ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠰᠤᠷᠭᠠᠭᠤᠯᠢ ᠶᠢᠨ ᠬᠦᠷᠢᠶᠡᠨ ᠳᠤ ᠣᠷᠤᠵᠤ ᠦᠨᠳᠦᠰᠦᠲᠡᠨ ᠤ ᠲᠥᠷᠥ ᠶᠢᠨ ᠪᠣᠳᠣᠯᠭ᠎ᠠ ᠨᠢ ᠬᠡᠦᠬᠡᠳ ᠤᠨ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/5/30
      ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠤᠨ ᠵᠢᠷᠭᠤᠭᠠᠨ ᠰᠠᠷ᠎ᠠ ᠶᠢᠨ ᠨᠢᠭᠡᠨ ᠤ ᠬᠡᠤᠬᠡᠳ ᠤᠨ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ᠂ ᠤᠯᠠᠭᠠᠨᠮᠥ᠋ᠴᠢᠷ ᠨᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠪᠣᠯᠤᠨ ᠪᠠᠲᠤᠬᠠᠭᠠᠯᠭ᠎ᠠ ᠶᠢᠨ ᠨᠢᠭᠡᠳᠦᠭᠡᠷ ᠬᠡᠤᠬᠡᠳ ᠤᠨ ᠴᠡᠴᠡᠷᠯᠢᠭ ᠲᠤ ᠬᠦᠷᠴᠥ᠂ ᠤᠳᠬ᠎ᠠ ᠤᠷᠠᠯᠢᠭ ᠢᠶᠠᠷ ᠵᠠᠭᠤᠴᠢ ᠪᠣᠯᠭᠠᠨ᠂ ᠲᠥᠷᠥ ᠶᠢᠨ ᠪᠣᠳᠣᠯᠭ᠎ᠠ ᠪᠠᠷ ᠰᠦᠭ ᠰᠦᠨᠡᠰᠦ ᠪᠣᠯᠭᠠᠵᠤ᠂ ᠭᠤᠶᠢᠳᠠ ᠰᠠᠶᠢᠬᠠᠨ ᠲᠣᠭᠯᠠᠯᠲᠠ ᠪᠠ ᠰᠣᠨᠢᠷᠬᠠᠯ ᠢᠶᠠᠷ ᠬᠠᠷᠢᠯᠴᠠᠨ ᠬᠥᠳᠡᠯᠦᠯᠴᠡᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠠᠭᠰᠢ ᠰᠤᠷᠤᠭᠴᠢᠳ ᠤᠨ ᠰᠡᠳᠬᠢᠯ ᠳᠤ ᠰᠠᠭᠤᠭᠳᠠᠭᠤᠯᠵᠤ᠂ ᠡᠨᠡ ᠬᠤᠶᠠᠷ ᠰᠤᠷᠭᠠᠭᠤᠯᠢ ᠶᠢᠨ ᠬᠦᠷᠢᠶᠡᠨ ᠳᠤ ᠭᠦᠨ ᠵᠤᠵᠠᠭᠠᠨ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃      ᠤᠯᠠᠭᠠᠨᠮᠥ᠋ᠴᠢᠷ ᠨᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠳᠤ ᠣᠴᠢᠵᠤ ᠲᠣᠭᠯᠠᠯᠲᠠ ᠭᠠᠷᠭᠠᠵᠤ᠂ ᠬᠠᠷᠢᠯᠴᠠᠨ ᠬᠥᠳᠡᠯᠦᠯᠴᠡᠵᠦ ᠵᠢᠭᠠᠨ ᠰᠤᠷᠭᠠᠯᠲᠠ ᠬᠢᠬᠦ ᠵᠡᠷᠭᠡ ᠣᠯᠠᠨ ᠡᠰᠢᠲᠦ ᠬᠡᠯᠪᠡᠷᠢ ᠪᠠᠷ ᠳᠠᠮᠵᠢᠭᠤᠯᠤᠨ᠂ ︽ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠪᠠ᠃ ᠪᠠᠭᠰᠢ ᠰᠤᠷᠤᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠵᠢᠷᠭᠤᠭᠠᠨ ᠰᠠᠷ᠎ᠠ ᠶᠢᠨ ᠨᠢᠭᠡᠨ ᠤ ᠪᠠᠭᠠᠴᠤᠳ ᠬᠡᠤᠬᠡᠳ ᠤᠨ ᠪᠠᠶᠠᠷ ᠲᠤ ᠡᠯᠳᠡᠪ ᠶᠠᠩᠵᠤ ᠶᠢᠨ ᠥᠩᠭᠡ ᠪᠤᠳᠤᠭ ᠨᠡᠮᠡᠷᠢᠯᠡᠵᠦ᠂ ᠵᠠᠯᠠᠭᠤᠴᠤᠳ ᠪᠠᠭᠠᠴᠤᠳ ᠤᠨ ᠰᠡᠳᠬᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠷ᠎ᠡ ᠶᠢ ᠰᠠᠴᠤᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠳᠤ ᠥᠷᠨᠢᠭᠦᠨ ᠠᠮᠢᠵᠢᠷᠠᠯ ᠤᠨ ᠬᠦᠴᠦᠨ ᠨᠡᠮᠡᠷᠢᠯᠡᠪᠡ᠃ ᠡᠨᠡ ᠬᠦ ᠵᠢᠷᠭᠤᠭᠠᠨ ᠰᠠᠷ᠎ᠠ ᠶᠢᠨ ᠨᠢᠭᠡᠨ ᠤ ᠳᠡᠯᠡᠬᠡᠶ ᠶᠢᠨ ᠪᠠᠭᠠᠴᠤᠳ ᠬᠡᠦᠬᠡᠳ ᠤᠨ ᠪᠠᠶᠠᠷ ᠤᠨ ᠡᠳᠦᠷ ᠤᠨ ᠲᠠᠰᠢᠷᠠᠮ ᠳᠤ᠂ ᠪᠥᠬᠦ ᠬᠤᠰᠢᠭᠤᠨ ᠤ ᠪᠠᠭᠠᠴᠤᠳ ᠬᠡᠤᠬᠡᠳ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠩᠭᠡᠷᠡᠭᠦᠯᠵᠥ᠂ ᠢᠳᠡᠷᠡᠭᠦᠨ ᠢᠶᠠᠷ ᠦᠰᠦᠨ ᠪᠤᠶᠢᠵᠢᠬᠤ ᠶᠢ ᠴᠢᠩ ᠰᠡᠳᠬᠢᠯ ᠠᠴᠠ ᠪᠠᠨ ᠵᠥᠩᠨᠡᠵᠦ᠂ ᠲᠠ ᠨᠠᠷ ᠤᠨ ᠦᠨᠳᠦᠰᠦᠲᠡᠨ ᠤ ᠪᠦᠯᠬᠦᠮᠳᠡᠯ ᠤᠨ ᠬᠠᠯᠠᠭᠤᠨ ᠳᠤᠯᠠᠭᠠᠨ ᠨᠡᠷᠡᠨ ᠤ ᠳᠣᠣᠷ᠎ᠠ᠂ ᠨᠢᠯᠬ᠎ᠠ ᠴᠢᠬᠢ ᠮᠡᠲᠦ ᠨᠠᠷᠠ ᠪᠠᠷ ᠤᠮᠠᠳᠠᠯᠠᠭᠳᠠᠨ ᠤᠷᠭᠤᠵᠤ᠂ ᠮᠡᠳᠡᠯᠭᠡ ᠶᠢᠨ ᠳᠠᠯᠠᠢ ᠳᠤ ᠪᠠᠶᠠᠷ ᠬᠥᠷ ᠲᠠᠢ ᠪᠠᠷ ᠱᠤᠩᠪᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠶᠢ ᠬᠦᠰᠡᠵᠦ ᠪᠠᠶᠢᠨ᠎ᠠ︕ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号