ᠣᠨᠣᠯ ᠤᠨ ᠤᠬᠠᠭᠤᠯᠤᠨ ᠲᠠᠶᠢᠯᠪᠤᠷᠢᠯᠠᠬᠤ ᠶᠢᠨ ᠭᠡᠷᠡᠯ ᠬᠢᠯᠪᠠᠭ᠎ᠠ ᠬᠤᠲᠠ ᠶᠢᠨ ᠲᠡᠰ ᠤᠨ ᠤᠷᠤᠯᠳᠤᠭᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠢᠷᠠᠭᠤ ᠠᠯᠳᠠᠷᠲᠠᠢ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 30 ᠤ ᠡᠳᠦᠷ᠂ ︽ᠬᠦᠰᠡᠯᠡᠩ ᠤᠨ ᠰᠢᠨ᠎ᠡ ᠠᠶᠠᠨ᠂ ᠤᠯᠠᠭᠠᠨ ᠠᠨᠠᠷ︾ 2025 ᠣᠨ ᠤ ᠪᠤᠭᠤᠲᠤ ᠬᠤᠲᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤ ᠶᠢ ᠲᠦᠯᠦᠬᠡᠯᠡᠨ ᠤᠷᠤᠯᠳᠤᠭᠠᠨ ᠳᠤ  ᠤᠷᠤᠯᠴᠠᠭᠴᠢ ᠲᠢᠶᠠᠨ ᠮᠢᠶᠣᠣ ᠯᠢᠩ ︽ᠣᠨᠣᠯ + ᠤᠷᠠᠨ ᠢᠯᠡᠳᠭᠡᠭᠴᠢ︾ ᠶᠢᠨ ᠥᠪᠡᠷᠮᠢᠴᠡ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠲᠤᠬᠠᠶ ᠶᠢᠨ ᠲᠠᠯᠠᠪᠤᠷ ᠤᠨ  ᠬᠢᠨᠠᠭᠴᠢ ᠪᠠ ᠦᠵᠡᠭᠴᠢᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ᠬᠤᠶᠠᠳᠤᠭᠠᠷ ᠳᠡᠰ ᠤᠨ ᠱᠠᠩᠨᠠᠯ ᠭᠥᠷᠳᠡᠪᠡ᠃      ︽ᠵᠢᠵᠢᠭ ᠬᠠᠷᠠᠭᠠᠰᠤ ᠪᠠᠭ᠎ᠠ ᠦᠯᠢᠭᠡᠷ︾  ᠢᠶᠠᠷ ︽ᠭᠤᠣᠯ ᠰᠡᠳᠦᠪ ᠶᠡᠭᠡ ᠶᠣᠰᠣ︾ ᠶᠢ ᠶᠠᠷᠢᠪᠠ᠃ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠲᠢᠶᠠᠨ ᠮᠢᠶᠣᠣ ᠯᠢᠩ ᠨᠠᠮ ᠤᠨ ᠰᠢᠨ᠎ᠡ ᠶᠢ ᠡᠭᠦᠳᠬᠦ ᠤᠨᠤᠯ ᠢ ᠮᠠᠯᠴᠢᠨ ᠲᠠᠷᠢᠶᠠᠴᠢᠨ ᠤ ᠰᠠᠶᠢᠨ ᠮᠡᠳᠡᠳᠡᠭ ᠠᠮᠢᠳᠤᠷᠠᠯ ᠤᠨ ᠪᠠᠶᠢᠳᠠᠯ ᠳᠤ ᠠᠭᠤᠰᠤᠯᠴᠠᠭᠤᠯᠵᠤ᠂ ᠳᠥᠭᠦᠮ ᠣᠶᠢᠯᠠᠭᠠᠮᠵᠢᠲᠠᠶ ︽  ᠶᠡᠷᠦ ᠶᠢᠨ ᠦᠭᠡ ᠶᠠᠷᠢᠶ᠎ᠠ︾ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ᠂ ᠰᠣᠶᠣᠯ ᠵᠢᠭᠤᠯᠴᠢᠯᠠᠯ ᠤᠨ ᠠᠭᠤᠰᠤᠯᠴᠠᠯ ᠨᠢ ᠬᠡᠷᠬᠢᠨ ᠨᠤᠲᠤᠭ ᠤᠨ ᠰᠠᠶᠢᠬᠠᠨ ᠦᠵᠡᠮᠵᠢ ᠶᠢ ︽ᠭᠠᠳᠠᠭᠰᠢ ᠭᠠᠷᠭᠠᠬᠤ︾ ᠵᠡᠷᠭᠡ ᠰᠢᠨ᠎ᠡ ᠰᠣᠷᠭᠤᠭ ︽ᠪᠡᠶ᠎ᠡ ᠶᠢᠨ ᠲᠡᠷᠭᠡᠳᠡᠬᠢ ᠶᠠᠪᠤᠳᠠᠯ︾ ᠢᠶᠠᠷ ᠤᠬᠠᠭᠤᠯᠤᠨ ᠲᠠᠶᠢᠯᠪᠤᠷᠢᠯᠠᠬᠤ ᠪᠣᠷᠣ ᠮᠠᠲ᠋ᠧᠷᠢᠶᠠᠯ ᠪᠣᠯᠭᠠᠵᠤ᠂ ᠬᠥᠭᠵᠢᠯᠲᠡ ᠶᠢᠨ ︽ᠶᠡᠭᠡ ᠶᠣᠰᠣ︾ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠵᠦ᠂ ᠤᠨᠤᠯ ᠤᠨ ᠮᠡᠳᠡᠯᠭᠡ ᠶᠢ ᠠᠭᠤᠵᠢᠭᠤ ᠲᠠᠯᠪᠢᠭᠤ ᠠᠭᠤᠷ ᠠᠮᠢᠰᠬᠤᠯ ᠤᠨ ᠳᠤᠮᠳᠠ ᠬᠦᠮᠦᠰ ‍ᠦᠨ‌‍ᠲ᠋ᠠᠷᠢᠬᠢᠨ ᠳᠤ ᠬᠠᠳᠠᠩᠰᠢᠭᠤᠯᠪᠠ᠃      ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠡᠬᠢ ᠪᠠᠶᠠᠯᠢᠭ ᠢ ᠭᠦᠢᠴᠡᠳ  ᠨᠢᠭᠡᠳᠭᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠢᠳᠡᠪᠬᠢᠲᠡᠢ ᠡᠭᠦᠳᠴᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠤᠯᠠᠨ ᠬᠠᠷᠠᠭᠠᠰᠤ᠂ ᠪᠦᠬᠦ ᠲᠠᠯ᠎ᠠ ᠪᠠᠷ᠂ ᠪᠣᠰᠤᠭ᠎ᠠ ᠴᠣᠭᠴᠠ ᠪᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ︽ᠡᠭᠡᠯ ᠠᠷᠠᠳ ᠤᠨ ᠭᠡᠷ ᠲᠤ ᠣᠷᠣᠭᠤᠯᠬᠤ︾ ᠶᠢ ᠬᠦᠴᠦᠲᠡᠢ ᠠᠬᠢᠭᠤᠯᠪᠠ᠃ ︽ᠣᠨᠣᠯ ᠤᠨ ᠤᠬᠠᠭᠤᠯᠤᠨ ᠲᠠᠶᠢᠯᠪᠤᠷᠢᠯᠠᠬᠤ ᠨᠠᠷᠠᠲᠤ ᠪᠠᠭᠰᠢ ᠶᠢᠨ ᠠᠵᠢᠯᠯᠠᠬᠤ ᠲᠠᠰᠤᠭ︾᠂ ︽ᠺᠠᠳ᠋ᠷ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾᠂ ︽ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾᠂ ︽ᠰᠢᠨ᠎ᠡ ᠦᠵᠡᠯ ᠰᠠᠨᠠᠭ᠎ᠠ · ᠵᠠᠯᠠᠭᠤᠴᠤᠳ ᠤᠨ ᠰᠤᠷᠭᠠᠯ︾  ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠵᠡᠷᠭᠡ ᠤᠨᠴᠠᠯᠢᠬᠳᠤ ᠣᠯᠠᠨ ᠡᠩᠨᠡᠭᠡ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠺᠠᠳ᠋ᠷ᠂ ᠵᠣᠷᠢᠭᠲᠠᠶ ᠵᠠᠯᠠᠭᠤᠴᠤᠳ᠂ ᠶᠣᠰᠣ ᠰᠤᠷᠲᠠᠬᠤᠨ ᠤ ᠵᠢᠱᠢᠶᠡᠴᠢ᠂ ᠪᠠᠶᠠᠵᠢᠯ ᠤᠨ ᠴᠢᠳᠠᠪᠤᠷᠢᠲᠠᠨ᠂ ᠠᠷᠠᠳ ᠤᠨ ᠲᠤᠮᠳᠠᠬᠢ ᠨᠠᠷᠠᠲᠤ ᠢᠯᠡᠳᠭᠡᠭᠴᠢ ᠂ ᠤᠳᠬ᠎ᠠ ᠤᠷᠠᠯᠢᠭ ᠤᠨ ᠭᠤᠤᠯᠯᠠᠭᠴᠢ ᠬᠦᠴᠦᠨ᠂ ᠪᠠᠭᠰᠢ ᠡᠮᠴᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠡᠷᠭᠡ ᠬᠦᠮᠦᠰ ᠢᠶᠠᠷ ᠤᠬᠠᠭᠤᠯᠤᠨ ᠲᠠᠶᠢᠯᠪᠤᠷᠢᠯᠠᠭᠴᠢ ᠪᠣᠯᠭᠠᠵᠤ᠂ ᠤᠳᠤᠷᠢᠳᠬᠤ ᠺᠠᠳ᠋ᠷ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠬᠤ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠣᠨᠣᠯ ᠶᠠᠷᠢᠬᠤ᠂ ᠲᠡᠷᠢᠭᠦᠨ ᠤ ᠨᠡᠶᠢᠲᠡᠯᠢᠭ ᠵᠢᠱᠢᠶ᠎ᠡ᠂ ᠣᠯᠠᠨ ᠲᠦᠮᠡᠨ ᠥᠯᠢᠭᠡᠷ ᠶᠠᠷᠢᠬᠤ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ  ᠶᠢ ᠪᠠᠶᠢᠭᠤᠯᠪᠠ᠃      ᠡᠭᠦᠨ ᠤ ᠬᠠᠮᠲᠤ᠂ ᠠᠭᠤᠯᠭ᠎ᠠ ᠶᠢ ᠲᠥᠯᠥᠪᠯᠡᠬᠦ ᠲᠠᠯ᠎ᠠ ᠪᠠᠷ ︽ᠦᠢᠯᠡᠳᠦᠯᠭᠡ ᠶᠢᠨ ᠪᠢᠲᠡᠭᠦᠦ ᠴᠠᠭᠠᠷᠢᠭ︾ ᠢ ᠪᠠᠶᠢᠭᠤᠯᠬᠤ ᠶᠢ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠷ ᠤᠬᠠᠭᠤᠯᠤᠨ ᠲᠠᠶᠢᠯᠪᠤᠷᠢᠯᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠷᠢᠮᠳᠠᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠨᠤᠯ ᠢ ᠪᠠᠲᠤ ᠪᠠᠬᠢ ᠪᠤᠢ ᠪᠣᠯᠭᠠᠬᠤ ᠶᠢ ᠭᠤᠣᠯ ᠪᠣᠯᠭᠠᠵᠤ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠪᠣᠯᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠵᠤ᠂ ᠤᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠤᠨ ᠲᠠᠯ᠎ᠠ ᠪᠠᠷ ᠬᠢ ᠪᠣᠳᠠᠲᠠᠢ ᠠᠰᠠᠭᠤᠳᠠᠯ ᠢ ᠥᠷᠭᠡᠨ ᠢᠶᠠᠷ ᠴᠤᠭᠯᠠᠭᠤᠯᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠲᠠᠢ ᠭᠦᠨᠵᠡᠭᠡᠢ ᠤᠶᠠᠯᠳᠤᠭᠤᠯᠵᠤ᠂ ᠨᠠᠮ ᠤᠨ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ︽ᠤᠨᠤᠯ ᠤᠨ ᠦᠨᠳᠦᠷᠴᠡ ᠲᠠᠢ︾ ᠪᠥᠭᠡᠳ ︽ᠤᠯᠠᠨ ᠲᠦᠮᠡᠨ ᠲᠠᠢ ᠣᠶᠢᠷᠠᠲᠤᠭᠤᠯᠵᠤ︾᠂ ᠤᠯᠠᠨ ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠦᠴᠦᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠪᠠ᠃      ᠡᠭᠦᠨ ᠠᠴᠠ ᠭᠠᠳᠠᠨ᠎ᠠ᠂ ᠪᠠᠰᠠ ︽ᠣᠨᠣᠯ  +  ᠤᠷᠠᠨ ᠢᠯᠡᠳᠭᠡᠭᠴᠢ︾᠂ ︽ᠣᠨᠣᠯ  +  ᠤᠳᠬ᠎ᠠ ᠤᠷᠠᠯᠢᠭ︾᠂ ︽ᠣᠨᠣᠯ  +  ᠣᠬᠤᠷ ᠸᠢᠳᠢᠣ᠋︾ ᠵᠡᠷᠭᠡ ᠣᠯᠠᠨ ᠵᠦᠢᠯ ᠤᠨ ᠤᠬᠠᠭᠤᠯᠤᠨ ᠲᠠᠶᠢᠯᠪᠤᠷᠢᠯᠠᠬᠤ ᠵᠠᠭᠪᠤᠷ ᠢ ᠰᠢᠨ᠎ᠡ ᠪᠠᠷ ᠡᠭᠦᠳᠦᠨ ᠭᠠᠷᠭᠠᠪᠠ᠃ ︽  ᠪᠠᠭᠠᠳᠤᠷᠯᠢᠭ ᠲᠠᠷᠬᠠᠨ ᠮᠤᠤᠮᠢᠩᠭᠠᠨ︾ ᠤᠯᠠᠨ ᠨᠡᠶᠢᠲᠡ ᠶᠢᠨ ᠳ᠋ᠤᠭᠠᠷ᠂ APP ᠵᠡᠷᠭᠡ ᠲᠠᠪᠴᠠᠩ ᠢ ᠠᠰᠢᠭᠯᠠᠵᠤ᠂ ︽ᠰᠢᠨ᠎ᠡ ᠵᠠᠯᠠᠭᠤᠴᠤᠳ · ᠦᠵᠡᠯ ᠰᠠᠨᠠᠭᠠᠨ ᠤ ᠴᠤᠭᠯᠠᠭᠠᠨ︾ ᠂ ︽ᠲᠠᠷᠬᠠᠨ ᠮᠤᠤᠮᠢᠩᠭᠠᠨ ᠤ ᠬᠤᠪᠢᠰᠬᠠᠯ ᠤᠨ ᠶᠠᠷᠢᠶᠠᠨ ᠤ ᠲᠠᠩᠬᠢᠮ︾᠂ ︽ᠰᠦᠯᠵᠢᠶᠡᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠵᠡᠷᠭᠡ ᠪᠤᠯᠤᠩ ᠭᠠᠷᠭᠠᠵᠤ᠂ ︽ᠡᠭᠦᠯᠡᠨ ᠲᠠᠪᠴᠠᠩ ᠤᠨ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠤᠨ ᠭᠠᠵᠠᠷ︾ ᠢ ᠪᠠᠶᠢᠭᠤᠯᠵᠠᠢ᠃ ᠬᠤᠪᠢᠰᠬᠠᠯ ᠤᠨ ᠭᠤᠤᠯ ᠰᠡᠳᠦᠪᠲᠦ ᠳᠠᠭᠤᠤ ᠪᠥᠵᠢᠭ ᠤᠨ ᠵᠦᠴᠦᠭᠡ᠂ ᠬᠤᠯᠪᠣᠭ᠎ᠠ ᠵᠡᠷᠭᠡ ᠠᠭᠤᠰᠤᠯᠴᠠᠯ ᠤᠨ ᠣᠨᠣᠯ ᠤᠨ ᠤᠬᠠᠭᠤᠯᠤᠨ ᠲᠠᠶᠢᠯᠪᠤᠷᠢᠯᠠᠯᠲᠠ᠂ ᠦᠨᠳᠦᠰᠦᠲᠡᠨ ᠤ ᠰᠣᠶᠣᠯ ᠪᠠ ᠣᠷᠣᠨ ᠪᠦᠰᠡ ᠶᠢᠨ ᠣᠨᠴᠠᠯᠢᠭ ᠲᠠᠢ ᠤᠳᠬ᠎ᠠ ᠤᠷᠠᠯᠢᠭ ᠤᠨ ᠫᠷᠤᠭ᠍ᠷᠠᠮ ᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠵᠤ᠂ ︽ᠣᠨᠣᠯ  +  ᠤᠳᠬ᠎ᠠ ᠤᠷᠠᠯᠢᠭ︾ ᠤᠨ ᠬᠡᠯᠪᠡᠷᠢ ᠪᠠᠷ ᠨᠠᠮ ᠤᠨ ᠳᠠᠭᠤᠨ ᠢ ᠠᠮᠢᠳᠤᠯᠢᠭ ᠢᠶᠠᠷ ᠳᠠᠮᠵᠢᠭᠤᠯᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠣᠰ ᠤᠳᠠᠭᠠᠨ ᠤ ᠱᠠᠩᠨᠠᠯ ᠭᠥᠷᠳᠡᠬᠦ ᠪᠠᠷ ᠰᠢᠨ᠎ᠡ ᠭᠠᠷᠳᠠᠴᠠ ᠪᠣᠯᠭᠠᠵᠤ᠂ ᠦᠷᠭᠦᠯᠵᠢᠯᠡᠨ ᠴᠦᠭᠡᠨ ᠲᠤᠭᠠᠳᠤ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠤ ᠦᠨᠳᠦᠰᠦᠯᠡᠵᠦ ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠶᠠᠰᠤ ᠴᠢᠨᠠᠷ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠶᠢ ᠦᠨᠳᠦᠰᠦᠨ ᠱᠠᠲᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠨᠤᠯ ᠢ ᠤᠬᠠᠭᠤᠯᠤᠨ ᠲᠠᠶᠢᠯᠪᠤᠷᠢᠯᠠᠬᠤ ᠶᠢ ᠦᠨᠡᠨᠬᠦ ︽  ᠠᠭᠤᠷ ᠠᠮᠢᠰᠬᠤᠯ ᠢ ᠬᠦᠭᠵᠢᠬᠡᠵᠦ᠂ ᠠᠷᠠᠳ ᠤᠨ ᠰᠡᠳᠬᠢᠯ ᠢ ᠨᠢᠭᠳᠠᠷᠠᠭᠤᠯᠵᠤ︾᠂ ᠦᠨᠳᠦᠰᠦᠨ ᠱᠠᠲᠤᠨ ᠤ ᠬᠥᠭᠵᠢᠯᠲᠡ ᠶᠢ ᠠᠬᠢᠭᠤᠯᠬᠤ ︽ᠦᠵᠡᠯ ᠰᠠᠨᠠᠭᠠᠨ ᠤ ᠬᠥᠳᠡᠯᠭᠡᠭᠦᠷ︾ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号