ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠡᠤ ᠮᠧᠶ ᠯᠢᠨ ᠪᠠᠶ᠋ᠬᠠᠤᠪᠤᠭ᠎ᠠ ᠰᠤᠮᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/6
      ᠣᠶᠢᠷ᠎ᠠ ᠳᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠡᠤ ᠮᠧᠶ ᠯᠢᠨ ᠪᠠᠶ᠋ᠬᠠᠤᠪᠤᠭ᠎ᠠ ᠰᠤᠮᠤᠨ‌‍ᠳᠤ ᠬᠦᠷᠴᠦ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠳᠤ ᠲᠤᠰᠬᠠᠢ ᠰᠡᠳᠦᠪᠳᠦ ᠪᠠᠶᠢᠴᠠᠭᠠᠨ ᠰᠤᠳᠤᠯᠤᠯᠳᠠ ᠬᠢᠵᠦ᠂  ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠵᠢᠴᠢ ᠬᠦᠴᠢᠷᠳᠡᠯᠲᠡᠶ ᠣᠯᠠᠨ ᠲᠦᠮᠡᠨ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠣᠯᠠᠨ ᠲᠦᠮᠡᠨ ᠤ  ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠪᠠᠶᠠᠨ᠋ᠣ᠋ᠪᠣᠭ᠎ᠠ ᠰᠤᠮᠤ ᠶᠢᠨ  ᠰᠤᠮᠤᠨ ᠲᠠᠷᠤᠭ᠎ᠠ ᠯᠢᠨ ᠵᠢᠩ ᠵᠢᠴᠢ ᠬᠤᠯᠪᠣᠭᠳᠠᠯ ᠪᠦᠬᠦᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ᠎ᠠ ᠪᠣᠯᠪᠠ᠃      ᠶᠠᠷᠢᠯᠴᠠᠬᠤ ᠬᠤᠷᠠᠯ ᠳᠡᠭᠡᠷ᠎ᠡ᠂ ᠦ᠋ ᠮᠧᠶ ᠯᠢᠨ ᠰᠤᠮᠤ ᠶᠢᠨ ᠥᠨᠳᠥᠷ  ᠨᠠᠰᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭ᠎ᠠ᠂ ᠭᠤᠷᠪᠠᠨ ᠠᠷᠠᠳ᠂ ᠵᠡᠮᠳᠡᠭ᠂ ᠨᠡᠶᠢᠭᠡᠮ ᠤᠨ ᠠᠪᠤᠷᠠᠨ ᠲᠤᠰᠠᠯᠠᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠰᠤᠷᠭᠠᠨ ᠬᠥᠮᠦᠵᠢᠯ ᠤᠨ ᠡᠬᠢ ᠪᠠᠶᠠᠯᠢᠭ᠂ ᠬᠠᠯᠠᠮᠰᠢᠯ ᠤᠲᠠᠰᠤᠨ ᠤ ᠭᠦᠢᠴᠡᠳᠬᠡᠯ ᠤᠨ ᠶᠠᠰᠤ ᠴᠢᠨᠠᠷ ᠦᠷ᠎ᠡ ᠪᠦᠲᠦᠮᠵᠢ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠠᠵᠢᠯ ᠨᠢ ᠨᠠᠮ ᠤᠨ ᠲᠦᠷᠦ ᠪᠠᠷᠢᠬᠤ ᠰᠠᠭᠤᠷᠢ ᠲᠠᠢ ᠬᠤᠯᠪᠣᠭᠳᠠᠵᠤ᠂ ᠤᠯᠠᠨ ᠲᠦᠮᠡᠨ ᠤ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠲᠠᠢ ᠬᠤᠯᠪᠣᠭᠳᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠰᠢᠯᠭᠠᠭᠤᠷ ᠮᠥᠨ᠂ ᠡᠷᠬᠡᠪᠰᠢ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠰᠡᠳᠬᠢᠯ ᠳᠡᠭᠡᠨ ᠪᠤᠳᠤᠵᠤ᠂ ︽ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠪᠠᠶ᠋ᠬᠠᠤᠪᠤᠭ᠎ᠠ ᠰᠤᠮᠤ ᠨᠢ ᠬᠡᠳᠦ᠋ᠢᠪᠡᠷ ᠰᠤᠷᠭᠠᠭᠤᠯᠢ ᠦᠭᠡᠢ ᠪᠣᠯᠪᠠᠴᠤ ᠬᠠᠷᠢᠶ᠎ᠠ ᠣᠷᠣᠨ ᠤ ᠪᠠᠨ ᠬᠡᠦᠬᠡᠳ ᠤᠨ ᠰᠤᠷᠭᠠᠨ ᠬᠥᠮᠦᠵᠢᠯ ᠢ ᠬᠠᠯᠠᠮᠵᠢᠯᠠᠨ ᠠᠩᠬᠠᠷᠴᠤ᠂ ᠬᠡᠦᠬᠡᠳ ᠤᠨ ᠰᠤᠷᠭᠠᠭᠤᠯᠢ ᠳᠤ  ᠤᠷᠤᠭᠰᠠᠨ ᠪᠠᠶᠢᠳᠠᠯ ᠢ ᠣᠶᠢᠯᠠᠭᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠪᠠ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ 12345 ᠬᠠᠯᠠᠮᠰᠢᠯ ᠤᠲᠠᠰᠤ ᠶᠢᠨ ︽ᠰᠡᠳᠬᠢᠯ ᠤᠨ ᠬᠤᠯᠪᠤᠭᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠵᠦ᠂ ᠡᠴᠦᠰ ᠲᠤᠨᠢ ᠲᠤᠯᠲᠠᠯ᠎ᠠ ᠰᠢᠢᠳᠪᠦᠷᠢᠯᠡᠬᠦ︾ ᠶᠢ ᠪᠡᠶᠡᠯᠡᠭᠦᠯᠬᠦ ᠶᠢᠨ ᠬᠠᠮᠲᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠦ᠋ ᠮᠧᠶ ᠯᠢᠨ ᠨᠠᠷ ᠮᠤᠳᠣᠨ ᠬᠦᠨᠳᠡᠢ ᠭᠠᠴᠠᠭ᠎ᠠ ᠳᠤ ᠬᠦᠷᠴᠦ᠂ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠥᠨᠳᠥᠷ ᠨᠠᠰᠤᠲᠠᠶ ᠵᠡᠮᠳᠡᠭ ᠠᠮᠢᠳᠤᠷᠠᠯ ᠤᠨ ᠲᠤᠤᠷ᠎ᠠ ᠪᠠᠲᠤᠯᠠᠭᠠᠲᠤ ᠡᠷᠦᠬᠡ ᠯᠦᠸᠧ ᠫᠧᠢ ᠶᠢᠩ ᠤᠨ ᠬᠡᠷ ᠲᠤ ᠬᠦᠷᠴᠤ᠂ ᠨᠠᠰᠤᠲᠠᠨ ᠤ ᠬᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠠ ᠪᠣᠳᠠᠲᠠᠶ ᠬᠦᠴᠢᠷᠳᠡᠯ ᠢ ᠨᠠᠷᠢᠨ ᠠᠰᠠᠭᠤᠨ ᠯᠠᠪᠯᠠᠭᠰᠠᠨ ᠪᠥᠭᠡᠳ ᠨᠠᠰᠤᠲᠠᠨ ᠳᠤ ᠠᠮᠢᠳᠤᠷᠠᠯ ᠤᠨ ᠡᠳ᠋ ᠪᠣᠳᠠᠰ ᠬᠦᠷᠭᠡᠭᠰᠡᠨ ᠪᠠᠶᠢᠨ᠎ᠠ᠃ ᠲᠣᠬᠤᠨᠢᠭᠤᠯᠬᠤ ᠶᠠᠪᠤᠴᠠ ᠳᠤ᠂ ᠦ᠋ ᠮᠧᠢ ᠯᠢᠨ ᠪᠠᠰᠠ ᠯᠦᠸᠧ ᠫᠧᠢ ᠶᠢᠩ ᠤᠨ ᠭᠡᠷ ᠤᠨ ᠨᠠᠰᠤᠳᠠᠢ ᠬᠦᠮᠦᠨ ᠳᠤ ᠳᠤᠬᠢᠷᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂   ᠶᠠᠷ᠎ᠠ ᠶᠢ  ᠲᠠᠷᠤᠬᠤ ᠠᠴᠠ ᠰᠡᠷᠭᠡᠶᠢᠯᠡᠬᠦ ᠳᠡᠪᠢᠰᠬᠡᠷ᠂ ᠭᠡᠷ  ᠪᠦᠯᠢ ᠶᠢᠨ ᠠᠮᠤᠷ ᠲᠦᠪᠰᠢᠨ ᠤ ᠬᠢᠨᠠᠨ ᠡᠵᠡᠮᠳᠡᠬᠦ ᠲᠥᠬᠦᠭᠡᠷᠦᠮᠵᠢ ᠶᠢᠨ ᠬᠡᠷᠡᠭᠯᠡᠯᠲᠡ ᠶᠢᠨ ᠲᠥᠷᠥᠭᠳᠡᠯ ᠢ ᠨᠠᠷᠢᠨ ᠠᠰᠠᠭᠤᠨ ᠯᠠᠪᠯᠠᠵᠤ᠂ ᠨᠠᠰᠤᠲᠠᠨ ᠳᠤ ᠲᠣᠬᠢᠷᠠᠬᠤ ᠥᠭᠡᠷᠡᠴᠢᠯᠡᠯᠲᠡ ᠨᠢ ᠦᠨᠡᠨᠬᠦ ᠨᠠᠰᠤᠲᠠᠶᠢᠴᠤᠳ ᠲᠤ ᠠᠮᠤᠷ ᠲᠦᠪᠰᠢᠨ᠂ ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠶᠢ ᠪᠠᠲᠤᠯᠠᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠦᠨᠡᠨᠬᠦ ᠲᠡᠭᠡᠭᠰᠢᠯᠡᠬᠦᠯᠦᠨ᠎ᠡ᠃      ᠲᠠᠷᠠᠭᠠᠴᠢ ᠶᠢᠨ ᠠᠯᠬᠤᠮ ᠳᠤ᠂ ᠪᠠᠶ᠋ᠬᠠᠤᠪᠤᠭ᠎ᠠ ᠰᠤᠮᠤ ᠪᠠᠶᠢᠴᠠᠭᠠᠨ ᠰᠤᠳᠤᠯᠵᠤ ᠵᠢᠯᠣᠭᠤᠳᠬᠤ ᠰᠠᠨᠠᠯ ᠲᠠᠢ ᠨᠢᠭᠲᠠ ᠤᠶᠠᠯᠳᠤᠭᠤᠯᠤᠨ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ 12345 ᠬᠠᠯᠠᠮᠰᠢᠯ ᠤᠲᠠᠰᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠬᠦᠷᠢᠶᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号