ᠡᠨᠡ ᠵᠢᠯ ᠤᠨ ᠲᠤᠷᠰᠢ᠂ ᠳᠠᠷᠬᠠᠨ ᠰᠤᠮᠤ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠨᠠᠷᠢᠯᠢᠭ ᠣᠨᠣᠪᠴᠢᠲᠠᠢ | ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ︽ᠭᠤᠷᠪᠠ ᠪᠠᠶᠢᠵᠤ ᠬᠤᠶᠠᠷ ᠢ ᠡᠷᠢᠬᠦ︾ ᠪᠠᠷ ᠭᠤᠤᠯᠳᠠᠯᠭ᠎ᠠ | ᠪᠣᠯᠭᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠬᠤᠶᠠᠷ ᠢ ᠡᠯᠰᠡᠵᠦ ᠬᠤᠶᠠᠷ ᠢ | ᠬᠥᠲᠥᠯᠦᠨ ᠨᠢᠭᠡ ᠶᠢ ᠰᠢᠯᠢᠳᠡᠭᠵᠢᠭᠦᠯᠬᠦ︾ ᠶᠢ ᠳᠥᠯᠭᠢᠨ ᠠᠬᠢᠭᠤᠯᠵᠤ ᠨᠠᠩ ᠶᠡᠭᠡ ᠪᠣᠳᠠᠲᠤ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠣᠶᠢᠷ᠎ᠠ ᠳᠤ᠂ ᠳᠠᠷᠬᠠᠨ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠵᠥᠷᠢᠴᠡᠯ | ᠵᠢᠭᠤᠷᠠᠯᠳᠤᠭᠠᠨ ᠤ ᠬᠡᠷᠡᠭ ᠢ ᠭᠥᠯᠢᠶᠡᠨ ᠠᠪᠴᠤ᠂ ᠨᠢᠭᠡᠳᠦᠭᠡᠷ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ | ᠰᠤᠮᠤ ᠶᠢᠨ ᠬᠠᠷᠢᠶ᠎ᠠ ᠭᠠᠴᠠᠭ᠎ᠠ ᠳᠤ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠲᠣᠬᠢᠷᠠᠭᠤᠯᠬᠤ ᠪᠠᠷ | ᠲᠥᠯᠥᠪᠯᠡᠵᠦ᠂ ᠮᠠᠯᠵᠢᠬᠤ ᠡᠷᠦᠬᠡ ᠲᠠᠢ ᠵᠥᠪᠳᠡᠯᠴᠡᠬᠦ ᠶᠠᠪᠤᠴᠠ ᠳᠤ᠂ ᠡᠭᠦᠨ ᠤ ᠳᠣᠲᠣᠷᠠᠬᠢ ᠬᠡᠳᠦᠨ ᠮᠠᠯᠴᠢᠨ | ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠨᠥᠬᠦᠪᠥᠷᠢ ᠮᠥᠩᠭᠦ ᠶᠢᠨ ᠲᠤᠭ᠎ᠠ | ᠳᠤ ᠬᠠᠨᠤᠮᠵᠢ ᠦᠭᠡᠢ ᠠᠴᠠ ᠪᠣᠯᠵᠤ ᠬᠠᠮᠵᠢᠯᠴᠠᠬᠤ ᠶᠢ ᠲᠡᠪᠴᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠵᠣᠭᠰᠣᠩᠭᠢᠷᠠᠪᠠ᠃ | ᠳᠠᠷᠬᠠᠨ ᠰᠤᠮᠤ ︽ᠤᠯᠤᠰ ᠲᠥᠷᠥ ᠶᠢᠨ ᠵᠥᠪᠯᠡᠯᠭᠡᠨ + ᠶᠡᠷᠦᠩᠬᠡᠶᠢᠯᠡᠨ ᠵᠠᠰᠠᠬᠤ︾ ᠶᠢᠨ ᠬᠤᠯᠪᠣᠭᠠᠯᠠᠨ | ᠵᠠᠰᠠᠬᠤ ᠵᠠᠭᠪᠤᠷ ᠤᠨ ᠰᠢᠨ᠎ᠡ ᠶᠢ ᠡᠭᠦᠳᠦᠨ ᠦᠢᠯᠡᠳᠦᠯᠭᠡᠵᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠶᠡᠷᠦᠩᠬᠡᠶᠢᠯᠡᠨ ᠵᠠᠰᠠᠬᠤ ᠰᠦᠯᠵᠢᠶᠡᠨ ᠤ ᠠᠵᠢᠯᠲᠠᠨ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ᠂ ᠬᠠᠤᠯᠢ | ᠴᠠᠭᠠᠵᠠ ᠶᠢᠨ ᠵᠥᠪᠯᠡᠭᠴᠢ ᠪᠠᠷ ᠪᠦᠷᠢᠯᠳᠦᠭᠰᠡᠨ ᠲᠤᠰᠬᠠᠶ ᠡᠶᠡᠳᠡᠭᠦᠯᠬᠦ ᠳᠤᠭᠤᠶᠢᠯᠠᠩ ᠢ ᠵᠣᠬᠢᠶᠠᠨ ᠪᠠᠶᠢᠭᠤᠯᠪᠠ᠃ | ᠤᠲᠠᠰᠤ ᠪᠠᠷ ᠬᠠᠷᠢᠭᠤ ᠰᠤᠷᠪᠤᠯᠵᠢᠯᠠᠬᠤ᠂ ᠡᠷᠦᠬᠡ ᠳᠤ ᠬᠦᠷᠴᠦ ᠰᠤᠷᠪᠤᠯᠵᠢᠯᠠᠬᠤ᠂ ᠲᠤᠬᠠᠶ ᠶᠢᠨ ᠭᠠᠵᠠᠷ ᠲᠤ ᠨᠢ | ᠬᠠᠶᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠥᠷᠢᠴᠡᠯ ᠢ ᠳᠠᠬᠢᠨ ᠰᠡᠷᠭᠦᠭᠡᠬᠦ ᠪᠥᠬᠦ ᠶᠠᠪᠤᠴᠠ ᠶᠢ | ᠣᠯᠠᠨ ᠲᠠᠯ᠎ᠠ ᠠᠴᠠ ᠣᠶᠢᠯᠠᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠬᠢᠭᠡᠳ ᠮᠠᠯᠴᠢᠳ ᠤᠨ ᠠᠩᠬᠠᠷᠴᠤ | ᠪᠠᠶᠢᠭ᠎ᠠ ᠬᠤᠭᠤᠷᠣᠨᠳᠣᠬᠢ ᠪᠤᠷᠤᠭᠤ ᠴᠡᠭ ᠢ ᠭᠦᠨᠵᠡᠭᠡᠶ ᠵᠠᠳᠠᠯᠪᠠ᠃ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠵᠢᠴᠢ ᠮᠠᠯᠴᠢᠳ ᠤᠨ ᠪᠣᠳᠠᠲᠠᠶ ᠬᠤᠬᠢᠷᠠᠯ ᠲᠠᠢ ᠤᠶᠠᠯᠳᠤᠭᠤᠯᠤᠨ᠂ ︽ᠬᠠᠤᠯᠢ ᠵᠦᠶ + ᠵᠦᠢ | ᠶᠣᠰᠣ + ᠶᠣᠰᠣ ᠤᠴᠢᠷ︾ ᠭᠤᠷᠪᠠ ᠶᠢ ᠨᠢᠭᠡ ᠴᠣᠭᠴᠠᠵᠢᠭᠤᠯᠤᠨ ᠡᠶᠡᠳᠡᠭᠦᠯᠬᠦ ᠲᠥᠰᠦᠯ ᠢ ᠲᠣᠭᠲᠠᠭᠠᠵᠤ᠂ ᠣᠯᠠᠨ | ᠲᠠᠯ᠎ᠠ ᠶᠢᠨ ᠶᠠᠷᠢᠯᠴᠠᠭᠠᠨ ᠲᠠᠪᠴᠠᠩ ᠪᠠᠶᠢᠭᠤᠯᠬᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠲᠠᠢ | ᠬᠠᠷᠢᠯᠴᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ | ᠰᠢᠢᠳᠪᠦᠷᠢᠯᠡᠬᠦ ᠶᠢ ᠠᠬᠢᠭᠤᠯᠵᠤ᠂ ᠲᠥᠷᠥᠯ ᠵᠦᠢᠯ ᠢ ᠤᠷᠤᠭᠰᠢᠲᠠᠶ ᠠᠬᠢᠭᠤᠯᠬᠤ ᠪᠠ ᠮᠠᠯᠴᠢᠳ ᠤᠨ ᠡᠷᠬᠡ ᠠᠰᠢᠭ ᠢ | ᠪᠠᠲᠤᠯᠠᠬᠤ ᠳᠤ ᠡᠶ᠎ᠡ ᠵᠣᠬᠢᠴᠠᠯ ᠲᠠᠢ ᠰᠠᠭᠤᠷᠢ ᠶᠢ ᠪᠠᠬᠢᠵᠢᠭᠦᠯᠪᠡ᠃ | ᠨᠢᠭᠡ᠂ ︽ᠬᠠᠤᠯᠢ ᠵᠦᠢ︾ ᠶᠢ ᠵᠢᠷᠤᠮᠯᠠᠨ ᠪᠣᠳᠠᠲᠤ ᠶᠠᠪᠤᠳᠠᠯ ᠢ ᠲᠣᠳᠣᠷᠬᠠᠶᠢᠯᠠᠵᠤ᠂ ᠪᠠᠶᠢᠴᠠᠭᠠᠯᠲᠠ ᠪᠠᠷ | ᠡᠶᠡᠳᠡᠭᠦᠯᠬᠦ ᠰᠠᠭᠤᠷᠢ ᠶᠢ ᠪᠠᠲᠤᠳᠬᠠᠨ᠎ᠠ | ︽ᠤᠯᠤᠰ ᠲᠥᠷᠥ ᠶᠢᠨ ᠵᠥᠪᠯᠡᠯᠭᠡᠨ + ᠶᠡᠷᠦᠩᠬᠡᠶᠢᠯᠡᠨ ᠵᠠᠰᠠᠬᠤ︾ ᠬᠤᠯᠪᠣᠭᠠᠯᠠᠨ ᠵᠠᠰᠠᠬᠤ ᠵᠠᠭᠪᠤᠷ ᠢ | ᠭᠦᠢᠴᠡᠳ ᠪᠠᠳᠠᠷᠠᠭᠤᠯᠵᠤ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠵᠢᠷᠤᠮᠯᠠᠨ ᠭᠤᠷᠪᠠᠨ ᠲᠠᠯ᠎ᠠ ᠶᠢᠨ | ᠪᠠᠶᠢᠴᠠᠭᠠᠯᠲᠠ ᠶᠢ ᠥᠷᠨᠢᠭᠦᠯᠵᠦ᠂ ᠬᠡᠷᠡᠭ ᠤᠨ ᠬᠥᠭᠵᠢᠯᠲᠡ ᠶᠢᠨ ᠰᠤᠳᠠᠰᠤ ᠶᠢ ᠪᠥᠬᠦ ᠲᠠᠯ᠎ᠠ ᠪᠠᠷ ᠤᠶᠢᠯᠠᠭᠠᠨ᠂ | ᠵᠥᠷᠢᠴᠡᠯ ᠤᠨ ᠲᠥᠪᠯᠡᠷᠡᠯ ᠤᠨ ᠴᠡᠭ ᠢ ᠬᠠᠶᠢᠨ ᠰᠦᠪᠡᠭᠴᠢᠯᠡᠨ᠎ᠡ᠃ ᠲᠤᠬᠠᠶ ᠶᠢᠨ ᠬᠥᠮᠦᠨ ᠢ ᠰᠤᠷᠪᠤᠯᠵᠢᠯᠠᠵᠤ᠂ | ᠬᠡᠷᠡᠭ ᠲᠤ ᠬᠤᠯᠪᠣᠭᠳᠠᠭᠰᠠᠨ ᠮᠠᠯᠴᠢᠳ ᠤᠨ ᠬᠡᠷ ᠲᠤ ᠭᠦᠨᠵᠡᠭᠡᠶᠢᠷᠡᠨ᠂ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠲᠠᠶᠢᠯᠤᠮᠵᠢ ᠬᠢᠬᠦ ᠪᠠᠷ ᠳᠠᠮᠵᠢᠭᠤᠯᠤᠨ ᠣᠯᠠᠨ ᠲᠦᠮᠡᠨ ᠤ ᠤᠷᠮ᠎ᠠ | ᠰᠡᠳᠬᠢᠯᠭᠡ ᠶᠢ ᠲᠣᠭᠲᠠᠪᠤᠷᠢᠵᠢᠭᠤᠯᠵᠤ᠂ ᠬᠠᠤᠯᠢ ᠶᠣᠰᠣᠭᠠᠷ ᠬᠥᠭᠵᠢᠯᠲᠡ ᠶᠢᠨ ᠰᠤᠳᠠᠰᠤ ᠶᠢ ᠡᠮᠬᠢᠯᠡᠨ᠎ᠡ ;ᠠᠵᠤ | ᠠᠬᠤᠶᠢᠯᠠᠯ ᠳᠤ ᠭᠦᠨᠵᠡᠭᠡᠶᠢᠷᠡᠨ᠂ ᠰᠠᠯᠬᠢᠨ ᠴᠠᠬᠢᠯᠭᠠᠨ ᠤ ᠲᠠᠯᠠᠪᠤᠷ ᠲᠤ ᠬᠦᠷᠴᠦ ᠨᠥᠬᠦᠪᠥᠷᠢ ᠥᠭᠬᠦ ᠬᠡᠯᠡᠯᠴᠡᠭᠡᠷ᠂ | ᠠᠵᠢᠯ ᠲᠥᠷᠥᠯ ᠤᠨ ᠵᠤᠷᠰᠢᠯ ᠵᠡᠷᠭᠡ ᠪᠢᠴᠢᠭ ᠤᠨ ᠮᠠᠲ᠋ᠧᠷᠢᠶᠠᠯ ᠢ ᠰᠢᠯᠵᠢᠭᠦᠯᠦᠨ ᠠᠪᠴᠤ᠂ ᠨᠥᠬᠦᠪᠥᠷᠢ ᠥᠭᠬᠦ | ᠪᠠᠷᠢᠮᠵᠢᠶ᠎ᠠ ᠶᠢᠨ ᠬᠠᠤᠯᠢ ᠶᠣᠰᠣᠴᠢ ᠴᠢᠨᠠᠷ ᠬᠢᠭᠡᠳ ᠬᠡᠷᠡᠭᠵᠢᠭᠦᠯᠬᠦ ᠵᠢᠷᠤᠮᠵᠢᠯ ᠤᠨ ᠴᠢᠨᠠᠷ ᠢ ᠬᠠᠷᠭᠤᠭᠤᠯᠤᠨ | ᠪᠠᠶᠢᠴᠠᠭᠠᠨ᠎ᠠ ; ᠰᠠᠯᠠᠭ᠎ᠠ ᠮᠥᠴᠢᠷ ᠲᠠᠢ ᠬᠠᠷᠢᠯᠴᠠᠵᠤ᠂ ᠬᠤᠰᠢᠭᠤᠨ ᠤ ᠰᠢᠭᠦᠬᠦ ᠬᠤᠷᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ | ᠪᠢᠴᠢᠭ ᠮᠠᠲ᠋ᠧᠷᠢᠶᠠᠯ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠲᠣᠳᠣᠷᠬᠠᠶᠢᠯᠠᠵᠤ᠂ | ᠡᠶᠡᠳᠡᠭᠦᠯᠬᠦ ᠪᠥᠬᠦ ᠶᠠᠪᠤᠴᠠ ᠳᠤ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠤᠯᠠᠨ᠎ᠠ᠃ ᠣᠯᠠᠨ | ᠠᠷᠭ᠎ᠠ ᠵᠠᠮ ᠤᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠮᠠᠷᠭᠤᠯᠳᠤᠭᠠᠨ ᠤ | ᠲᠥᠪᠯᠡᠷᠡᠯ ᠤᠨ ᠴᠡᠭ ᠢ ᠣᠨᠣᠪᠴᠢᠲᠠᠶ ᠲᠣᠭᠲᠠᠭᠠᠵᠤ᠂ ᠬᠠᠤᠯᠢ ᠶᠣᠰᠣᠭᠠᠷ ᠡᠶᠡᠳᠡᠭᠦᠯᠬᠦ ᠳᠤ ᠪᠣᠳᠠᠲᠤ ᠬᠡᠷᠡᠭ ᠤᠨ | ᠰᠠᠭᠤᠷᠢ ᠶᠢ ᠪᠠᠬᠢᠵᠢᠭᠦᠯᠪᠡ᠃ | ᠬᠤᠶᠠᠷ᠂ ︽ᠵᠦᠢ ᠶᠣᠰᠣ︾ ᠶᠢ ᠠᠭᠤᠰᠤᠯᠴᠠᠭᠤᠯᠬᠤ ᠳᠤ ᠬᠥᠭᠦᠷᠭᠡ ᠪᠠᠶᠢᠭᠤᠯᠵᠤ᠂ ᠬᠠᠮᠲᠤ ᠪᠠᠷ ᠰᠡᠳᠬᠢᠯ | ᠨᠢᠭᠡᠳᠦᠨ ᠡᠰᠡᠷᠭᠦᠴᠡᠯᠳᠦᠬᠦ ᠶᠢ ᠱᠠᠭᠠᠷᠳᠠᠨ᠎ᠠ | ︽ᠤᠯᠤᠰ ᠲᠥᠷᠥ ᠶᠢᠨ ᠵᠥᠪᠯᠡᠯᠭᠡᠨ + ᠶᠡᠷᠦᠩᠬᠡᠶᠢᠯᠡᠨ ᠵᠠᠰᠠᠬᠤ︾ ᠭᠡᠬᠦ ᠡᠨᠡ ᠬᠦ ᠰᠢᠨ᠎ᠡ ᠶᠢ ᠡᠭᠦᠳᠬᠦ | ᠵᠠᠭᠪᠤᠷ ᠲᠤ ᠲᠦᠰᠢᠭᠯᠡᠨ᠂ ᠠᠵᠢᠯᠲᠠᠳ ︽ᠬᠤᠤᠰ ᠴᠢᠭᠯᠡᠯ ᠢᠶᠠᠷ ᠬᠠᠮᠲᠤ ᠪᠠᠷ ᠬᠥᠳᠡᠯᠦᠯᠴᠡᠬᠦ︾ ᠠᠷᠭ᠎ᠠ | ᠪᠣᠳᠣᠯᠭ᠎ᠠ ᠶᠢ ᠬᠡᠷᠡᠭᠯᠡᠨ ᠵᠥᠷᠢᠴᠡᠯ ᠢ ᠠᠷᠢᠯᠭᠠᠪᠠ᠃ ᠮᠠᠯᠴᠢᠳ ᠲᠤ᠂ ︽ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ︾ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠨ ᠬᠡᠷᠡᠭᠯᠡᠭᠰᠡᠨ ᠳᠤ ᠨᠥᠬᠦᠪᠥᠷᠢ ᠥᠭᠬᠦ ᠲᠣᠭᠲᠠᠭᠠᠯ︾ ᠢᠶᠠᠷ | ᠦᠨᠳᠦᠰᠦᠯᠡᠯ ᠪᠣᠯᠭᠠᠵᠤ᠂ ᠨᠥᠬᠦᠪᠥᠷᠢ ᠥᠭᠬᠦ ᠪᠠᠷᠢᠮᠵᠢᠶ᠎ᠠ ᠶᠢᠨ ᠬᠠᠤᠯᠢ ᠶᠣᠰᠣᠴᠢ ᠴᠢᠨᠠᠷ ᠢ ᠵᠦᠢᠯ ᠳᠠᠷᠠᠭᠠᠯᠠᠨ | ᠵᠠᠳᠠᠯᠵᠤ᠂ ᠲᠡᠭᠦᠨ ᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠠᠳᠡᠭᠦᠦ ᠣᠶᠢᠯᠠᠭᠠᠯᠲᠠ ᠶᠢ ᠠᠷᠢᠯᠭᠠᠨ᠎ᠠ ; ᠠᠵᠤ | ᠠᠬᠤᠶᠢᠯᠠᠯ ᠳᠤ᠂ ᠬᠠᠷᠢᠶ᠎ᠠ ᠣᠷᠣᠨ ᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠣᠳᠠᠲᠠᠶ ᠬᠦᠴᠢᠷᠳᠡᠯ ᠢ | ᠶᠠᠷᠢᠬᠤ ᠪᠠᠷ ᠳᠠᠮᠵᠢᠭᠤᠯᠤᠨ᠂ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠲᠡᠳᠡᠨ ᠢ ᠬᠥᠲᠥᠯᠥᠨ | ᠵᠢᠯᠣᠭᠤᠳᠴᠤ ᠪᠠᠶᠢᠭᠠᠳ ᠨᠥᠬᠦᠪᠥᠷᠢ ᠥᠭᠬᠦ ᠲᠥᠰᠦᠯ ᠢ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠦᠨ᠎ᠡ᠃ ︽ | ᠲᠦᠷᠦ ᠶᠢᠨ ᠪᠤᠳᠤᠯᠭ᠎ᠠ ᠶᠢᠨ ᠲᠠᠶᠢᠯᠤᠮᠵᠢ + ᠬᠠᠶᠢᠷ᠎ᠠ ᠰᠡᠳᠬᠢᠯᠭᠡ ᠶᠢ ᠴᠤᠤᠷᠢᠶᠠᠲᠤᠭᠤᠯᠬᠤ︾ ᠨᠡᠪᠲᠡᠷᠡᠯᠴᠡᠬᠦ | ᠵᠠᠭᠪᠤᠷ ᠢ ᠪᠠᠶᠢᠭᠤᠯᠬᠤ ᠪᠠᠷ ᠳᠠᠮᠵᠢᠭᠤᠯᠵᠤ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠮᠥᠷᠲᠡᠭᠡᠨ ᠪᠠᠰᠠ | ᠬᠤᠶᠠᠷ ᠲᠠᠯ᠎ᠠ ᠶᠢᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠡᠰᠡᠷᠭᠦᠴᠡᠯᠳᠦᠯ ᠠᠴᠠ ᠬᠠᠮᠲᠤᠷᠠᠯᠴᠠᠭ᠎ᠠ ᠲᠡᠶᠢᠰᠢ | ᠤᠷᠤᠭᠰᠢᠯᠠᠬᠤ ᠶᠢ ᠠᠬᠢᠭᠤᠯᠵᠤ᠂ ︽ᠬᠠᠤᠯᠢ ᠪᠠᠷ ᠬᠡᠮᠵᠢᠭᠦᠷ ᠪᠣᠯᠭᠠᠵᠤ᠂ ᠬᠠᠶᠢᠷ᠎ᠠ ᠰᠡᠳᠬᠢᠯᠭᠡ ᠶᠢ ᠲᠠᠨᠢᠯᠴᠠᠭᠤᠯᠬᠤ︾ | ᠡᠶᠡᠳᠡᠭᠦᠯᠬᠦ ᠬᠠᠷᠠᠯᠲᠠ ᠶᠢ ᠪᠡᠶᠡᠯᠡᠭᠦᠯᠪᠡ᠃ | ᠭᠤᠷᠪᠠ᠂ ︽ᠶᠣᠰᠣ ᠤᠴᠢᠷ︾ ᠶᠣᠰᠣᠭᠠᠷ ᠲᠥᠰᠦᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠦᠨᠡᠯᠡᠨ ᠵᠢᠱᠢᠬᠦ ᠪᠠᠷ ᠬᠠᠮᠲᠤ ᠶᠢᠨ ᠲᠠᠨᠢᠯᠲᠠ ᠶᠢ ᠪᠣᠶ ᠪᠣᠯᠭᠠᠨ᠎ᠠ | ᠭᠤᠷᠪᠠᠳᠠᠬᠢ ᠡᠲᠡᠭᠡᠳ ᠤᠨ ᠲᠤᠰᠬᠠᠶ ᠦᠨᠡᠯᠡᠨ ᠵᠢᠱᠢᠬᠦ ᠪᠠᠶᠢᠭᠤᠯᠤᠮᠵᠢ ᠲᠠᠢ ᠬᠠᠷᠢᠯᠴᠠᠵᠤ᠂ ᠠᠵᠢᠯ | ᠲᠥᠷᠥᠯ ᠤᠨ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠢ ᠬᠡᠷᠡᠭᠯᠡᠨ᠂ ᠮᠠᠷᠭᠤᠯᠳᠤᠭᠠᠨ ᠤ ᠲᠥᠪᠯᠡᠷᠡᠯ ᠤᠨ | ᠴᠢᠭ ᠲᠤ ᠪᠤᠰᠤᠳᠴᠢ ᠪᠠᠷ ᠲᠥᠰᠦᠭᠡᠯᠡᠨ ᠪᠤᠳᠤᠯᠲᠠ ᠬᠢᠨ᠎ᠡ ; ᠬᠠᠤᠯᠢ ᠴᠠᠭᠠᠵᠠ ᠶᠢᠨ ᠵᠥᠪᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯ ᠤᠨ ᠲᠥᠯᠥᠭᠡᠯᠡᠭᠴᠢ᠂ ᠮᠠᠯᠴᠢᠳ ᠤᠨ ᠲᠥᠯᠥᠭᠡᠯᠡᠭᠴᠢ ᠶᠢ | ᠵᠣᠬᠢᠶᠠᠨ ᠪᠠᠶᠢᠭᠤᠯᠵᠤ ᠬᠠᠮᠲᠤ ᠪᠠᠷ ᠵᠥᠪᠳᠡᠯᠴᠡᠬᠦ ᠶᠢ ᠥᠷᠨᠢᠭᠦᠯᠵᠦ᠂ ᠬᠠᠤᠯᠢ ᠴᠠᠭᠠᠵᠠ ᠶᠢᠨ ᠪᠣᠷᠣ ᠲᠥᠯᠥᠪ ᠤᠨ | ᠳᠣᠲᠣᠷ᠎ᠠ ᠲᠥᠷᠥᠯ ᠵᠦᠢᠯ ᠢ ᠠᠬᠢᠭᠤᠯᠬᠤ ᠬᠢᠭᠡᠳ ᠮᠠᠯᠴᠢᠳ ᠤᠨ ᠡᠷᠬᠡ ᠠᠰᠢᠭ ᠢ ᠬᠠᠮᠲᠤ ᠳᠤ ᠨᠢ ᠬᠠᠷᠠᠭᠠᠯᠵᠠᠵᠤ | ᠰᠢᠢᠳᠪᠦᠷᠢᠯᠡᠬᠦ ᠲᠥᠰᠦᠯ ᠢ ᠲᠣᠭᠲᠠᠭᠠᠨ᠎ᠠ᠃ ᠡᠶᠡᠳᠡᠭᠦᠯᠭᠡ ᠶᠢᠨ ᠦᠷ᠎ᠡ ᠳ᠋ᠦᠩ ᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠦᠯᠬᠦ ᠪᠠᠷ ᠪᠠᠷᠠᠬᠤ ᠥᠬᠡᠶ ᠪᠠᠰᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠣᠯᠠᠨ ᠲᠦᠮᠡᠨ ᠤ ᠵᠦᠶ ᠵᠣᠬᠢᠰᠲᠠᠶ ᠬᠦᠰᠡᠯ | ᠡᠷᠡᠮᠡᠯᠵᠡᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠵᠥᠷᠢᠴᠡᠯ ᠵᠢᠭᠤᠷᠠᠯᠳᠤᠭᠠᠨ ᠢ ᠦᠨᠡᠨ ᠬᠦ ᠪᠣᠳᠠᠲᠠᠶ ᠪᠠᠷ | ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ | ᠲᠣᠰ ᠤᠳᠠᠭᠠᠨ ᠤ ᠵᠥᠷᠢᠴᠡᠯ ᠢ ᠠᠮᠵᠢᠯᠲᠠ ᠲᠠᠢ ᠠᠷᠢᠯᠭᠠᠭᠰᠠᠨ ᠨᠢ ︽ᠤᠯᠤᠰ ᠲᠥᠷᠥ ᠶᠢᠨ ᠵᠥᠪᠯᠡᠯᠭᠡᠨ + | ᠶᠡᠷᠦᠩᠬᠡᠶᠢᠯᠡᠨ ᠵᠠᠰᠠᠬᠤ︾ ᠶᠢᠨ ᠵᠠᠭᠪᠤᠷ ᠤᠨ ᠤᠷᠠᠨ ᠳᠡᠮ ᠲᠠᠢ ᠬᠦᠴᠦ ᠣᠷᠣᠭᠤᠯᠵᠤ᠂ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠵᠥᠪᠯᠡᠯ ᠤᠨ ᠦᠨᠳᠦᠰᠦᠨ ᠱᠠᠲᠤᠨ ᠤ ᠵᠥᠷᠢᠴᠡᠯ ᠢ ᠡᠶᠡᠳᠡᠭᠦᠯᠬᠦ ᠠᠵᠢᠯ ᠤᠨ ᠳᠤᠮᠳᠠ | ᠪᠠᠳᠠᠷᠠᠭᠤᠯᠵᠤ ᠳᠡᠶᠢᠯᠬᠦ ᠬᠦᠴᠦᠷᠬᠡᠭ ᠶᠡᠭᠡ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠵᠦ᠂ ᠬᠤᠶᠢᠰᠢᠳᠠ ᠶᠢᠨ | ᠳᠠᠷᠬᠠᠨ ᠰᠤᠮᠤ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠬᠠᠮᠢᠶ᠎ᠠ ᠪᠥᠬᠦᠶ ᠠᠵᠢᠯ ᠢ | ᠥᠷᠨᠢᠭᠦᠯᠬᠦ ᠳᠤ ᠰᠠᠶᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ | |