ᠡᠳᠡᠭᠡᠷ ᠦᠨᠳᠦᠰᠦᠨ ᠱᠠᠲᠤᠨ ᠤ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠢ ︽ᠪᠤᠭᠤᠷᠤᠤᠯᠴᠤᠳ︾ ᠤᠨ ᠵᠣᠯ ᠵᠢᠷᠭᠠᠯ ᠤᠨ ᠲᠥᠷᠥᠭᠳᠡᠯ ᠢ | ᠤᠯᠠᠮ ᠨᠢᠭᠡ ᠠᠯᠬᠤᠮ ᠨᠡᠮᠡᠭᠳᠡᠭᠦᠯᠵᠦ᠂ ︽ᠵᠢᠷᠭᠠᠬᠤ ᠨᠠᠷᠠᠨ ᠤ ᠳᠣᠶᠠᠭ᠎ᠠ︾ ᠶᠢ ᠨᠡᠩ ᠭᠤᠶᠢᠳᠡ ᠰᠠᠶᠢᠬᠠᠨ | ᠪᠤᠯᠭᠠᠵᠡᠢ᠃ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠲᠤ | ᠭᠠᠷ ᠤᠲᠠᠰᠤ ᠬᠡᠷᠡᠭᠯᠡᠬᠦ ᠶᠢ ᠵᠢᠭᠠᠵᠤ ᠥᠭᠪᠡ | ︽ᠨᠡᠶᠢᠭᠡᠮ ᠲᠣᠭᠤᠷᠢᠭ ᠤᠨ ᠠᠵᠢᠯᠲᠠᠳ ᠦᠷᠭᠦᠯᠵᠢ ᠮᠡᠨ ᠤ ᠳᠤ ᠢᠷᠡᠵᠥ ᠨᠠᠳᠠ ᠶᠢ ᠦᠵᠡᠨ᠂ ᠮᠢᠨᠤ | ᠦᠰᠦ ᠶᠢ ᠬᠠᠶᠢᠴᠢᠯᠠᠵᠤ᠂ ᠨᠠᠳᠠ ᠳᠤ ᠬᠤᠭᠤᠯᠠ ᠬᠦᠷᠭᠡᠵᠦ᠂ ᠴᠡᠪᠡᠷᠯᠡᠭᠡ ᠬᠢᠵᠥ ᠥᠭᠭᠦᠨ᠂ ᠪᠢ ᠮᠠᠰᠢ ᠵᠣᠯ | ᠵᠢᠷᠭᠠᠯ ᠲᠠᠢ ᠰᠠᠨᠠᠭᠳᠠᠳᠠᠭ︾ ᠭᠡᠵᠦ ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠶ ᠰᠢᠤ | ᠶᠢᠩ ᠪᠠᠶᠠᠷᠲᠠᠶ ᠬᠡᠯᠡᠪᠡ᠃ | 02 ᠨᠢᠯᠬᠠᠰ ᠢᠶᠠᠨ ᠬᠠᠯᠠᠮᠵᠢᠯᠠᠨ ᠬᠠᠶᠢᠷᠠᠯᠠᠵᠤ ᠵᠣᠯ ᠵᠢᠷᠭᠠᠯ ᠤᠨ ︽ᠢᠵᠢᠯ ᠲᠥᠪᠲᠦ ᠲᠣᠭᠤᠷᠢᠭ︾ ᠢ | ᠵᠢᠷᠤᠭᠯᠠᠪᠠ | ︽ᠽᠢ ᠴᠢ᠂ ᠪᠢᠳᠡ ᠴᠢᠮ᠎ᠠ ᠳᠤ ᠨᠡᠶᠢᠭᠡᠮ ᠲᠣᠭᠤᠷᠢᠭ ᠤᠨ ᠳᠠᠭᠤᠤ ᠶᠢᠨ ᠨᠣᠲ ᠢ ᠠᠪᠴᠢᠷᠠᠵᠤ ᠥᠭᠴᠡᠢ᠂ | ᠪᠢ ᠣᠳᠣ ᠴᠢᠮ᠎ᠠ ᠳᠤ ᠵᠢᠭᠠᠵᠤ ᠥᠭᠭᠦᠶ᠎ᠡ ᠁︾ ᠢᠷᠠᠭᠤ ᠡᠭᠡᠰᠢᠭᠲᠦ ᠬᠥᠭᠵᠢᠮ ᠤᠨ ᠳᠠᠭᠤᠨ ᠭᠡᠷ ᠳᠣᠲᠣᠷ᠎ᠠ | ᠠᠴᠠ ᠴᠤᠤᠷᠢᠶᠠᠲᠤᠪᠠ᠃ ᠮᠡᠰᠡ ᠵᠠᠰᠠᠯ ᠬᠢᠭᠰᠡᠨ ᠠᠴᠠ ᠽᠢ ᠴᠢ ᠬᠥᠳᠡᠯᠵᠦ ᠪᠠᠷᠢᠬᠤ ᠳᠤ ᠳᠥᠭᠦᠮ ᠦᠭᠡᠢ ᠠᠴᠠ | ᠪᠣᠯᠵᠤ᠂ ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠶᠢᠳᠠᠯ ᠢ | ᠣᠶᠢᠯᠠᠭᠠᠭᠰᠠᠨ ᠤ ᠳᠠᠷᠠᠭ᠎ᠠ᠂ ᠦᠷᠭᠦᠯᠵᠢ ᠲᠡᠭᠦᠨ ᠢ ᠡᠷᠭᠢᠵᠦ ᠦᠵᠡᠬᠦ ᠪᠠᠷ ᠢᠷᠡᠵᠦ᠂ ᠬᠥᠭᠵᠢᠮ ᠳᠠᠷᠤᠬᠤ ᠶᠢ | ᠵᠢᠭᠠᠵᠤ ᠥᠭᠭᠦᠨ᠂ ᠲᠡᠭᠦᠨ ᠳᠤ ᠡᠷᠡᠭᠦᠯᠵᠢᠭᠦᠯᠬᠦ ᠪᠠᠭᠠᠵᠢ ᠬᠡᠷᠡᠭᠰᠡᠯ ᠠᠪᠴᠤ ᠥᠭᠴᠦ᠂ ᠭᠠᠷᠠᠭ ᠪᠦᠷᠢ ᠪᠠᠰᠠ ᠲᠡᠭᠦᠨ | ᠤ ᠬᠢᠴᠢᠶᠡᠯ ᠢ ᠨᠢ ᠨᠥᠬᠦᠵᠦ ᠥᠭᠳᠡᠭ᠃ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠽᠢ ᠴᠢ ᠳᠤ ᠬᠥᠭᠵᠢᠮ | ᠳᠠᠷᠤᠬᠤ ᠶᠢ ᠵᠢᠭᠠᠵᠤ ᠥᠭᠪᠡ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠳᠤ ᠬᠦᠴᠢᠷᠳᠡᠯ ᠳᠤ ᠲᠤᠯᠭᠠᠷᠠᠭᠰᠠᠨ | ᠬᠤᠶᠠᠷ ᠬᠡᠤᠬᠡᠳ ᠪᠠᠶᠢᠵᠤ᠂ ᠨᠡᠶᠢᠭᠡᠮ ᠲᠣᠭᠤᠷᠢᠭ ᠠᠴᠠ ᠲᠡᠳᠡᠨ ᠳᠤ ᠨᠠᠷᠢᠨ ᠲᠣᠳᠣᠷᠬᠠᠶ ᠮᠡᠳᠡᠭᠡ ᠵᠠᠩᠭᠢ ᠶᠢᠨ ᠡᠬᠡ | ᠲᠠᠩᠰᠠ ᠪᠠᠶᠢᠭᠤᠯᠬᠤ ᠶᠢᠨ ᠬᠠᠮᠲᠤ ᠲᠡᠳᠡᠨ ᠤ ᠪᠣᠳᠠᠲᠠᠶ ᠬᠡᠷᠡᠭᠴᠡᠭᠡ ᠳᠤ ᠴᠢᠭᠯᠡᠭᠦᠯᠦᠨ᠂ ᠨᠠᠷᠢᠯᠢᠭ ᠣᠨᠣᠴᠠᠲᠠᠶ ᠪᠠᠷ | ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠠ ᠰᠠᠶᠢᠨ | ᠲᠤᠷᠠᠴᠤᠳ ᠤᠨ ᠡᠬᠢ ᠪᠠᠶᠠᠯᠢᠭ ᠢ ᠵᠣᠯᠭᠠᠭᠤᠯᠬᠤ ᠪᠠᠷ ᠲᠠᠮᠵᠢᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ | ᠠᠮᠢᠳᠤᠷᠠᠯ ᠤᠨ ᠲᠤᠰᠠᠯᠠᠮᠵᠢ᠂ ᠰᠤᠷᠤᠯᠭ᠎ᠠ ᠶᠢᠨ ᠬᠡᠷᠡᠭᠰᠡᠯ᠂ ᠰᠡᠳᠬᠢᠴᠡ ᠶᠢᠨ ᠬᠠᠪᠰᠤᠷᠤᠨ ᠵᠢᠯᠤᠭᠤᠳᠤᠯᠭ᠎ᠠ ᠵᠡᠷᠬᠡ | ᠬᠠᠪᠰᠤᠷᠤᠯᠭ᠎ᠠ ᠬᠠᠩᠭᠠᠪᠠ᠃ | ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠯᠦ ᠳ᠋ᠠᠨ | ᠄ ︽ᠨᠠᠰᠤᠲᠠᠨ ᠪᠠ ᠨᠢᠯᠬ᠎ᠠ ᠨᠢ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠭᠦᠯᠵᠥ᠂ ᠠᠷᠠᠳ ᠤᠨ ᠠᠮᠢᠳᠤᠷᠠᠯ ᠤᠨ | ᠬᠠᠮᠤᠭ ᠤᠨ ᠰᠢᠭᠤᠳ ᠬᠠᠯᠠᠮᠵᠢᠯᠠᠯ ᠮᠥᠨ᠂ ᠨᠠᠩ ᠴᠤ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠤ | ᠪᠣᠳᠠᠲᠠᠶ ᠢᠯᠡᠷᠡᠯ ᠮᠥᠨ᠂ ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠬᠢᠨ ᠢᠮᠠᠭᠲᠠ ︿ᠨᠠᠰᠤᠲᠠᠶᠢᠴᠤᠳ ᠪᠠ | ᠨᠢᠯᠬᠠᠰ﹀ ᠤᠨ ᠦᠢᠯᠡᠴᠢᠯᠡᠭᠡ ᠶᠢ ᠠᠷᠠᠳ ᠤᠨ ᠠᠮᠢᠳᠤᠷᠠᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠪᠣᠯᠭᠠᠵᠤ᠂ ︿ᠨᠠᠰᠤᠳᠠᠨ ᠢᠶᠠᠨ ᠬᠠᠯᠠᠮᠵᠢᠯᠠᠵᠤ ᠨᠢᠯᠬᠠᠰ ᠢᠶᠠᠨ ᠬᠠᠶᠢᠷᠠᠯᠠᠬᠤ﹀ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠷᠥᠯ ᠵᠦᠢᠯ ᠢ ᠨᠠᠷᠢᠨ ᠨᠢᠮᠪᠠᠶ ᠪᠠᠶᠢᠭᠤᠯᠵᠤ᠂ ᠲᠤᠰᠬᠠᠶᠢᠵᠢᠭᠰᠠᠨ ᠰᠠᠶᠢᠨ ᠳᠤᠷ᠎ᠠ ᠶᠢᠨ | ᠦᠢᠯᠡᠴᠢᠯᠡᠭᠡᠨ ᠤ 6 ᠠᠩᠭᠢ ᠶᠢ ᠵᠣᠬᠢᠶᠠᠨ ᠪᠠᠶᠢᠭᠤᠯᠵᠤ᠂ ᠨᠠᠷᠢᠯᠢᠬᠵᠢᠭᠤᠯᠤᠭᠰᠠᠨ ᠦᠢᠯᠡᠴᠢᠯᠡᠭᠡ ᠪᠠᠷ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠨᠢᠭᠲᠠ ᠰᠦᠯᠵᠢᠪᠡ︾ ᠭᠡᠪᠡ᠃ | ᠬᠤᠶᠢᠰᠢᠳᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ | ᠤᠳᠤᠷᠢᠳᠤᠮᠵᠢ ᠪᠣᠯᠭᠠᠵᠤ᠂ ᠦᠢᠯᠡᠴᠢᠯᠡᠭᠡᠨ ᠤ ᠠᠭᠤᠯᠤᠭᠳᠠᠬᠤᠨ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠨᠠᠰᠤᠲᠠᠶᠢᠴᠤᠳ ᠪᠠ ᠨᠢᠯᠬᠠᠰ︾ ᠤᠨ | ᠬᠠᠮᠲᠤᠯᠢᠭ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠲᠡᠳᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠨᠡᠩ ᠰᠢᠯᠢᠳᠡᠭ ᠦᠢᠯᠡᠴᠢᠯᠡᠭᠡ᠂ ᠨᠡᠩ | ᠳᠣᠲᠣᠨᠣ ᠬᠠᠯᠠᠮᠵᠢᠯᠠᠯ ᠢᠶᠠᠷ ︽ᠦᠳᠡᠰᠢ ᠶᠢᠨ ᠳᠤᠶᠠᠭ᠎ᠠ︾ ᠶᠢ ᠨᠡᠩ ᠭᠡᠷᠡᠯ ᠰᠠᠴᠤᠷᠠᠩᠭᠤᠢ ᠪᠣᠯᠭᠠᠵᠤ᠂ ︽ | ᠥᠷᠯᠦᠭᠡᠨ ᠤ ᠨᠠᠷᠠᠨ︾ ᠢ ᠨᠡᠩ ᠭᠢᠯᠠᠯᠵᠠᠭᠤᠯᠵᠤ᠂ ᠰᠠᠶᠢᠨ ᠰᠠᠶᠢᠬᠠᠨ ᠬᠠᠭᠤᠳᠠᠰᠤ ᠶᠢ ᠴᠢᠷᠮᠠᠶᠢᠨ ᠵᠢᠷᠤᠭᠯᠠᠨ᠎ᠠ᠃ | |