ᠮᠠᠨ ᠤ ᠬᠤᠰᠢᠭᠤ ᠨᠢᠭᠡ ᠤᠳᠠᠭᠠᠨ ᠤ ᠶᠡᠭᠡ ᠬᠡᠪᠴᠢᠶᠡᠨ ᠤ ᠪᠣᠷᠣᠭᠠᠨ ᠣᠷᠣᠬᠤ ᠴᠠᠭ ᠠᠭᠤᠷ ᠤᠨ ᠶᠠᠪᠤᠴᠠ ᠲᠠᠢ᠂ ᠬᠡᠰᠡᠭ ᠭᠠᠵᠠᠷ ᠲᠤ ᠰᠣᠯᠢᠭ ᠤᠷᠤᠰᠬᠠᠯ ᠤᠨ ᠴᠠᠭ ᠠᠭᠤᠷ ᠤᠨ ᠪᠠᠶᠢᠳᠠᠯ ᠳᠠᠭᠠᠯᠳᠤᠨ᠎ᠠ
ᠨᠡᠶᠢᠲᠡᠯᠡᠭᠰᠡᠨ ᠴᠠᠭ᠄
2025/5/30
      ᠵᠢᠱᠢᠯᠲᠡ ᠪᠠᠷ᠂ 5 ᠳ᠋ᠤᠭᠠᠷ ᠰᠠᠷ᠎ᠠ ᠶᠢᠨ 30 ᠤ ᠡᠳᠦᠷ ᠤᠨ ᠥᠷᠯᠥᠭᠡ ᠠᠴᠠ 31 ᠤ ᠡᠳᠦᠷ ᠤᠨ ᠦᠳᠡ ᠶᠢᠨ ᠡᠮᠦᠨ᠎ᠡ ᠬᠦᠷᠳᠡᠯ᠎ᠡ ᠮᠠᠨ ᠤ ᠬᠤᠰᠢᠭᠤ ᠨᠢᠭᠡ ᠤᠳᠠᠭᠠᠨ ᠤ ᠶᠡᠭᠡ ᠬᠡᠪᠴᠢᠶᠡᠨ ᠤ ᠪᠣᠷᠣᠭᠠᠨ ᠣᠷᠣᠬᠤ ᠶᠠᠪᠤᠴᠠ ᠲᠠᠢ ᠪᠠᠶᠢᠵᠤ᠂ ᠬᠡᠰᠡᠭ ᠭᠠᠵᠠᠷ ᠲᠤ ᠰᠣᠯᠢᠭ ᠤᠷᠤᠰᠬᠠᠯ ᠤᠨ ᠴᠠᠭ ᠠᠭᠤᠷ  ᠤᠨ ᠪᠠᠶᠢᠳᠠᠯ ᠲᠠᠭᠠᠯᠳᠤᠬᠤ ᠪᠣᠯᠤᠨ᠎ᠠ᠃ ᠭᠤᠣᠯ ᠪᠣᠷᠣᠭᠠᠨ ᠣᠷᠣᠬᠤ ᠴᠠᠭ ᠨᠢ 30 ᠡᠳᠦᠷ ᠤᠨ ᠦᠳᠡ ᠶᠢᠨ ᠬᠤᠶᠢᠨ᠎ᠠ ᠠᠴᠠ ᠦᠳᠡᠰᠢ ᠪᠣᠯᠲᠠᠯ᠎ᠠ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠭᠦᠨ ᠡᠮᠦᠨ᠎ᠡ ᠬᠡᠰᠡᠭ ᠲᠤ ᠶᠡᠭᠡ ᠪᠣᠷᠣᠭᠠᠨ ᠲᠠᠢ᠂ ᠶᠠᠪᠤᠴᠠ ᠶᠢᠨ ᠬᠤᠷ᠎ᠠ ᠲᠣᠨᠣᠳᠠᠰᠤ ᠶᠢᠨ ᠬᠡᠮᠵᠢᠶ᠎ᠡ 25 ~ 35 ᠮᠢᠯᠢᠮᠧᠲᠷ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠲᠠᠢ᠂ ᠶᠠᠪᠤᠴᠠ ᠶᠢᠨ ᠬᠤᠷ᠎ᠠ ᠲᠣᠨᠣᠳᠠᠰᠤ ᠶᠢᠨ ᠬᠡᠮᠵᠢᠶ᠎ᠡ 15 ~ 20 ᠮᠢᠯᠢᠮᠧᠲᠷ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠶᠢᠲᠤ ᠬᠡᠰᠡᠭ ᠲᠤ ᠪᠠᠭ᠎ᠠ ᠪᠣᠷᠣᠭᠠᠨ ᠲᠠᠢ᠂ ᠶᠠᠪᠤᠴᠠ ᠶᠢᠨ ᠬᠤᠷ᠎ᠠ ᠲᠣᠨᠣᠳᠠᠰᠤ ᠶᠢᠨ ᠬᠡᠮᠵᠢᠶ᠎ᠡ 3 ~ 6 ᠮᠢᠯᠢᠮᠧᠲᠷ  ᠪᠤᠯᠤᠨ᠎ᠠ᠃ ᠬᠤᠷ᠎ᠠ ᠪᠣᠷᠣᠭᠠᠨ ᠥᠩᠭᠡᠷᠡᠭᠰᠡᠨ ᠤ ᠳᠠᠷᠠᠭ᠎ᠠ ᠠᠭᠠᠷ ᠤᠨ ᠳᠤᠯᠠᠭᠠᠨ 4 ~ 6 ℃ ᠲᠤᠷᠤᠭᠰᠢᠯᠠᠨ᠎ᠠ᠃    ᠨᠥᠯᠥᠭᠡ ᠵᠢᠴᠢ ᠰᠠᠨᠠᠭᠤᠯᠭ᠎ᠠ      1᠂ ᠲᠣᠰ ᠤᠳᠠᠭᠠᠨ ᠤ ᠪᠣᠷᠣᠭᠠᠨ ᠤ ᠶᠠᠪᠤᠴᠠ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠳᠡᠰ ᠢ ᠪᠠᠭᠤᠷᠠᠭᠤᠯᠬᠤ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠰᠠᠶᠢᠵᠢᠷᠠᠭᠤᠯᠬᠤ᠂ ᠴᠠᠭ ᠠᠭᠤᠷ ᠤᠨ ᠭᠠᠩ ᠬᠠᠭᠰᠠᠷᠠᠭᠠᠨ ᠢ ᠨᠠᠮᠳᠠᠭᠤᠯᠬᠤ ᠳᠤ ᠠᠰᠢᠭᠲᠠᠶ ᠶᠤᠮ᠃      2. ᠪᠣᠷᠣᠭᠠᠨ ᠤ ᠠᠭᠤᠷ ᠠᠮᠢᠰᠬᠤᠯ ᠬᠤᠲᠠ ᠶᠢᠨ ᠲᠤᠳᠤᠭᠠᠳᠤ ᠶᠢᠨ ᠤᠰᠤᠲᠤᠯ᠂ ᠠᠭᠤᠯᠠᠨ ᠦᠶᠡᠷ ᠪᠣᠯᠤᠨ ᠳᠤᠮᠳᠠ ᠪᠠᠭ᠎ᠠ ᠭᠤᠤᠯ ᠮᠥᠷᠡᠨ ᠤ ᠦᠶᠡᠷ ᠤᠨ ᠤᠰᠤ ᠵᠢᠴᠢ ᠭᠠᠵᠠᠷ ᠰᠢᠨᠵᠢᠯᠡᠭᠡ ᠶᠢᠨ ᠭᠠᠮᠰᠢᠭ ᠵᠡᠷᠭᠡ  ᠬᠤᠶᠠᠳᠡᠬᠢ ᠭᠠᠮᠰᠢᠭ ᠂ ᠡᠭᠦᠰᠦᠮᠡᠯ ᠭᠠᠮᠰᠢᠭ ᠡᠬᠦᠰᠬᠦ ᠪᠤᠯᠤᠯᠴᠠᠭ᠎ᠠ ᠲᠠᠢ ᠲᠤᠯᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠷᠢᠳᠴᠢᠯᠠᠨ ᠠᠷᠭᠠᠴᠠᠭᠠᠬᠤ ᠪᠡᠯᠡᠳᠬᠡᠯ ᠢᠶᠠᠨ ᠰᠠᠶᠢᠲᠤᠷ ᠬᠢᠬᠦ ᠬᠡᠷᠡᠭᠲᠡᠶ᠃      3᠂ ᠲᠣᠰ ᠤᠳᠠᠭᠠᠨ ᠤ ᠪᠣᠷᠣᠭᠠᠨ ᠣᠷᠣᠬᠤ ᠶᠠᠪᠤᠴᠠ ᠶᠠᠭ ᠰᠠᠶᠢᠬᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠠᠴᠠ ᠡᠮᠦᠨ᠎ᠡ ᠲᠤᠯᠠ ᠣᠯᠠᠨ ᠨᠡᠶᠢᠲᠡ ᠪᠠᠷ ᠢᠶᠠᠨ ᠤᠷᠢᠳᠴᠢᠯᠠᠨ ᠠᠶᠠᠯᠠᠯ ᠢᠶᠠᠨ ᠳᠣᠭᠢᠷᠠᠭᠤᠯᠵᠤ ᠂ ᠶᠠᠪᠤᠵᠤ ᠰᠠᠭᠤᠬᠤ ᠳᠤ  ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠢ  ᠠᠩᠬᠠᠷᠬᠤ ᠭᠡᠷᠡᠭᠳᠠᠢ᠃      4. ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠷᠣᠭᠠᠨ ᠤ ᠠᠭᠤᠷ ᠠᠮᠢᠰᠬᠤᠯ ᠠᠴᠠ ᠪᠣᠯᠤᠭᠰᠠᠨ ᠠᠰᠢᠭ ᠦᠭᠡᠶ ᠨᠥᠯᠥᠭᠡ ᠶᠢ ᠠᠩᠬᠠᠷᠤᠨ ᠰᠡᠷᠭᠡᠶᠢᠯᠡᠵᠦ᠂ ᠠᠶᠤᠯ ᠦᠭᠡᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠴᠠᠭ ᠠᠭᠤᠷ  ᠤᠨ ᠰᠠᠯᠠᠭ᠎ᠠ ᠮᠦᠴᠢᠷ ᠤᠨ ᠦᠷᠬᠦᠯᠵᠢᠯᠡᠨ ᠰᠢᠨᠡᠴᠢᠯᠡᠵᠦ ᠨᠡᠶᠢᠳᠡᠯᠡᠬᠦ ᠤᠷᠢᠳᠴᠢᠯᠠᠨ ᠮᠡᠳᠡᠭᠡ᠂ ᠤᠷᠢᠳᠴᠢᠯᠠᠨ ᠰᠡᠷᠡᠮᠵᠢᠯᠡᠬᠦᠯᠬᠦ ᠮᠡᠳᠡᠭᠡ ᠶᠢ ᠴᠠᠭ ᠲᠤᠬᠠᠢ ᠳᠤ ᠨᠢ ᠠᠩᠬᠠᠷᠤᠭᠠᠷᠠᠢ︕ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号