ᠲᠠᠯ᠎ᠠ ᠨᠤᠲᠤᠭ ᠤᠨ ᠬᠡᠤᠭᠡᠳ  ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠢ  ᠬᠢᠯᠢ ᠬᠢᠵᠠᠭᠠᠷ ᠤᠷᠤᠨ ᠤ ᠰᠤᠷᠭᠠᠭᠤᠯᠢ ᠶᠢᠨ ᠬᠦᠷᠢᠶᠡᠨ ᠳᠤ  ᠦᠨᠳᠦᠰᠦᠯᠡᠬᠦᠯᠪᠡ
ᠨᠡᠶᠢᠲᠡᠯᠡᠭᠰᠡᠨ ᠴᠠᠭ᠄
2025/5/29
      ᠤᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠳᠡᠭᠡᠷ᠎ᠡ᠂ ︽ᠲᠠᠯ᠎ᠠ ᠨᠤᠲᠤᠭ ᠤᠨ ᠬᠡᠦᠬᠡᠳ︾  ᠤᠳ ᠠᠨ ᠰᠠᠢ ᠬᠡᠩᠭᠡᠷᠭᠡ  ᠲᠡᠯᠡᠳᠴᠤ ᠡᠬᠢᠯᠡᠪᠡ᠃ ︽ᠳ᠋ᠦᠩ ᠂ ᠳ᠋ᠦᠩ ᠂ ᠳ᠋ᠦᠩ ︕︾  ᠬᠡᠩᠭᠡᠷᠭᠡᠨ ᠳᠠᠭᠤᠨ ᠤ ᠳᠤᠮᠳᠠ᠂ ᠬᠡᠦᠬᠡᠳ ᠤᠳ ᠤᠯᠠᠭᠠᠨ ᠳᠤᠷᠳᠤᠩ ᠪᠦᠰᠡᠯᠡᠨ᠂ ᠬᠤᠶᠠᠷ ᠭᠠᠷ ᠢᠶᠠᠷ ᠢᠶᠠᠨ ᠲᠡᠯᠳᠡᠭᠦᠷ ᠢᠶᠠᠨ ᠬᠤᠷᠦ᠋ᠢᠯᠠᠵᠤ᠂ ᠴᠤᠬᠢᠯᠭ᠎ᠠ ᠲᠠᠭᠠᠷᠠᠭᠤᠯᠤᠨ‌ᠠᠶᠢᠵᠠᠮ ᠲᠠᠢ ᠦᠰᠦᠷᠴᠡᠭᠡᠨ᠎ᠡ᠃ ᠤᠯᠠᠭᠠᠨ ᠳᠤᠷᠳᠤᠩ ᠬᠢᠭᠡᠳ  ᠭᠡᠩᠭᠡᠷᠭᠡ ᠶᠢᠨ ᠲᠠᠭᠤᠨ ᠤᠭᠳᠠᠷᠭᠤᠢ ᠳᠤ ᠬᠠᠩᠬᠢᠨᠠᠨ ᠴᠤᠤᠷᠢᠶᠠᠳᠤᠨ᠎ᠠ᠃ ᠡᠨᠡ ᠪᠣᠯ ᠲᠤᠰ ᠰᠤᠷᠭᠠᠭᠤᠯᠢ  ᠶᠢᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠤ ᠨᠡᠶᠢᠭᠡᠮ ᠤᠨ ᠪᠦᠯᠬᠦᠮ ᠳᠤ ᠣᠷᠣᠭᠤᠯᠤᠨ ᠠᠪᠴᠢᠷᠠᠭᠰᠠᠨ ᠠᠮᠢᠳᠤᠯᠢᠭ ᠪᠠᠶᠢᠳᠠᠯ᠂ ᠤᠯᠠᠮᠵᠢᠯᠠᠯᠲᠤ ᠤᠷ᠎ᠠ ᠮᠡᠷᠭᠡᠵᠢᠯ ᠬᠢᠭᠡᠳ ᠲᠠᠯ᠎ᠠ ᠨᠤᠲᠤᠭ ᠤᠨ ᠰᠣᠶᠣᠯ ᠤᠨ ᠲᠠᠯ᠎ᠠ ᠪᠠᠷ ᠰᠢᠨ᠎ᠡ ᠶᠢ ᠡᠭᠦᠳᠦᠨ ᠠᠭᠤᠰᠤᠯᠴᠠᠭᠰᠠᠨ ᠶᠠᠪᠤᠳᠠᠯ ᠪᠠᠶᠢᠵᠤ᠂ ᠬᠢᠯᠢ ᠬᠢᠵᠠᠭᠠᠷ ᠤᠨ ᠰᠤᠷᠭᠠᠭᠤᠯᠢ ᠶᠢᠨ ᠬᠦᠷᠢᠶᠡᠨ ᠳᠤ ᠠᠮᠢᠳᠤ ᠰᠣᠷᠭᠤᠭ ᠰᠣᠶᠣᠯ ᠤᠨ ᠬᠦᠴᠦᠨ ᠨᠡᠮᠡᠷᠢᠯᠡᠪᠡ᠃      ᠠᠨ ᠰᠠᠢ ᠭᠡᠩᠭᠡᠷᠭᠡ ᠨᠢ ᠱᠠᠨᠪᠧᠢ ᠶᠢᠨ ᠥᠨᠳᠦᠷᠯᠢᠭ ᠤᠨ ᠰᠣᠶᠣᠯ ᠤᠨ ᠲᠡᠮᠳᠡᠭ ᠪᠣᠯᠤᠭᠰᠠᠨ ᠤ ᠬᠤᠪᠢ ᠳᠤ᠂ ᠣᠮᠤᠭ ᠵᠤᠷᠢᠭ ᠢᠲᠡᠭᠡᠯ ᠲᠡᠭᠦᠯᠳᠡᠷ ᠢᠶᠠᠷ ᠨᠡᠷ᠎ᠡ ᠠᠯᠳᠠᠷᠰᠢᠵᠠᠢ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠳᠣᠤᠷᠠᠬᠢ ᠬᠢᠴᠢᠶᠡᠯ ᠤᠨ ᠳᠠᠷᠠᠭᠠᠬᠢ  ᠦᠢᠯᠡᠴᠢᠯᠡᠭᠡᠨ ᠤ ᠠᠵᠠ ᠲᠣᠬᠢᠶᠠᠯ ᠳᠤ ᠲᠦᠰᠢᠭᠯᠡᠨ᠂ ᠤᠨᠴᠠᠯᠢᠬᠳᠤ ᠰᠣᠶᠣᠯ ᠰᠤᠷᠭᠠᠨ ᠬᠥᠮᠦᠵᠢᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠡᠨᠡ ᠬᠦ ᠰᠢᠨ᠎ᠡ ᠶᠢ ᠡᠭᠦᠳᠬᠦ  ᠦᠢᠯᠡᠳᠦᠯᠭᠡ ᠨᠢ ᠠᠨ ᠰᠠᠢ ᠬᠡᠩᠭᠡᠷᠭᠡ ᠶᠢᠨ ᠣᠮᠤᠭ ᠵᠣᠷᠢᠭ ᠢ ᠬᠥᠪᠴᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠰᠣᠶᠣᠯ ᠢᠶᠠᠷ ᠬᠤᠯᠪᠣᠭᠠᠰᠤ ᠪᠣᠯᠭᠠᠵᠤ᠂ ᠵᠠᠯᠠᠭᠤᠴᠤᠳ ᠪᠠᠭᠠᠴᠤᠳ ᠤᠨ ᠰᠡᠳᠬᠢᠯ ᠳᠤ ᠳᠤᠮᠳᠠᠳᠤ ᠶᠢᠨ ᠰᠢᠯᠢᠳᠡᠭ  ᠤᠯᠠᠮᠵᠢᠯᠠᠯ ᠢ ᠭᠦᠨ ᠰᠠᠭᠤᠭᠳᠠᠭᠤᠯᠵᠤ᠂ ᠰᠦᠭ ᠰᠦᠨᠡᠰᠦ ᠲᠠᠢ ᠴᠠᠭ ᠦᠶ᠎ᠡ ᠶᠢᠨ ᠰᠢᠨ᠎ᠡ ᠬᠥᠮᠦᠨ ᠢ  ᠬᠦᠮᠦᠵᠢᠬᠦᠯᠦᠭᠰᠡᠨ ᠠᠮᠢᠳᠤᠯᠢᠭ  ᠵᠢᠱᠢᠶ᠎ᠡ ᠪᠤᠯᠪᠠ᠃     ᠠᠨ ᠰᠠᠢ ᠭᠡᠩᠭᠡᠷᠭᠡ ᠶᠢᠨ ᠰᠤᠷᠤᠯᠴᠠᠯᠭ᠎ᠠ ᠶᠢ ᠰᠤᠷᠤᠭᠴᠢᠳ ᠲᠤ ᠨᠡᠩ ᠢᠯᠡᠬᠦᠦ ᠲᠤᠰᠬᠠᠢ ᠮᠡᠷᠭᠡᠵᠢᠭᠰᠡᠨ᠂ ᠤᠬᠢ ᠰᠤᠳᠤ ᠪᠠ ᠤᠷ᠎ᠠ ᠮᠡᠷᠭᠡᠵᠢᠯ ᠢ ᠰᠢᠰᠲ᠋ᠧᠮ ᠲᠠᠢ ᠡᠵᠡᠮᠰᠢᠬᠦᠯᠬᠦ ᠶᠢᠨ ᠲᠥᠯᠥᠭᠡ᠂ ᠰᠤᠷᠭᠠᠭᠤᠯᠢ ᠶᠢᠨ ᠣᠨᠴᠠ ᠤᠷᠢᠭᠰᠠᠨ ᠠᠨ ᠰᠠᠢ ᠬᠡᠩᠭᠡᠷᠭᠡ ᠶᠢᠨ ᠬᠦᠷᠢᠶᠡᠨ ᠤ ᠲᠤᠰᠬᠠᠢ ᠮᠡᠷᠭᠡᠵᠢᠯ ᠤᠨ ᠪᠠᠭᠰᠢ  ᠪᠠᠷ ᠰᠤᠷᠭᠠᠭᠤᠯᠢ ᠶᠢᠨ ᠭᠠᠳᠠᠨᠠᠬᠢ ᠬᠠᠪᠰᠤᠷᠤᠨ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠰᠠᠭᠤᠷᠢ ᠶᠢᠨ ᠲᠤᠬᠢᠭᠤᠷ ᠪᠠᠷᠢᠬᠤ ᠭᠡᠯᠪᠡᠷᠢ᠂  ᠲᠦᠬᠦᠮᠭᠡᠨ ᠠᠶᠢᠵᠠᠮ ᠴᠤᠬᠢᠯᠭ᠎ᠠ ᠠᠴᠠ ᠡᠬᠢᠯᠡᠨ  ᠵᠢᠭᠠᠵᠤ᠂ ᠠᠯᠬᠤᠮ ᠠᠯᠬᠤᠮ ᠢᠶᠠᠷ ᠰᠣᠩᠭᠤᠳᠠᠭ ᠤᠷ᠎ᠠ ᠮᠡᠷᠭᠡᠵᠢᠯ ᠳᠤ ᠰᠢᠯᠵᠢᠭᠦᠯᠵᠦ᠂ ᠪᠠᠭᠰᠢ ᠨᠢ ᠬᠦᠯᠢᠴᠡᠩᠭᠦᠢ ᠪᠠᠷ ᠵᠢᠱᠢᠶ᠎ᠡ ᠦᠵᠡᠭᠦᠯᠵᠦ᠂ ᠨᠠᠷᠢᠨ ᠨᠢᠮᠪᠠᠢ ᠵᠢᠭᠠᠨ ᠵᠢᠯᠣᠭᠤᠳᠴᠤ᠂ ᠰᠤᠷᠤᠭᠴᠢᠳ ᠢ ᠬᠡᠯᠪᠡᠷᠢ ᠬᠦᠳᠡᠯᠦᠯ ᠪᠦᠷᠢ ᠪᠠᠷ ᠡᠨᠡᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠣᠬᠢ ᠰᠣᠳᠣ ᠶᠢ ᠨᠢ ᠠᠭᠠᠵᠢᠮ ᠢᠶᠠᠷ ᠣᠶᠢᠯᠠᠭᠠᠭᠤᠯᠪᠠ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠵᠢᠶᠠ ᠰᠢᠨ ᠶᠤᠸᠠᠢ ᠬᠡᠯᠡᠬᠦ ᠳᠡᠭᠡᠨ᠄ ︽  ᠠᠨ ᠰᠠᠢ ᠬᠡᠩᠬᠡᠷᠬᠡ ᠨᠢ ᠪᠢᠳᠠᠨ  ᠳᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠬᠤᠪᠢ ᠬᠥᠮᠦᠨ ᠤ ᠪᠠᠲᠤ ᠵᠤᠭᠰᠤᠯᠳᠠ ᠴᠢᠬᠤᠯᠠᠲᠠᠶ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠨᠢ ᠡᠨᠡ ᠬᠦ ᠤᠯᠠᠮᠵᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠠᠨ ᠰᠠᠢ ᠬᠡᠩᠬᠡᠷᠬᠡ ᠪᠠᠷ ᠲᠡᠤᠬᠡ ᠶᠢᠨ ᠴᠤᠤᠷᠢᠶ᠎ᠠ ᠶᠢ ᠬᠡᠩᠭᠡᠷᠭᠡᠳᠡᠵᠦ᠂ ᠨᠠᠩ ᠴᠤ ᠪᠦᠯᠬᠦᠮᠳᠡᠨ ᠲᠡᠮᠡᠴᠡᠭᠰᠡᠨ ᠴᠠᠭ ᠦᠶ᠎ᠡ ᠶᠢᠨ ᠴᠢᠩᠭ᠎ᠠ ᠳᠠᠭᠤᠨ ᠪᠣᠯᠤᠨ᠎ᠠ︾ ᠭᠡᠵᠡᠶ᠃ ᠡᠳᠦᠭᠡ᠂ ᠠᠨ ᠰᠠᠢ ᠬᠡᠩᠭᠡᠷᠭᠡ ᠶᠢᠨ ᠬᠡᠩᠭᠡᠷᠭᠡᠨ ᠳᠠᠭᠤᠨ ᠨᠢ ᠪᠠᠲᠤᠬᠠᠭᠠᠯᠭ᠎ᠠ ᠶᠢᠨ  ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠳᠡᠭᠡᠷ᠎ᠡ ᠴᠤᠤᠷᠢᠶᠠᠲᠤᠬᠤ ᠪᠠᠷ ᠪᠠᠷᠠᠬᠤ ᠦᠭᠡᠢ᠂ ᠨᠡᠩ ᠴᠤ ᠬᠢᠯᠢ ᠬᠢᠵᠠᠭᠠᠷ ᠤᠨ ᠵᠠᠯᠠᠭᠤᠴᠤᠳ ᠪᠠᠭᠠᠴᠤᠳ ᠤᠨ ᠰᠡᠳᠬᠢᠯ ᠳᠤ ᠰᠣᠶᠣᠯ ᠤᠨ ᠢᠲᠡᠭᠡᠯ ᠤᠨ ᠦᠷ᠎ᠡ ᠶᠢ  ᠰᠠᠴᠤᠭᠰᠠᠨ ᠪᠠᠶᠢᠨ᠎ᠠ᠃      ᠠᠨ ᠰᠠᠢ  ᠬᠡᠩᠭᠡᠷᠭᠡ ᠶᠢ ᠤᠮᠠᠷᠠᠲᠤ ᠬᠢᠯᠢ ᠶᠢᠨ ᠰᠤᠷᠭᠠᠭᠤᠯᠢ ᠶᠢᠨ ᠨᠡᠶᠢᠭᠡᠮ ᠤᠨ ᠪᠦᠯᠬᠦᠮ ᠤᠨ ᠬᠢᠴᠢᠶᠡᠯ ᠤᠨ ᠲᠠᠩᠬᠢᠮ ᠳᠤ ᠤᠷᠤᠭᠤᠯᠵᠤ᠂ ᠡᠨᠡ ᠬᠦ ᠠᠭᠤᠰᠤᠯᠴᠠᠯ ᠨᠢ ᠪᠣᠳᠠᠰ ᠤᠨ ᠪᠤᠰᠤ ᠰᠣᠶᠣᠯ ᠤᠨ ᠥᠪ  ᠢ ︽ᠡᠷᠴᠢ ᠵᠤᠷᠢᠭ ︾  ᠲᠠᠢ ᠪᠤᠯᠭᠠᠭᠰᠠᠨ ᠢᠶᠠᠷ ᠪᠠᠷᠠᠬᠤ ᠥᠬᠡᠶ᠂ ᠰᠤᠷᠤᠭᠴᠢᠳ ᠤᠨ ᠰᠣᠶᠣᠯ ᠤᠨ ᠮᠡᠳᠡᠷᠡᠮᠵᠢ ᠶᠢ ᠬᠥᠭᠵᠢᠭᠡᠵᠡᠢ᠃  ᠨᠡᠶᠢᠭᠡᠮ ᠤᠨ ᠪᠦᠯᠬᠦᠮ ᠪᠠᠶᠢᠭᠤᠯᠤᠭᠳᠠᠭᠰᠠᠨ ᠠᠴᠠ ᠨᠠᠰᠢ᠂ 200 ᠭᠠᠷᠤᠶ ᠰᠤᠷᠤᠭᠴᠢ ᠣᠷᠣᠯᠴᠠᠵᠤ᠂ ᠰᠤᠷᠭᠠᠭᠤᠯᠢ ᠶᠢᠨ ᠬᠦᠷᠢᠶᠡᠨ ᠤ ᠬᠠᠮᠤᠭ ᠠᠴᠠ ᠬᠦᠷᠢᠶᠡᠯᠡᠯ ᠢ ᠣᠯᠤᠭᠰᠠᠨ ︽ᠬᠤᠶᠠᠳᠤᠭᠠᠷ ᠬᠢᠴᠢᠶᠡᠯ ᠤᠨ ᠲᠠᠩᠬᠢᠮ︾ ᠪᠣᠯᠵᠠᠶ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠰᠢᠤᠢ ᠵᠢᠶᠦ᠋ᠨ ᠰᠤᠷᠪᠤᠯᠵᠢᠯᠠᠭᠴᠢ ᠳᠤ ᠄ ︽ᠠᠨ ᠰᠠᠢ ᠬᠡᠩᠭᠡᠷᠭᠡ ᠪᠣᠯ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠮᠥᠨ᠂ ᠪᠢᠳᠡ ᠲᠡᠭᠦᠨ ᠢ ᠰᠤᠷᠭᠠᠭᠤᠯᠢ ᠶᠢᠨ ᠬᠦᠷᠢᠶᠡᠨ ᠤ ᠬᠢᠴᠢᠶᠡᠯ ᠳᠤ ᠤᠷᠤᠭᠤᠯᠤᠭᠰᠠᠨ ᠨᠢ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ  ᠣᠶᠢᠷᠠᠲᠤᠬᠤ ᠳᠤ ᠲᠤᠰᠠᠲᠠᠢ᠂ ᠦᠨᠳᠦᠰᠦᠲᠡᠨ ᠤ ᠮᠡᠳᠡᠷᠡᠮᠵᠢ ᠶᠢ ᠨᠡᠮᠡᠭᠳᠡᠭᠦᠯᠬᠦ ᠳᠤ ᠠᠰᠢᠭᠲᠠᠢ ᠶᠤᠮ᠂ ᠠᠨ ᠰᠠᠢ ᠬᠡᠩᠬᠡᠷᠬᠡ ᠨᠢ ᠪᠦᠬᠦ ᠪᠡᠶ᠎ᠡ ᠶᠢᠨ ᠡᠯ᠎ᠡ ᠵᠦᠢᠯ ᠤᠨ ᠬᠦᠴᠦᠨ ᠢ ᠳᠠᠶᠢᠴᠢᠯᠠᠬᠤ ᠮᠦᠷᠳᠡᠭᠡᠨ ᠰᠤᠷᠤᠭᠴᠢᠳ ᠤᠨ  ᠴᠤᠬᠢᠯᠭ᠎ᠠ ᠶᠢᠨ ᠮᠡᠳᠡᠷᠡᠮᠵᠢ᠂ ᠦᠶ᠎ᠡ ᠮᠥᠴᠢ ᠶᠢᠨ ᠵᠣᠬᠢᠴᠠᠩᠭᠤᠢ ᠴᠢᠨᠠᠷ ᠪᠣᠯᠤᠨ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂  ᠭᠤᠸ᠎ᠠ ᠰᠠᠶᠢᠬᠠᠨ ᠢᠶᠠᠷ ᠬᠥᠮᠦᠨ ᠢ ᠬᠥᠮᠦᠵᠢᠭᠦᠯᠬᠦ᠂ ᠪᠡᠶ᠎ᠡ ᠶᠢᠨ ᠲᠠᠮᠢᠷ ᠢᠶᠠᠷ ᠬᠥᠮᠦᠨ  ᠢ ᠬᠦᠮᠦᠵᠢᠬᠦᠯᠬᠦ ᠳᠠᠪᠬᠤᠷ ᠬᠠᠷᠠᠯᠲᠠ ᠶᠢ ᠪᠡᠶᠡᠯᠡᠭᠦᠯᠵᠦ ᠴᠢᠳᠠᠨ᠎ᠠ᠃ ᠪᠠᠲᠤᠬᠠᠭᠠᠯᠭ᠎ᠠ  ᠶᠢᠨ ᠳᠤᠮᠳᠠᠳᠤ ᠰᠤᠷᠭᠠᠭᠤᠯᠢ ᠢᠮᠠᠭᠲᠠ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠪᠠᠷ ᠬᠥᠮᠦᠨ ᠢ ᠬᠥᠮᠦᠵᠢᠭᠦᠯᠬᠦ ᠬᠠᠷᠠᠯᠲᠠ ᠪᠣᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠰᠤᠷᠤᠭᠴᠢᠳ ᠤᠨ ᠤᠯᠠᠮᠵᠢᠯᠠᠯᠲᠤ ᠰᠣᠶᠣᠯ ᠤᠨ ᠨᠡᠪᠴᠢᠯᠲᠡ ᠶᠢᠨ ᠳᠤᠮᠳᠠ ᠪᠦᠬᠦ ᠲᠠᠯ᠎ᠠ ᠪᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠨ᠎ᠡ︾  ᠭᠡᠵᠦ ᠶᠠᠷᠢᠪᠠ᠃       ᠬᠡᠩᠭᠡᠷᠭᠡ ᠶᠢᠨ ᠳᠠᠭᠤᠨ ᠪᠠᠶᠢᠨ ᠪᠠᠶᠢᠨ  ᠴᠤᠤᠷᠢᠶᠠᠳᠤᠨ᠂ ᠦᠶ᠎ᠡ ᠤᠯᠠᠷᠢᠨ ᠤᠯᠠᠮᠵᠢᠯᠠᠭᠳᠠᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠲᠤ ᠠᠨ ᠰᠠᠢ ᠬᠡᠩᠭᠡᠷᠭᠡ  ᠨᠢ ᠵᠠᠯᠠᠭᠤ ᠨᠠᠰᠤᠨ ᠤ ᠳᠦᠷᠰᠦ ᠪᠠᠶᠢᠳᠠᠯ ᠢᠶᠠᠷ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠢᠨ᠎ᠡ ᠬᠠᠭᠤᠳᠠᠰᠤ ᠶᠢ  ᠪᠢᠴᠢᠭᠯᠡᠭᠰᠡᠨ ᠪᠥᠭᠡᠳ ᠬᠢᠯᠢ ᠬᠢᠵᠠᠭᠠᠷ ᠤᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠩᠭᠢᠨᠠᠭᠤᠯᠤᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号