ᠦᠬᠡᠷᠬᠤᠳᠳᠤᠭ ᠪᠠᠯᠭᠠᠰᠤᠨ ᠤ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠵᠠᠭᠪᠤᠷ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠳᠤᠴᠠ ᠶᠢ ᠳᠦᠷᠭᠡᠳᠬᠡᠪᠡ
ᠨᠡᠶᠢᠲᠡᠯᠡᠭᠰᠡᠨ ᠴᠠᠭ᠄
2025/5/29
      5 ᠰᠠᠷ᠎ᠠ ᠶᠢᠨ 27 ᠤ ᠡᠳᠦᠷ᠂ ᠦᠬᠡᠷᠬᠤᠳᠳᠤᠭ ᠪᠠᠯᠭᠠᠰᠤᠨ ᠤ ᠰᠢᠨ ᠮᠧᠩ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ ᠬᠥᠷ ᠬᠥᠭᠵᠢᠶᠡᠨ ᠲᠠᠢ ᠪᠠᠶᠢᠵᠤ᠂ ᠲᠦᠷᠦᠭᠦᠤ ᠪᠦᠯᠦᠭ 260 ᠭᠠᠷᠤᠶ ᠭᠠᠭ᠋ᠠᠶ ᠲᠡᠭᠡᠭᠡᠭᠰᠡᠨ ᠲᠡᠷᠭᠡ ᠠᠯᠭᠤᠷ ᠠᠭᠠᠵᠢᠮ ᠲᠠᠯᠠᠪᠤᠷ ᠠᠴᠠ ᠭᠠᠷᠴᠤ᠂ ᠡᠨᠡ ᠬᠦ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠲᠠᠯᠠᠪᠠᠶ ᠵᠢᠩᠬᠢᠨᠢ ᠪᠠᠷ ᠦᠢᠯᠡᠳᠪᠦᠷᠢᠯᠡᠵᠦ ᠪᠣᠷᠣᠯᠠᠭᠤᠯᠬᠤ ᠳᠤ ᠣᠷᠤᠭᠰᠠᠨ ᠢ ᠬᠠᠷᠠᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠤᠳᠠᠭ᠎ᠠ ᠵᠢᠱᠢᠯᠲᠡ ᠪᠠᠷ 2400 ᠭᠠᠭ᠋ᠠᠶ ᠡᠴᠦᠰ ᠤᠨ ᠬᠢᠵᠢᠭ ᠤᠨ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠵᠠᠯᠭᠠᠭ᠎ᠠ ᠪᠠᠷ ᠪᠣᠷᠤᠯᠠᠭᠤᠯᠤᠭᠳᠠᠵᠤ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠶᠠᠰᠤ ᠴᠢᠨᠠᠷ ᠢᠶᠠᠷ ᠵᠠᠬ᠎ᠠ ᠳᠡᠯᠭᠡᠭᠦᠷ ᠢ ᠬᠠᠩᠭᠠᠬᠤ ᠪᠣᠯᠤᠨ᠎ᠠ᠃      ᠦᠬᠡᠷᠬᠤᠳᠳᠤᠭ ᠪᠠᠯᠭᠠᠰᠤᠨ ᠤ ᠰᠢᠨ ᠮᠧᠩ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠷᠥᠯ ᠵᠦᠢᠯ ᠪᠣᠯ ᠦᠬᠡᠷᠬᠤᠳᠳᠤᠭ ᠪᠠᠯᠭᠠᠰᠤᠨ ᠤ ᠨᠠᠮ ᠤᠨ ᠡᠭᠦᠷ ᠤᠨ ᠳᠠᠭᠠᠭᠤᠯᠤᠨ ᠬᠦᠢᠴᠡᠳᠬᠡᠭᠦ ᠪᠠᠷ ᠪᠦᠲᠦᠮᠵᠢᠲᠡᠶ ᠭᠠᠷᠳᠠᠴᠠ ᠪᠣᠯᠭᠠᠨ ᠠᠬᠢᠭᠤᠯᠤᠭᠰᠠᠨ ᠨᠢᠭᠡᠳᠦᠯᠲᠡᠶ ᠠᠷᠠᠴᠢᠯᠠᠵᠤ ᠬᠠᠮᠲᠤ ᠪᠠᠷ ᠪᠠᠶᠠᠵᠢᠭᠰᠠᠨ ᠨᠡᠶᠢᠲᠡᠯᠢᠭ ᠲᠥᠷᠥᠯ  ᠵᠦᠢᠯ ᠪᠣᠯᠤᠨ᠎ᠠ᠂ ᠪᠦᠬᠦ᠋ᠢᠯᠡ ᠲᠡᠵᠢᠭᠡᠨ ᠦᠷᠡᠵᠢᠭᠦᠯᠬᠦ ᠲᠠᠯᠠᠪᠠᠶ ᠶᠢ ᠬᠡᠪᠴᠢᠶᠡᠵᠢᠭᠦᠯᠬᠦ᠂ ᠴᠤᠪᠤᠷᠠᠭᠤᠯᠬᠤ᠂ ᠪᠠᠷᠢᠮᠵᠢᠶᠠᠵᠢᠭᠤᠯᠬᠤ᠂ ᠤᠶᠤᠨᠵᠢᠭᠤᠯᠬᠤ ᠶᠢ ᠨᠢᠭᠡ ᠴᠤᠭᠴᠠᠵᠢᠭᠤᠯᠵᠤ᠂ ᠡᠯ᠎ᠡ ᠴᠢᠳᠠᠮᠵᠢᠳᠤ ᠣᠷᠣᠨ ᠤ ᠲᠤᠰᠠᠭᠠᠷ ᠠᠵᠢᠯᠯᠠᠭᠠᠨ ᠢ ᠪᠡᠶᠡᠯᠡᠭᠦᠯᠦᠨ᠎ᠡ᠃ ᠲᠥᠷᠥᠯ ᠵᠦᠢᠯ ᠨᠢ ︽ᠠᠵᠤ ᠠᠬᠤᠶᠢᠯᠠᠯ ᠬᠤᠷᠰᠢᠬᠤ + ᠲᠣᠰᠬᠤᠨ ᠬᠠᠮᠲᠤ ᠪᠠᠷ ᠬᠤᠪᠢ ᠣᠷᠣᠭᠤᠯᠬᠤ︾ ᠰᠢᠨ᠎ᠡ ᠶᠢ ᠡᠭᠦᠳᠦᠭᠰᠡᠨ ᠵᠠᠭᠪᠤᠷ ᠢ ᠬᠡᠷᠡᠭᠯᠡᠵᠦ᠂ ᠪᠠᠯᠭᠠᠰᠤᠨ ᠤ ᠨᠠᠮ ᠤᠨ ᠬᠤᠷᠢᠶ᠎ᠠ ᠲᠦᠷᠦᠭᠦᠯᠡᠨ 11 ᠲᠣᠰᠬᠤᠨ ᠤ ᠨᠠᠮ ᠤᠨ ᠡᠭᠦᠷ ᠬᠤᠯᠪᠣᠭᠠᠲᠤ ᠬᠤᠷᠰᠢᠶ᠎ᠠ ᠶᠢ ᠵᠣᠬᠢᠶᠠᠨ ᠪᠠᠶᠢᠭᠤᠯᠵᠤ᠂ 28 ᠲᠦᠮᠡᠨ ᠲᠥᠭᠦᠷᠢᠭ ᠤᠨ ᠬᠠᠮᠲᠤ ᠶᠢᠨ ᠪᠡᠯᠡ ᠮᠥᠩᠭᠦ ᠣᠷᠣᠭᠤᠯᠤᠨ ᠡᠵᠡᠩᠨᠡᠯᠲᠡ ᠶᠢᠨ ᠠᠰᠢᠭ ᠬᠤᠪᠢᠶᠠᠷᠢᠯᠠᠬᠤ ᠳᠤ ᠣᠷᠣᠯᠴᠠᠵᠤ᠂ ᠵᠣᠬᠢᠶᠠᠨ ᠪᠠᠶᠢᠭᠤᠯᠬᠤ ᠪᠠᠷ ᠳᠠᠮᠵᠢᠨ ᠬᠥᠳᠡᠭᠡ ᠲᠣᠰᠬᠤᠨ ᠤ ᠠᠵᠤ ᠦᠢᠯᠡᠰ ᠤᠨ ᠬᠥᠳᠡᠯᠭᠡᠬᠦ ᠬᠦᠴᠦᠨ ᠢ ᠬᠥᠭᠵᠢᠭᠡᠨ᠎ᠡ᠃      ᠨᠠᠮ ᠤᠨ ᠡᠭᠦᠷ ᠠᠴᠠ ᠬᠤᠯᠪᠣᠭᠠᠲᠤ ᠬᠤᠷᠰᠢᠶ᠎ᠠ ᠶᠢ ᠳᠠᠭᠠᠭᠤᠯᠤᠨ ᠡᠷᠭᠢᠯᠡᠬᠦ ᠬᠤᠯᠪᠣᠭᠠᠯᠠᠯ ᠳᠣᠤᠷ᠎ᠠ᠂ ᠲᠡᠵᠢᠭᠡᠨ ᠦᠷᠡᠵᠢᠭᠦᠯᠬᠦ ᠲᠠᠯᠠᠪᠠᠶ ᠬᠢᠭᠡᠳ ᠰᠧᠴᠤᠸᠠᠨ ᠤ ᠳ᠋ᠧ ᠺᠠᠩ ᠺᠣᠮᠫᠠᠨᠢ ᠭᠦᠨᠵᠡᠭᠡᠶ ᠬᠠᠮᠲᠤᠷᠠᠯᠴᠠᠭ᠎ᠠ ᠪᠠᠶᠢᠭᠤᠯᠵᠤ ᠂ ᠠᠵᠤ ᠠᠬᠤᠶᠢᠯᠠᠯ ᠤᠨ ᠪᠥᠬᠦ ᠶᠠᠪᠤᠴᠠ ᠳᠤ ᠨᠢᠯᠬ᠎ᠠ ᠳᠣᠷᠤᠢ᠂ ᠲᠡᠵᠢᠭᠡᠯ ᠪᠣᠷᠳᠤᠭ᠎ᠠ᠂ ᠠᠷᠠᠴᠢᠯᠠᠨ ᠪᠤᠶᠢᠵᠢᠭᠤᠯᠬᠤ ᠮᠡᠷᠭᠡᠵᠢᠯ ᠤᠨ ᠳᠡᠮᠵᠢᠯᠭᠡ ᠬᠠᠩᠭᠠᠵᠤ᠂ ᠲᠣᠭᠠᠴᠢᠯᠠᠭᠰᠠᠨ ᠲᠡᠵᠢᠭᠡᠨ ᠦᠷᠡᠵᠢᠭᠦᠯᠬᠦ ᠰᠢᠰᠲ᠋ᠧᠮ ᠳᠤ ᠲᠦᠰᠢᠭᠯᠡᠨ ᠨᠠᠷᠢᠯᠢᠭ ᠣᠨᠣᠴᠠᠲᠠᠶ ᠪᠠᠷ ᠲᠡᠵᠢᠭᠡᠯ ᠡᠪᠡᠰᠦ ᠪᠣᠷᠳᠤᠭ᠎ᠠ ᠬᠠᠩᠭᠠᠪᠠ︔ ᠲᠤᠷᠤᠢ ᠶᠢ ᠠᠷᠠᠴᠢᠯᠠᠨ ᠪᠤᠶᠢᠵᠢᠭᠤᠯᠤᠭᠰᠠᠨ ᠤ ᠳᠠᠷᠠᠭ᠎ᠠ ᠠᠵᠤ ᠠᠬᠤᠶᠢᠯᠠᠯ ᠠᠴᠠ ᠬᠠᠨᠳᠤᠯᠭ᠎ᠠ ᠲᠠᠢ ᠪᠠᠷ ᠬᠤᠷᠢᠶᠠᠨ ᠠᠪᠴᠤ᠂ ︽ᠵᠠᠬᠢᠶᠠᠯᠠᠭ᠎ᠠ ᠶᠢᠨ ᠲᠡᠵᠢᠭᠡᠨ ᠦᠷᠡᠵᠢᠭᠦᠯᠬᠦ︾ ᠵᠠᠭᠪᠤᠷ ᠢᠶᠠᠷ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠯᠬᠢᠶ᠎ᠡ ᠶᠢ ᠨᠡᠪᠲᠡᠷᠡᠭᠦᠯᠪᠡ᠃ ᠡᠶᠢᠮᠦᠷᠬᠦ ︽ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠵᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠬᠠᠮᠲᠤᠷᠠᠯᠴᠠᠭᠠᠨ ᠤ ᠲᠣᠭᠲᠠᠴᠠ ᠨᠢ ᠭᠠᠭ᠋ᠠᠶ ᠶᠢᠨ ᠪᠣᠷᠣᠯᠠᠭᠤᠯᠭ᠎ᠠ ᠶᠢᠨ ᠵᠠᠮ ᠢ ᠪᠠᠲᠤᠯᠠᠭᠰᠠᠨ ᠢᠶᠠᠷ ᠪᠠᠷᠠᠬᠤ ᠦᠭᠡᠢ᠂ ᠲᠣᠰᠬᠤᠨ ᠤ ᠬᠠᠮᠲᠤ ᠶᠢᠨ ᠠᠵᠤ ᠠᠬᠤᠶ ᠬᠢᠭᠡᠳ ᠠᠵᠤ ᠠᠬᠤᠶᠢᠯᠠᠯ ᠤᠨ ᠬᠥᠭᠵᠢᠯᠲᠡ ᠶᠢ ᠨᠠᠩ ᠴᠤ ᠵᠡᠷᠭᠡᠪᠡᠷ ᠬᠥᠭᠵᠢᠭᠦᠯᠵᠡᠶ᠃      ︽ᠲᠡᠵᠢᠭᠡᠨ ᠦᠷᠡᠵᠢᠭᠦᠯᠬᠦ ᠦᠢᠯᠡᠰ ᠢ ︿ᠬᠦᠴᠦᠷᠬᠡᠭᠵᠢᠭᠦᠯᠬᠦ﹀᠂ ᠲᠣᠰᠬᠤᠨ ᠤ ᠠᠷᠠᠳ ᠢ ︿ᠪᠠᠶᠠᠵᠢᠭᠤᠯᠬᠤ﹀ ᠪᠠ ᠬᠥᠳᠡᠭᠡ ᠲᠣᠰᠬᠤᠨ ᠢ ︿ᠮᠠᠨᠳᠤᠭᠤᠯᠬᠤ﹀︾ ᠪᠣᠯ ᠦᠬᠡᠷᠬᠤᠳᠳᠤᠭ ᠪᠠᠯᠭᠠᠰᠤᠨ ᠤ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠬᠥᠭᠵᠢᠯᠲᠡ ᠶᠢᠨ ᠬᠠᠷᠠᠯᠲᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠦᠬᠡᠷᠬᠤᠳᠳᠤᠭ ᠪᠠᠯᠭᠠᠰᠤᠨ ᠤ ᠨᠠᠮ ᠤᠨ ᠬᠤᠷᠢᠶ᠎ᠠ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠲᠠᠰ ᠳᠡᠪᠰᠢᠬᠦ ᠶᠢ ᠬᠥᠲᠥᠯᠦᠨ ᠳᠠᠭᠠᠭᠤᠯᠵᠤ᠂ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠵᠠᠭᠪᠤᠷ ᠤᠨ ᠦᠢᠯᠡᠳᠥᠯᠭᠡ ᠶᠢ ᠭᠦᠨᠵᠡᠭᠡᠶᠢᠷᠡᠭᠦᠯᠦᠨ᠂ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢ ᠬᠦᠴᠦᠷᠬᠡᠭᠵᠢᠭᠦᠯᠬᠦ᠂ ᠡᠬᠢ ᠪᠠᠶᠠᠯᠢᠭ ᠤᠨ ᠡᠯᠧᠮᠧᠨ᠋ᠲ ᠢ ᠠᠮᠢᠳᠤᠯᠢᠭ ᠪᠣᠯᠭᠠᠬᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠬᠥᠳᠡᠯᠭᠡᠭᠦᠷ︾ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠥᠨᠢᠳᠡ ᠶᠢᠨ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号