ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠨᠡᠶᠢᠭᠡᠮ ᠪᠦᠯᠬᠦᠮ ᠤᠨ ᠬᠢᠨ ᠴᠡᠴᠡᠭ ᠪᠦᠬᠦᠨ ᠢ ᠵᠡᠷᠬᠡ  ᠪᠠᠷ ᠳᠡᠯᠭᠡᠷᠡᠭᠦᠯᠵᠦ  ᠡᠯᠪᠡᠭ ᠪᠠᠶᠠᠯᠢᠭ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2025/5/27
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠶᠢᠨ ᠳᠣᠮᠳᠠᠳᠤ ᠰᠤᠷᠭᠠᠭᠤᠯᠢ ᠶᠢᠨ ᠬᠦᠷᠢᠶᠡᠨ ᠳᠤ᠂ ᠭᠠᠵᠠᠷ ᠪᠣᠯᠭᠠᠨ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠣᠯᠤᠨ ᠰᠣᠶᠣᠯ ᠤᠨ ᠠᠭᠤᠷ ᠠᠮᠢᠰᠬᠤᠯ ᠢᠶᠠᠷ ᠪᠢᠯᠬᠠᠵᠤ᠂ ᠭᠤᠶᠢᠳᠠ ᠰᠠᠶᠢᠬᠠᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠨᠢ ᠶᠠᠭ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠤᠨ ᠭᠢᠯᠠᠯᠵᠠᠯᠲᠠ ᠶᠢᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠨᠠᠶᠢᠷᠠᠯ ᠳᠠᠭᠤᠤ ᠶᠢᠨ ᠪᠦᠯᠬᠦᠮ᠂ ᠤᠷᠠᠨ ᠪᠢᠴᠢᠯᠭᠡ᠂ ᠠᠮᠢᠳᠤ ᠪᠣᠳᠠᠰ᠂ ᠬᠦᠷᠳᠦᠲᠦ ᠲᠡᠰᠢᠭᠦᠷ᠂ ᠬᠡᠩᠭᠡᠷᠭᠡ ᠵᠡᠷᠭᠡ ᠤᠯᠠᠨ ᠨᠡᠶᠢᠭᠡᠮᠯᠢᠭ ᠥᠷᠨᠢᠩᠭᠦᠶ ᠬᠥᠭᠵᠢᠵᠦ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠰᠤᠷᠤᠭᠴᠢᠳ ᠤᠨ ᠳᠤᠷ᠎ᠠ ᠰᠣᠨᠢᠷᠬᠠᠯ ᠢ ᠲᠠᠲᠠᠬᠤ᠂ ᠬᠠᠶᠢᠷ᠎ᠠ ᠰᠡᠳᠬᠢᠯᠭᠡ ᠶᠢ ᠬᠥᠮᠦᠵᠢᠭᠦᠯᠬᠦ ᠴᠢᠬᠤᠯᠠ ᠲᠠᠪᠴᠠᠩ ᠪᠣᠯᠤᠭᠰᠠᠨ ᠪᠠᠶᠢᠨ᠎ᠠ᠃      ᠭᠠᠷᠠᠭ ᠪᠦᠷᠢ ᠶᠢᠨ ᠳᠥᠷᠪᠡᠨ ᠤ ᠦᠳᠡ ᠶᠢᠨ ᠬᠤᠶᠢᠨᠠᠬᠢ 4᠄ 20 ᠲᠤ ᠬᠢᠴᠢᠶᠡᠯ ᠪᠠᠭᠤᠬᠤ ᠬᠤᠩᠬᠤ ᠶᠢᠨ ᠳᠠᠭᠤ ᠳᠤᠤᠭᠠᠷᠬᠤ ᠶᠢ ᠳᠠᠭᠠᠯᠳᠤᠨ᠂ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠬᠤᠷᠣᠮᠬᠠᠨ ᠵᠠᠭᠤᠷ᠎ᠠ ︽ᠱᠤᠤᠭᠢᠨ︾ ᠡᠬᠢᠯᠡᠪᠡ᠃ ᠤᠷᠠᠨ ᠪᠢᠴᠢᠯᠭᠡ ᠶᠢᠨ ᠨᠡᠶᠢᠭᠡᠮᠯᠢᠭ ᠤᠨ ᠰᠤᠷᠤᠭᠴᠢᠳ ᠠᠯᠢ ᠡᠷᠲᠡ ᠪᠢᠷ ᠪᠡᠭᠡ ᠴᠠᠭᠠᠰᠤ ᠪᠠᠨ ᠪᠡᠯᠡᠳᠬᠡᠵᠤ᠂ ᠬᠦᠨᠳᠡᠯᠡᠨ᠂ ᠭᠤᠯᠳᠤ᠂ ᠣᠷᠬᠢᠴᠠ ᠳᠤᠮᠳᠠ ᠬᠢᠲᠠᠳ ᠦᠰᠦᠭ ᠤᠨ ᠷᠢᠳᠢ ᠰᠢᠳᠢ ᠶᠢ ᠭᠤᠶᠠᠳᠠᠵᠤ ᠪᠠᠶᠢᠨ᠎ᠠ ; ᠨᠠᠶᠢᠷᠠᠯ ᠳᠠᠭᠤᠤ ᠶᠢᠨ ᠪᠦᠯᠬᠦᠮ ᠳᠤ᠂ ᠢᠷᠠᠭᠤ ᠡᠭᠡᠰᠢᠭᠲᠦ ᠳᠠᠭᠤᠤ ᠨᠢ ᠴᠣᠩᠬᠤ ᠪᠠᠷ ᠨᠡᠪᠲᠡᠯᠵᠦ᠂ ᠰᠤᠷᠤᠭᠴᠢᠳ ᠤᠨ ᠤᠷᠠᠯᠢᠭ ᠲᠤ ᠬᠠᠶᠢᠷᠠᠲᠠᠶ ᠬᠠᠶᠢᠷ᠎ᠠ ᠰᠡᠳᠬᠢᠯᠭᠡ ᠶᠢ ᠳᠠᠮᠵᠢᠭᠤᠯᠵᠤ ᠪᠠᠶᠢᠨ᠎ᠠ ᠃ ᠪᠦᠰᠡᠯᠡᠭᠦᠷ ᠤᠨ  ᠬᠡᠩᠬᠡᠷᠭᠡᠨ  ᠨᠡᠶᠢᠭᠡᠮᠯᠢᠭ ᠨᠠᠩ ᠴᠤ ᠶᠡᠷᠦ ᠪᠤᠰᠤ ᠶᠢᠨ ᠰᠦᠷ ᠵᠢᠪᠬᠤᠭ᠎ᠠ ᠲᠠᠢ᠂ ᠬᠡᠩᠭᠡᠷᠭᠡᠨ ᠣᠷᠤᠭ᠎ᠠ ᠤᠷᠪᠠᠭᠤᠯᠤᠨ ᠨᠢᠰᠴᠦ᠂ ᠬᠡᠩᠭᠡᠷᠭᠡ ᠬᠡᠩᠬᠡᠷᠬᠡᠶᠢᠯᠡᠵᠦ᠂ ᠤᠯᠠᠮᠵᠢᠯᠠᠯᠲᠤ ᠤᠷᠠᠯᠢᠭ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃      ᠰᠤᠷᠪᠤᠯᠵᠢᠯᠠᠭᠴᠢ ᠳᠠᠭᠤᠤ ᠬᠥᠭᠵᠢᠮ ᠤᠨ ᠬᠢᠴᠢᠶᠡᠯ ᠤᠨ ᠭᠡᠷ ᠲᠤ ᠬᠦᠷᠬᠦ ᠦᠶ᠎ᠡ ᠳᠤ ᠂ ᠬᠥᠭᠵᠢᠮ ᠤᠨ ᠪᠠᠭᠰᠢ ᠬᠠᠨ ᠱᠦ ᠮᠧᠶ ᠰᠤᠷᠤᠭᠴᠢᠳ ᠢ ᠳᠠᠭᠠᠭᠤᠯᠤᠨ᠂ ᠲᠡᠭᠦᠯᠳᠡᠷ ᠬᠤᠭᠤᠷ ᠪᠣᠯᠣᠨ ᠬᠤᠭᠤᠷ ᠵᠡᠷᠭᠡ ᠶᠢᠨ ᠦᠨᠳᠦᠰᠦᠨ ᠪᠣᠯᠪᠠᠰᠤᠷᠠᠯ ᠬᠢᠵᠡᠶ᠃ ᠪᠠᠭᠰᠢ ᠶᠢᠨ ᠢᠶᠠᠨ ᠵᠢᠯᠤᠭᠤᠳᠤᠯᠭ᠎ᠠ ᠳᠣᠣᠷ᠎ᠠ᠂ ᠢᠷᠠᠭᠤ ᠰᠠᠶᠢᠬᠠᠨ ᠬᠥᠭᠵᠢᠮ ᠨᠢ ᠳᠠᠷᠤᠪᠴᠢ ᠶᠢᠨ ᠵᠠᠪᠰᠠᠷ ᠢᠶᠠᠷ ᠤᠷᠤᠰᠤᠨ ᠭᠠᠷᠴᠤ᠂ ᠰᠤᠷᠤᠭᠴᠢᠳ ᠳᠠᠭᠤᠨ ᠤ ᠳᠡᠪᠵᠢᠶᠡᠨ ᠰᠦᠯᠵᠢᠯᠳᠦᠭᠰᠡᠨ ᠶᠢᠷᠲᠢᠨᠴᠦ ᠳᠤ ᠰᠣᠭᠲᠤᠭᠤᠷᠠᠨ᠂ ᠰᠠᠭᠤᠷᠢ ᠪᠣᠯᠪᠠᠰᠤᠷᠠᠯ ᠳᠤᠮᠳᠠ ᠳᠠᠭᠤᠤ ᠬᠥᠭᠵᠢᠮ ᠤᠨ ᠤᠷᠠᠯᠢᠭ ᠤᠨ ᠬᠠᠭᠠᠯᠭ᠎ᠠ ᠶᠢ ᠠᠭᠠᠵᠢᠮ ᠢᠶᠠᠷ ᠴᠤᠤᠷᠢᠶᠠᠳᠤᠭᠤᠯᠪᠠ᠃ ᠬᠠᠨ ᠱᠤ᠋ ᠮᠧᠶ ᠰᠤᠷᠪᠤᠯᠵᠢᠯᠠᠭᠴᠢ ᠳᠤ᠄ ︽ᠣᠳᠣᠬᠠᠨ ᠳᠤ ᠳᠠᠭᠤᠤ ᠬᠥᠭᠵᠢᠮ ᠤᠨ ᠨᠡᠶᠢᠭᠡᠮᠯᠢᠭ ᠲᠤ ᠵᠢᠷᠭᠤᠭᠠᠨ ᠲᠡᠭᠦᠯᠳᠡᠷ ᠬᠤᠭᠤᠷ᠂ ᠬᠤᠶᠠᠷ ᠬᠤᠭᠤᠷ ᠪᠠᠶᠢᠵᠤ᠂ ᠮᠠᠨ ᠤ ᠪᠣᠯᠪᠠᠰᠤᠷᠠᠬᠤ ᠠᠭᠤᠯᠭ᠎ᠠ ᠪᠣᠯ ᠲᠡᠭᠦᠯᠳᠡᠷ ᠬᠤᠭᠤᠷ ᠤᠨ ᠰᠠᠭᠤᠷᠢ ᠪᠠ ᠬᠤᠭᠤᠷ ᠤᠨ ᠰᠠᠭᠤᠷᠢ ᠪᠣᠯᠤᠨ᠎ᠠ᠃ ᠪᠢᠳᠡ ᠳᠠᠭᠤᠤ ᠬᠥᠭᠵᠢᠮ ᠢᠶᠠᠷ ᠳᠠᠮᠵᠢᠭᠤᠯᠤᠨ ᠂ ᠬᠡᠦᠬᠡᠳ ᠤᠳ ᠲᠤ ᠤᠷᠠᠯᠢᠭ ᠤᠨ ᠨᠥᠯᠥᠭᠡ ᠳᠤᠮᠳᠠ ᠠᠴᠠ ᠳᠠᠭᠤᠤ ᠬᠥᠭᠵᠢᠮ ᠤᠨ ᠷᠢᠳᠢ ᠰᠢᠳᠢ ᠶᠢ ᠮᠡᠳᠡᠷᠡᠭᠦᠯᠵᠦ᠂ ᠳᠠᠭᠤᠤ ᠬᠥᠭᠵᠢᠮ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠢ ᠵᠥᠪᠬᠡᠨ ᠬᠡᠦᠬᠡᠳ ᠤᠳ ᠤᠨ ᠢᠲᠡᠭᠡᠯ ᠢ ᠨᠡᠮᠡᠭᠳᠡᠭᠦᠯᠬᠦ ᠶᠠᠪᠤᠳᠠᠯ ᠪᠣᠯᠤᠨ᠎ᠠ᠃︾ ᠭᠡᠵᠦ ᠬᠡᠯᠡᠵᠡᠢ᠃      ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠨᠠᠶᠢᠷᠠᠯ ᠳᠠᠭᠤᠤ ᠶᠢᠨ ᠪᠦᠯᠬᠦᠮ ᠳᠤ ᠬᠦᠷᠪᠡᠯ᠂ ᠳᠠᠭᠤᠨ  ᠤ ᠠᠶᠠᠯᠭᠤ ᠨᠢ ᠢᠷᠠᠭᠤ ᠰᠠᠶᠢᠬᠠᠨ ᠤᠶᠠᠩᠭᠠᠯᠠᠵᠤ᠂ ᠭᠤᠷᠤᠬᠠᠨ ᠤᠷᠤᠰᠬᠠᠯ ᠮᠡᠲᠦ ᠰᠡᠳᠬᠢᠯ ᠵᠢᠷᠦᠬᠡ ᠪᠠᠷ ᠦᠩᠭᠡᠷᠡᠨ᠎ᠡ᠃ ᠳᠠᠭᠤᠤ ᠬᠥᠭᠵᠢᠮ ᠤᠨ ᠪᠠᠭᠰᠢ ᠭᠠᠷ ᠢᠶᠠᠨ ᠬᠥᠩᠭᠡᠬᠡᠨ ᠬᠥᠳᠡᠯᠭᠡᠵᠦ᠂ ᠰᠤᠷᠤᠭᠴᠢᠳ ᠢ ᠳᠠᠭᠠᠭᠤᠯᠤᠨ ᠴᠡᠪᠡᠷ ᠬᠤᠭᠤᠯᠠᠢ ᠪᠠᠷ ᠠᠶᠠᠯᠭᠤ ᠨᠢᠭᠡᠪᠦᠷᠢ ᠶᠢ ᠲᠠᠶᠢᠯᠪᠤᠷᠢᠯᠠᠨ᠎ᠠ᠃ ᠳᠠᠭᠤᠤ ᠶᠢᠨ ᠠᠶᠠᠰ ᠨᠢ ᠬᠢᠴᠢᠶᠡᠯ ᠤᠨ ᠭᠡᠷ ᠲᠤ ᠴᠤᠤᠷᠢᠶᠠᠲᠤᠵᠤ᠂ ᠰᠤᠷᠭᠠᠭᠤᠯᠢ ᠶᠢᠨ ᠬᠦᠷᠢᠶᠡᠨ ᠳᠤ ᠠᠮᠢᠳᠤᠯᠢᠭ ᠤᠷᠠᠯᠢᠭ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ᠰᠤᠷᠤᠭᠴᠢ ᠼᠤᠤ ᠢ ᠺᠧ ᠡᠯᠪᠡᠭ ᠪᠠᠶᠠᠯᠢᠭ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤᠮᠳᠠ ᠥᠭᠡᠷ᠎ᠡ ᠬᠡᠯᠪᠡᠷᠢ ᠪᠠᠷ ᠦᠰᠦᠨ ᠪᠤᠶᠢᠵᠢᠵᠤ᠂ ᠲᠡᠷᠡ ᠰᠤᠷᠪᠤᠯᠵᠢᠯᠠᠭᠴᠢ ᠳᠤ᠄ ︽ᠪᠢ ᠰᠤᠷᠭᠠᠭᠤᠯᠢ ᠶᠢᠨ ᠨᠠᠶᠢᠷᠠᠯ ᠳᠠᠭᠤᠤ ᠶᠢᠨ ᠪᠦᠯᠬᠦᠮ ᠳᠤ ᠣᠷᠣᠯᠴᠠᠬᠤ ᠠᠴᠠ ᠭᠠᠳᠠᠨ᠎ᠠ᠂ ᠪᠠᠰᠠ ᠰᠤᠷᠭᠠᠭᠤᠯᠢ ᠶᠢᠨ ᠪᠦᠰᠡᠯᠡᠭᠦᠷ ᠤᠨ ᠬᠡᠩᠬᠡᠷᠭᠡᠨ ᠨᠡᠶᠢᠭᠡᠮ ᠤᠨ ᠪᠦᠯᠬᠦᠮ ᠳᠤ ᠣᠷᠣᠯᠴᠠᠵᠤ᠂ ᠡᠳᠡᠭᠡᠷ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠣᠷᠣᠯᠴᠠᠬᠤ ᠨᠢ ᠮᠢᠨᠦ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠮᠢᠨᠦ ᠮᠡᠳᠡᠯᠭᠡ ᠶᠢᠨ ᠨᠢᠭᠤᠷ ᠢᠶᠠᠨ ᠥᠷᠭᠡᠳᠬᠡᠵᠦ ᠪᠣᠯᠤᠨ᠎ᠠ᠂ ᠬᠤᠶᠠᠷ ᠨᠡᠶᠢᠭᠡᠮ ᠤᠨ ᠪᠦᠯᠬᠦᠮ ᠤᠨ ᠨᠠᠳᠠ ᠳᠤ ᠥᠭᠭᠦᠭᠰᠡᠨ ᠲᠥᠷᠥᠭᠳᠡᠯ ᠨᠢ ᠴᠦ ᠠᠳᠠᠯᠢ ᠦᠭᠡᠢ᠂ ᠨᠠᠶᠢᠷᠠᠯ ᠳᠠᠭᠤᠤ ᠶᠢᠨ ᠪᠦᠯᠬᠦᠮ ᠳᠤ ᠪᠢ ᠳᠠᠭᠤᠤ ᠪᠠᠷ ᠰᠡᠳᠬᠢᠯᠭᠡ ᠪᠠᠨ  ᠢᠯᠡᠳᠬᠡᠵᠤ᠂ ᠬᠠᠷᠢᠨ ᠪᠦᠰᠡᠯᠡᠬᠦᠷ ᠤᠨ ᠬᠡᠩᠬᠡᠷᠭᠡᠨ ᠨᠡᠶᠢᠭᠡᠮᠯᠢᠭ ᠲᠤ᠂ ᠪᠢ ᠤᠯᠠᠮᠵᠢᠯᠠᠯᠲᠤ ᠰᠣᠶᠣᠯ ᠤᠨ ᠲᠤᠬᠠᠶ ᠰᠢᠨ᠎ᠡ ᠲᠠᠨᠢᠯᠲᠠ ᠲᠠᠢ ᠪᠣᠯᠪᠠ᠃︾ ᠭᠡᠵᠦ ᠬᠡᠯᠡᠪᠡ᠃      ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠨᠠᠷᠢᠨ ᠨᠢᠮᠪᠠᠢ ᠪᠠᠶᠢᠭᠤᠯᠤᠭᠰᠠᠨ ᠡᠯ᠎ᠡ ᠲᠦᠷᠦᠯ ᠤᠨ ᠨᠡᠶᠢᠭᠡᠮᠯᠢᠭ ᠰᠤᠷᠤᠭᠴᠢᠳ ᠲᠤ ᠬᠠᠷᠠᠭ᠎ᠠ ᠪᠠᠨ ᠥᠷᠭᠡᠳᠬᠡᠬᠦ᠂ ᠳᠤᠷ᠎ᠠ ᠰᠣᠨᠢᠷᠬᠠᠯ ᠢ ᠬᠥᠮᠦᠵᠢᠭᠦᠯᠬᠦ᠂ ᠣᠨᠴᠠ ᠴᠢᠳᠠᠪᠤᠷᠢ ᠶᠢ ᠬᠥᠭᠵᠢᠭᠦᠯᠬᠦ ᠥᠷᠭᠡᠨ ᠠᠭᠤᠳᠠᠮ ᠲᠠᠪᠴᠠᠩ ᠢ ᠪᠠᠶᠢᠭᠤᠯᠵᠤ ᠥᠭᠴᠡᠢ᠃ ᠡᠲᠡᠭᠡᠷ ᠨᠡᠶᠢᠭᠡᠮᠯᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠷᠠᠯᠢᠭ᠂ ᠰᠣᠶᠣᠯ ᠢᠷᠭᠡᠨᠰᠢᠯ᠂ ᠦᠢᠯᠡᠳᠦᠯᠭᠡ ᠵᠡᠷᠭᠡ ᠤᠯᠠᠨ ᠬᠦᠷᠢᠶ᠎ᠡ ᠶᠢ ᠬᠠᠮᠤᠷᠴᠤ᠂ ᠰᠤᠷᠤᠭᠴᠢᠳ ᠥᠪᠡᠷ ᠤᠨ ᠳᠤᠷ᠎ᠠ ᠰᠣᠨᠢᠷᠬᠠᠯ ᠢᠶᠠᠨ ᠦᠨᠳᠦᠰᠦᠯᠡᠨ ᠨᠡᠶᠢᠭᠡᠮ ᠤᠨ ᠪᠦᠯᠬᠦᠮ ᠢ ᠰᠣᠩᠭᠤᠨ᠂ ᠠᠵᠢᠯᠯᠠᠭ᠎ᠠ ᠶᠢᠨ ᠳᠤᠮᠳᠠ ᠢᠳᠡᠪᠬᠢᠲᠡᠢ ᠣᠷᠣᠯᠴᠠᠵᠤ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠪᠦᠯᠬᠦᠮ ᠨᠡᠶᠢᠲᠡ ᠶᠢᠨ ᠬᠠᠮᠵᠢᠯᠴᠠᠭ᠎ᠠ᠂ ᠰᠡᠳᠬᠢᠬᠦᠢ ᠶᠢᠨ ᠰᠢᠨ᠎ᠡ ᠶᠢ ᠡᠭᠦᠳᠬᠦ᠂ ᠤᠯᠤᠯᠴᠠᠨ ᠢᠯᠡᠳᠬᠡᠬᠦ ᠵᠡᠷᠭᠡ ᠲᠠᠯ᠎ᠠ ᠪᠠᠷ ᠪᠦᠬᠦ ᠲᠠᠯ᠎ᠠ ᠶᠢᠨ ᠪᠣᠯᠪᠠᠰᠤᠷᠠᠯ ᠢ ᠬᠦᠷᠲᠡᠪᠡ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠰᠢᠤᠢ ᠵᠢᠶᠦ᠋ᠨ᠄ ︽ᠪᠠᠲᠤᠬᠠᠭᠠᠯᠭ᠎ᠠ ᠰᠦᠮ᠎ᠡ ᠶᠢᠨ ᠳᠤᠮᠳᠠᠳᠤ ᠰᠤᠷᠭᠠᠭᠤᠯᠢ ᠳᠤ ᠨᠡᠶᠢᠳᠡ 16 ᠨᠡᠶᠢᠭᠡᠮ ᠤᠨ ᠪᠦᠯᠬᠦᠮ ᠲᠠᠢ᠂ ᠳᠠᠭᠤᠤ ᠬᠥᠭᠵᠢᠮ᠂ ᠤᠷᠠᠨ ᠵᠢᠷᠤᠭ᠂ ᠪᠡᠶ᠎ᠡ ᠶᠢᠨ ᠲᠠᠮᠢᠷ᠂ ᠠᠮᠫᠧᠷ ᠤᠨ ᠬᠡᠩᠬᠡᠷᠬᠡ᠂ ᠴᠠᠭᠠᠰᠤᠨ ᠡᠭᠡᠳᠡᠩ ᠤᠨ ᠵᠢᠷᠤᠭ ᠵᠡᠷᠭᠡ ᠨᠡᠶᠢᠲᠡ 268 ᠰᠤᠷᠤᠭᠴᠢ᠂ ᠬᠠᠪᠰᠤᠷᠤᠨ ᠵᠢᠯᠣᠭᠤᠳᠬᠤ ᠪᠠᠭᠰᠢ 21 ᠬᠥᠮᠦᠨ᠂ ᠰᠤᠷᠤᠭᠴᠢᠳ ᠥᠪᠡᠷ ᠤᠨ ᠳᠤᠷ᠎ᠠ ᠰᠣᠨᠢᠷᠬᠠᠯ ᠢᠶᠠᠨ ᠦᠨᠳᠦᠰᠦᠯᠡᠨ ᠨᠡᠶᠢᠭᠡᠮ ᠤᠨ ᠪᠦᠯᠬᠦᠮ ᠢ ᠰᠣᠩᠭᠤᠵᠤ᠂ ᠡᠳᠡᠭᠡᠷ ᠨᠡᠶᠢᠭᠡᠮ ᠤᠨ ᠪᠦᠯᠬᠦᠮ ᠤᠨ ᠬᠥᠳᠡᠯᠭᠡᠭᠡᠨ ᠢᠶᠠᠷ ᠳᠠᠮᠵᠢᠭᠤᠯᠵᠤ᠂ ᠰᠤᠷᠤᠭᠴᠢᠳ ᠤᠨ ᠰᠡᠳᠬᠢᠴᠡ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠰᠠ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠲᠡᠳᠡᠨ ᠢ ᠤᠷᠠᠯᠢᠭ᠂ ᠪᠡᠶ᠎ᠡ ᠶᠢᠨ ᠲᠠᠮᠢᠷ᠂ ᠲᠤᠷᠰᠢᠯᠲᠠ ᠵᠡᠷᠭᠡ ᠲᠠᠯ᠎ᠠ ᠪᠠᠷ ᠳᠠᠪᠰᠢᠭᠤᠯᠵᠠᠢ᠃︾ ᠭᠡᠵᠦ ᠬᠡᠯᠡᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠳᠤᠮᠳᠠᠳᠤ ᠰᠤᠷᠭᠠᠭᠤᠯᠢ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠪᠦᠯᠬᠦᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠬᠡᠪ ᠴᠢᠨᠠᠷ ᠤᠨ ᠰᠤᠷᠭᠠᠨ ᠬᠥᠮᠦᠵᠢᠯ ᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠭᠠᠪᠠ᠃ ᠢᠷᠡᠭᠡᠳᠦᠢ ᠳᠤ᠂ ᠰᠤᠷᠭᠠᠭᠤᠯᠢ ᠨᠡᠶᠢᠭᠡᠮ ᠤᠨ ᠪᠦᠯᠬᠦᠮ ᠤᠨ ᠰᠣᠶᠣᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠤᠭᠴᠢ ᠨᠢᠭᠡᠪᠦᠷᠢ ᠳᠤ ᠨᠡᠶᠢᠭᠡᠮ ᠤᠨ ᠪᠦᠯᠬᠦᠮ ᠠᠴᠠ ᠥᠪᠡᠷ ᠤᠨ ᠪᠡᠶ᠎ᠡ ᠳᠤ ᠪᠠᠨ ᠬᠠᠷᠢᠶᠠᠯᠠᠭᠳᠠᠬᠤ ᠲᠠᠪᠴᠠᠩ ᠢ ᠣᠯᠭᠤᠵᠤ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号