ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ  ᠶᠢᠨ ᠣᠶᠢᠲᠤ ᠭᠠᠵᠠᠷ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2025/5/7
ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ᠄      ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠬᠦ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠬᠦ ᠨᠠᠷᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠦᠨᠳᠦᠰᠦᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠳᠣᠤᠷᠠᠬᠢ ᠮᠡᠲᠦ ᠵᠠᠷᠯᠠᠶ᠎ᠠ᠃      ᠰᠢᠨ᠎ᠡ ᠪᠠᠷ ᠬᠠᠭᠠᠯᠪᠤᠷᠢᠯᠠᠵᠤ ᠰᠢᠨ᠎ᠡ ᠪᠠᠷ ᠳᠠᠷᠢᠬᠤ᠂ ᠡᠷᠬᠡ ᠪᠠᠶᠢᠬᠤ ᠶᠢ ᠵᠦᠪᠰᠢᠶᠡᠷᠡᠬᠦ ᠭᠠᠷᠳᠠᠮ ᠥᠬᠡᠶ ᠪᠤᠶᠤ ᠡᠷᠬᠡ ᠪᠠᠶᠢᠬᠤ ᠶᠢ ᠵᠦᠪᠰᠢᠶᠡᠷᠡᠬᠦ ᠬᠡᠪᠴᠢᠶ᠎ᠡ ᠠᠴᠠ ᠳᠠᠪᠠᠭᠤᠯᠤᠨ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ  ᠪᠠᠷ ᠢᠶᠠᠨ ᠳᠠᠷᠢᠬᠤ᠂ ᠬᠠᠤᠯᠢ ᠪᠤᠰᠤ ᠪᠠᠷ ᠬᠠᠭᠠᠯᠪᠤᠷᠢᠯᠠᠭᠰᠠᠨ ᠤ ᠳᠠᠷᠠᠭ᠎ᠠ ᠬᠠᠤᠯᠢ ᠠᠴᠠ ᠵᠥᠷᠢᠴᠡᠨ ᠰᠢᠯᠵᠢᠭᠦᠯᠦᠨ ᠥᠭᠴᠦ ᠡᠷᠭᠢᠯᠳᠦᠭᠦᠯᠬᠦ᠂ ᠰᠢᠳᠬᠡᠭᠳᠡᠭᠰᠡᠨ ᠤ ᠳᠠᠷᠠᠭ᠎ᠠ ᠦᠷᠭᠦᠯᠵᠢᠯᠡᠨ ᠳᠠᠬᠢᠨ ᠬᠠᠭᠠᠯᠪᠤᠷᠢᠯᠠᠬᠤ᠂ ᠲᠠᠷᠢᠶᠠᠯᠠᠩ ᠤᠨ ᠮᠠᠰᠢᠨ ᠢ ᠠᠰᠢᠭᠯᠠᠨ ᠳᠤᠷ᠎ᠠ ᠪᠠᠷ ᠢᠶᠠᠨ ᠬᠠᠭᠠᠯᠪᠤᠷᠢᠯᠠᠬᠤ᠂ ᠣᠶ ᠰᠢᠭᠤᠶ ᠠᠮᠤ ᠪᠤᠳᠠᠭ᠎ᠠ ᠶᠢ ᠠᠯᠠᠭᠯᠠᠨ ᠳᠠᠷᠢᠬᠤ ᠶᠢ ᠡᠷᠡᠰ ᠴᠠᠭᠠᠵᠠᠯᠠᠨ᠎ᠠ᠃ ᠵᠦᠷᠢᠴᠡᠭᠰᠡᠳ ᠢ ᠬᠠᠤᠯᠢ ᠶᠣᠰᠣᠭᠠᠷ ᠵᠠᠰᠠᠭ ᠵᠠᠬᠢᠷᠭ᠎ᠠ ᠪᠤᠶᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠢᠭᠡ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠨ᠎ᠠ      ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠬᠦ᠂ ᠬᠡᠷᠡᠭᠯᠡᠬᠦ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠳᠡᠭᠡᠷ᠎ᠡ ᠰᠢᠷᠣᠶ ᠠᠪᠬᠤ᠂ ᠬᠠᠶᠢᠷ ᠮᠠᠯᠲᠠᠬᠤ᠂ ᠴᠢᠯᠠᠭᠤ ᠭᠠᠷᠭᠠᠬᠤ ᠵᠡᠷᠭᠡ ᠨᠤᠲᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠄ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠡᠳ᠂ ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠥᠷᠥᠭᠰᠡᠨ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠢ ᠪᠤᠴᠠᠭᠠᠨ ᠦᠭᠴᠦ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢ ᠵᠥᠷᠢᠴᠡᠵᠦ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠪᠣᠯᠭᠠᠨ ᠳᠤᠷ᠎ᠠ ᠪᠠᠷ ᠢᠶᠠᠨ ᠥᠭᠡᠷᠡᠴᠢᠯᠡᠭᠰᠡᠨ ᠪᠠᠶᠢᠪᠠᠯ᠂ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ  ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ ᠬᠤᠭᠤᠴᠠᠭ᠎ᠠ ᠬᠢᠵᠠᠭᠠᠷᠯᠠᠨ ᠨᠤᠷᠠᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠬᠦᠨ ᠤ ᠥᠷᠲᠡᠭ ᠤᠨ ᠵᠢᠷᠭᠤᠭᠠᠨ ᠳᠠᠬᠢᠨ ᠠᠴᠠ ᠳᠡᠭᠡᠭᠰᠢ ᠠᠷᠪᠠᠨ ᠬᠤᠶᠠᠷ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ᠂ ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠦᠷᠬᠦ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠤᠷᠭᠤᠮᠠᠯ ᠤᠨ ᠬᠤᠴᠢᠯᠭ᠎ᠠ ᠶᠢ ᠨᠢ ᠬᠤᠭᠤᠴᠠᠭ᠎ᠠ ᠬᠢᠵᠠᠭᠠᠷᠯᠠᠨ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠬᠢᠨᠢ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠬᠦ᠂ ᠬᠡᠷᠡᠭᠯᠡᠬᠦ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠳᠡᠭᠡᠷ᠎ᠡ ᠰᠢᠷᠣᠶ ᠠᠪᠬᠤ᠂ ᠬᠠᠶᠢᠷ ᠮᠠᠯᠲᠠᠬᠤ᠂ ᠴᠢᠯᠠᠭᠤ ᠭᠠᠷᠭᠠᠬᠤ ᠵᠡᠷᠭᠡ ᠨᠤᠲᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠨᠤᠲᠤᠭ ᠪᠡᠯᠴᠢᠭᠡᠷ  ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ︵ᠬᠠᠤᠯᠢ ᠲᠠᠶᠢᠯᠪᠤᠷᠢ ﹇2012﹈ 15 ᠳ᠋ᠤᠭᠠᠷ ᠨᠣᠮᠧᠷᠲᠤ︶ ᠶᠢᠨ ᠬᠤᠯᠪᠣᠭᠳᠠᠯ ᠪᠦᠬᠦᠢ ᠲᠣᠭᠲᠠᠭᠠᠯ᠄ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠲᠤᠭ᠎ᠠ ᠬᠡᠮᠵᠢᠶ᠎ᠡ ᠨᠢ 20 ᠮᠦ ᠠᠴᠠ ᠳᠡᠭᠡᠭᠰᠢ ᠪᠣᠯᠤᠭᠰᠠᠨ ᠪᠠᠶᠢᠵᠦ᠂ ᠨᠤᠲᠤᠭ ᠪᠡᠯᠴᠢᠭᠡᠷ ᠢ ᠶᠡᠭᠡ ᠬᠡᠮᠵᠢᠶ᠎ᠡ ᠪᠠᠷ ᠡᠪᠳᠡᠭᠰᠡᠨ ᠪᠠᠶᠢᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠬᠤᠶᠠᠷ᠂ ᠣᠢ ᠰᠢᠭᠤᠢ ᠶᠢᠨ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠨ᠎ᠠ      ᠶᠠᠮᠠᠷᠪᠠ ᠬᠡᠯᠪᠡᠷᠢ ᠪᠠᠷ ᠣᠶ ᠮᠣᠳᠣ ᠶᠢ ᠳᠤᠷ᠎ᠠ ᠪᠠᠷ ᠢᠶᠠᠨ ᠣᠭᠲᠣᠯᠬᠤ᠂ ᠣᠶ ᠰᠢᠭᠤᠶ ᠶᠢᠨ ᠭᠠᠵᠠᠷ ᠢ ᠬᠠᠭᠠᠯᠪᠤᠷᠢᠯᠠᠬᠤ᠂ ᠣᠶ ᠰᠢᠭᠤᠶ ᠶᠢᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠄ ᠣᠶ ᠰᠢᠭᠤᠶ ᠶᠢ ᠡᠪᠳᠡᠨ ᠠᠲᠠᠷ ᠬᠠᠭᠠᠯᠪᠤᠷᠢᠯᠠᠬᠤ᠂ ᠴᠢᠯᠠᠭᠤ ᠭᠠᠷᠭᠠᠬᠤ᠂ ᠬᠠᠶᠢᠷ ᠮᠠᠯᠲᠠᠬᠤ᠂ ᠰᠢᠷᠣᠶ ᠭᠠᠷᠭᠠᠬᠤ ᠵᠢᠴᠢ ᠣᠶ ᠮᠣᠳᠣ ᠪᠣᠯᠤᠨ ᠣᠶ ᠮᠣᠳᠣᠨ ᠤ ᠭᠠᠵᠠᠷ ᠢ ᠡᠪᠳᠡᠬᠦ ᠪᠤᠰᠤᠳ ᠦᠢᠯᠡ ᠠᠵᠢᠯᠯᠠᠭ᠎ᠠ ᠶᠢ ᠴᠠᠭᠠᠵᠠᠯᠠᠨ᠎ᠠ᠃ ᠲᠤᠰ ᠬᠠᠤᠯᠢ ᠶᠢᠨ ᠲᠣᠭᠲᠠᠭᠠᠯ ᠠᠴᠠ ᠵᠥᠷᠢᠴᠡᠨ᠂ ᠣᠶ ᠮᠣᠳᠣ ᠶᠢ ᠡᠪᠳᠡᠯᠡᠭᠡ ᠳᠤ ᠤᠴᠠᠷᠠᠭᠤᠯᠤᠭᠰᠠᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠵᠤ ᠪᠠᠶᠢᠭᠠᠳ ᠤᠤᠯ ᠭᠠᠵᠠᠷ ᠲᠤ ᠨᠢ ᠪᠤᠶᠤ ᠣᠨᠳᠣᠤ ᠭᠠᠵᠠᠷ ᠲᠤ ᠨᠥᠬᠦᠵᠦ ᠲᠠᠷᠢᠭᠰᠠᠨ ᠪᠥᠭᠡᠳ ᠡᠪᠳᠡᠷᠡᠭᠰᠡᠨ ᠤᠷᠭᠤᠮᠠᠯ ᠤᠨ ᠲᠣᠭᠠᠨ ᠤ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠂ ᠡᠪᠳᠡᠭᠳᠡᠭᠰᠡᠨ ᠣᠢ ᠮᠣᠳᠣᠨ ᠤ ᠦᠷᠲᠡᠭ ᠤᠨ ᠲᠠᠪᠣᠨ ᠳᠠᠬᠢᠨ ᠠᠴᠠ ᠳᠤᠷᠤᠭᠰᠢ ᠵᠣᠭᠤᠰ ᠢᠶᠠᠷ ᠲᠣᠷᠭᠠᠨ᠎ᠠ︔ ᠣᠶ ᠰᠢᠭᠤᠶ ᠶᠢᠨ ᠭᠠᠵᠠᠷ ᠢ ᠡᠪᠳᠡᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠬᠦ ᠪᠠ ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠢ ᠨᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠲᠤᠰ ᠬᠠᠤᠯᠢ ᠶᠢᠨ ᠲᠣᠭᠲᠠᠭᠠᠯ ᠠᠴᠠ ᠵᠥᠷᠢᠴᠡᠨ᠂ ᠬᠢᠨᠠᠭᠠᠳ ᠵᠥᠪᠰᠢᠶᠡᠷᠡᠯ ᠦᠭᠡᠶ ᠪᠠᠷ ᠣᠶ ᠲᠠᠢ ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠢ ᠨᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠣᠶ ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠲᠠᠶᠢᠯᠪᠤᠷᠢᠯᠠᠯᠲᠠ︾ ︵ᠬᠠᠤᠯᠢ ᠲᠠᠶᠢᠯᠪᠤᠷᠢ ﹇2020﹈ 8 ᠳ᠋ᠤᠭᠠᠷ ᠨᠣᠮᠧᠷᠲᠤ︶ ᠤᠨ ᠬᠤᠯᠪᠣᠭᠳᠠᠯ ᠪᠥᠬᠦᠶ ᠲᠣᠭᠲᠠᠭᠠᠯ ᠨᠢ᠄ ︽ᠨᠡᠶᠢᠲᠡ ᠶᠢᠨ ᠠᠰᠠᠷᠠᠮᠵᠢ ᠶᠢᠨ ᠣᠶ ᠶᠢᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ 5 ᠮᠦ ᠠᠴᠠ ᠳᠡᠭᠡᠭᠰᠢ ᠰᠦᠢᠳᠬᠡᠭᠰᠡᠨ︾᠂ ︽ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠲᠠᠸᠠᠷ ᠤᠨ ᠣᠢ ᠶᠢᠨ ᠭᠠᠵᠠᠷ ᠢ 10 ᠮᠦ ᠠᠴᠠ ᠳᠡᠭᠡᠭᠰᠢ ᠰᠦᠢᠳᠬᠡᠭᠰᠡᠨ︾ ᠵᠡᠷᠭᠡ ᠪᠠᠶᠢᠳᠠᠯ᠂ ᠲᠤᠭ᠎ᠠ ᠬᠡᠮᠵᠢᠶ᠎ᠡ ᠪᠠᠷ ᠨᠡᠯᠢᠶᠡᠳ ᠶᠡᠭᠡ ᠪᠠᠶᠢᠵᠤ᠂ ᠡᠵᠡᠯᠡᠭᠳᠡᠭᠰᠡᠨ ᠣᠢ ᠶᠢᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ᠂ ᠣᠢ ᠶᠢᠨ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠬᠠᠤᠯᠢ ᠶᠢ ᠵᠥᠷᠢᠴᠡᠭᠰᠡᠨ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠠᠷᠢᠭᠤᠴᠠᠯᠭ᠎ᠠ  ᠶᠢ ᠭᠦᠢᠴᠡᠳᠬᠡᠨ᠎ᠡ      ᠣᠶ ᠰᠢᠭᠤᠶ ᠶᠢᠨ ᠭᠠᠵᠠᠷ ᠨᠤᠲᠤᠭ ᠪᠡᠯᠴᠢᠭᠡᠷ ᠨᠠᠮᠤᠭ ᠭᠠᠵᠠᠷ ᠢ ᠬᠠᠤᠯᠢ ᠠᠴᠠ ᠵᠥᠷᠢᠴᠡᠨ ᠬᠠᠭᠠᠯᠪᠤᠷᠢᠯᠠᠭᠰᠠᠨ ᠂ ᠡᠪᠳᠡᠭᠰᠡᠨ ᠬᠠᠷᠢᠭᠤᠴᠠᠯᠭᠠᠲᠠᠨ ᠨᠢ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢᠨ ᠬᠠᠮᠲᠤ ᠰᠢᠯᠭᠠᠨ ᠠᠪᠬᠤ ᠶᠢ ᠥᠩᠭᠡᠷᠡᠭᠡᠭᠰᠡᠨ ᠪᠠᠶᠢᠬᠤ ᠬᠡᠷᠡᠭᠲᠡᠶ᠃ ᠲᠣᠭᠲᠠᠭᠰᠠᠨ ᠴᠠᠭ ᠲᠤ ᠪᠠᠨ ᠰᠡᠷᠭᠦᠭᠡᠭᠰᠡᠨ ᠦᠭᠡᠢ  ᠬᠠᠷᠢᠭᠤᠴᠠᠯᠭᠠᠲᠠᠨ ᠢ ᠬᠠᠤᠯᠢ ᠶᠣᠰᠣᠭᠠᠷ ᠠᠯᠪᠠᠳᠠᠨ ᠬᠡᠷᠡᠭᠵᠢᠭᠦᠯᠦᠨ᠎ᠡ᠃      ᠳᠥᠷᠪᠡ᠂ ᠣᠶ ᠰᠢᠭᠤᠶ ᠨᠤᠲᠤᠭ ᠪᠡᠯᠴᠢᠭᠡᠷ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ᠂ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠭᠠᠳᠠᠨ᠎ᠠ᠂ ᠣᠷᠴᠢᠨ ᠠᠬᠤᠶ ᠶᠢ ᠰᠡᠷᠭᠦᠭᠡᠬᠦ᠂ ᠬᠤᠬᠢᠷᠠᠯ ᠢ ᠲᠥᠯᠥᠬᠦ ᠵᠡᠷᠭᠡ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠮᠲᠤ ᠳᠤ ᠨᠢ ᠡᠭᠦᠷᠭᠡᠯᠡᠨ᠎ᠡ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠮᠢᠩᠭ᠎ᠠ ᠬᠤᠶᠠᠷ ᠵᠠᠭᠤ ᠬᠤᠷᠢ ᠶᠢᠰᠦᠳᠦᠭᠡᠷ ᠵᠦᠢᠯ ᠳᠤ ᠲᠣᠭᠲᠠᠭᠠᠭᠰᠠᠨ ᠨᠢ᠄ ᠣᠷᠴᠢᠨ ᠠᠬᠤᠶ ᠶᠢ ᠪᠣᠬᠢᠷᠲᠤᠭᠤᠯᠬᠤ᠂ ᠠᠮᠢ ᠠᠬᠤᠶ ᠶᠢ ᠡᠪᠳᠡᠵᠦ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠴᠢ ᠡᠷᠬᠡ ᠳᠤ ᠬᠠᠯᠳᠠᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠮᠢᠩᠭ᠎ᠠ ᠬᠤᠶᠠᠷ ᠵᠠᠭᠤ ᠭᠤᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠨᠢ᠄ ᠤᠯᠤᠰ ᠤᠨ ᠲᠣᠭᠲᠠᠭᠠᠯ ᠠᠴᠠ ᠵᠥᠷᠢᠴᠡᠨ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠵᠦ ᠳᠡᠶᠢᠯᠬᠦ ᠪᠠᠶᠢᠪᠠᠯ᠂ ᠤᠯᠤᠰ ᠤᠨ ᠲᠣᠭᠲᠠᠭᠠᠭᠰᠠᠨ ᠪᠠᠶᠢᠭᠤᠯᠭ᠎ᠠ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠨᠢ ᠡᠷᠬᠡ ᠪᠠᠨ ᠬᠠᠯᠳᠠᠭᠰᠠᠳ ᠲᠤ ᠵᠣᠬᠢᠬᠤ ᠬᠤᠭᠤᠴᠠᠭᠠᠨ ᠤ ᠳᠣᠲᠣᠷ᠎ᠠ ᠵᠠᠰᠠᠨ ᠰᠡᠷᠭᠦᠭᠡᠬᠦ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃ ᠡᠷᠬᠡᠨ ᠳᠤ ᠬᠠᠯᠳᠠᠭᠰᠠᠨ ᠬᠥᠮᠦᠨ ᠴᠠᠭ ᠬᠤᠭᠤᠴᠠᠭᠠᠨ ᠤ ᠳᠣᠲᠣᠷ᠎ᠠ ᠵᠠᠰᠠᠨ ᠰᠡᠷᠭᠦᠭᠡᠭᠰᠡᠨ ᠦᠭᠡᠢ ᠪᠣᠯ᠂ ᠤᠯᠤᠰ ᠠᠴᠠ ᠲᠣᠭᠲᠠᠭᠠᠭᠰᠠᠨ ᠪᠠᠢᠭᠤᠯᠤᠯᠭ᠎ᠠ ᠪᠤᠶᠤ ᠬᠠᠤᠯᠢ ᠳᠤ ᠲᠣᠭᠲᠠᠭᠠᠭᠰᠠᠨ ᠵᠣᠬᠢᠶᠠᠨ ᠪᠠᠢᠭᠤᠯᠤᠯᠲᠠ ᠨᠢ ᠥᠪᠡᠰᠦᠪᠡᠨ ᠪᠤᠶᠤ ᠪᠤᠰᠤᠳ ᠲᠤ ᠨᠠᠶᠢᠳᠠᠵᠤ ᠵᠠᠰᠠᠨ ᠰᠡᠷᠭᠦᠭᠡᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠡᠷᠬᠡ ᠪᠠᠨ ᠬᠠᠯᠳᠠᠭᠴᠢ ᠠᠴᠠ ᠡᠭᠦᠷᠭᠡᠯᠡᠨ᠎ᠡ᠃ ᠮᠢᠩᠭ᠎ᠠ ᠬᠤᠶᠠᠷ ᠵᠠᠭᠤ ᠭᠤᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠄ ᠤᠯᠤᠰ ᠤᠨ ᠲᠣᠭᠲᠠᠭᠠᠯ ᠠᠴᠠ ᠵᠥᠷᠢᠴᠡᠨ ᠠᠮᠢ ᠠᠬᠤᠶ  ᠶᠢᠨ ᠣᠷᠴᠢᠨ ᠲᠣᠭᠤᠷᠢᠨ ᠳᠤ ᠬᠤᠬᠢᠷᠠᠯ ᠤᠴᠠᠷᠠᠭᠤᠯᠤᠭᠰᠠᠨ ᠪᠣᠯ᠂ ᠤᠯᠤᠰ ᠤᠨ ᠲᠣᠭᠲᠠᠭᠠᠭᠰᠠᠨ ᠪᠠᠶᠢᠭᠤᠯᠤᠯᠭ᠎ᠠ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠨᠢ ᠡᠷᠬᠡ ᠬᠠᠯᠳᠠᠭᠰᠠᠳ ᠲᠤ ᠳᠣᠤᠷᠠᠬᠢ ᠮᠡᠲᠦ ᠬᠤᠬᠢᠷᠠᠯ ᠪᠠ ᠵᠠᠷᠤᠳᠠᠯ ᠢ ᠲᠥᠯᠥᠭᠦᠯᠬᠦ ᠪᠠᠷ ᠭᠤᠶᠤᠴᠢᠯᠠᠬᠤ ᠡᠷᠬᠡ ᠲᠠᠢ᠄ ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠬᠤᠬᠢᠷᠠᠯ ᠳᠤ ᠤᠴᠠᠷᠠᠭᠠᠳ ᠰᠡᠷᠭᠦᠭᠡᠨ ᠵᠠᠰᠠᠵᠤ ᠳᠠᠭᠤᠰᠬᠠᠭᠰᠠᠨ ᠬᠤᠭᠤᠴᠠᠭᠠᠨ ᠳᠤ ᠦᠢᠯᠡᠴᠢᠯᠡᠭᠡᠨ ᠤ ᠴᠢᠳᠠᠮᠵᠢ ᠪᠠᠨ ᠠᠯᠳᠠᠭᠰᠠᠨ ᠠᠴᠠ ᠪᠣᠯᠤᠭᠰᠠᠨ ᠬᠤᠬᠢᠷᠠᠯ︔ ︵ᠬᠤᠶᠠᠷ︶ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢᠨ ᠥᠨᠢᠳᠡ ᠶᠢᠨ ᠴᠢᠨᠠᠷᠲᠠᠶ ᠬᠤᠬᠢᠷᠠᠯ ᠠᠴᠠ ᠪᠣᠯᠤᠭᠰᠠᠨ ᠬᠤᠬᠢᠷᠠᠯ︔ ︵ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠤᠨ ᠪᠠᠶᠢᠴᠠᠭᠠᠯᠲᠠ᠂ ᠬᠢᠨᠠᠨ ᠲᠣᠭᠲᠠᠭᠠᠵᠤ ᠦᠨᠡᠯᠡᠨ ᠵᠢᠱᠢᠬᠦ ᠵᠡᠷᠭᠡ ᠵᠠᠷᠤᠳᠠᠯ︔ ︵ᠳᠥᠷᠪᠡ︶ ᠪᠣᠬᠢᠷᠲᠤᠯ ᠢ ᠠᠷᠢᠯᠭᠠᠨ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠵᠠᠷᠤᠳᠠᠯ︔ ︵ᠲᠠᠪᠤ︶ ᠬᠤᠬᠢᠷᠠᠯ ᠤᠨ ᠡᠭᠦᠰᠬᠦ ᠪᠠ ᠥᠷᠭᠡᠳᠬᠡᠬᠦ ᠶᠢ ᠰᠡᠷᠬᠡᠶᠢᠯᠡᠬᠦ ᠳᠤ ᠵᠠᠷᠤᠴᠠᠭᠤᠯᠤᠭᠰᠠᠨ ᠵᠦᠢ ᠵᠣᠬᠢᠰᠲᠠᠶ ᠵᠠᠷᠤᠳᠠᠯ᠃      ᠲᠠᠪᠤ᠂ ᠤᠢ ᠰᠢᠭᠤᠢ ᠡᠪᠡᠰᠦ ᠪᠡᠯᠴᠢᠭᠡᠷ ᠤᠨ ᠨᠠᠮᠤᠭ ᠭᠠᠵᠠᠷ ᠤᠨ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ      ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠣᠶ ᠰᠢᠭᠤᠶ ᠪᠠ ᠨᠤᠲᠤᠭ ᠪᠡᠯᠴᠢᠭᠡᠷ ᠢ ᠰᠦᠢᠳᠬᠡᠭᠰᠡᠨ ᠵᠡᠷᠭᠡ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠰᠦᠷᠦᠨ ᠬᠢᠵᠦ ᠪᠠᠶᠢᠭ᠎ᠠ ᠬᠥᠮᠦᠰ ᠲᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠵᠢᠷᠭᠤᠭ᠎ᠠ᠂ ᠱᠠᠩᠨᠠᠬᠤ ᠲᠣᠭᠲᠠᠴᠠ ᠶᠢ ᠢᠯᠡᠴᠢᠯᠡᠨ ᠮᠡᠳᠡᠭᠦᠯᠬᠦ      ︵ᠨᠢᠭᠡ︶ ᠠᠷᠠᠳ ᠣᠯᠠᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠲᠥᠷᠥᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠢᠯᠡᠴᠢᠯᠡᠨ ᠮᠡᠳᠡᠭᠦᠯᠡᠭᠰᠡᠨ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠬᠢᠨᠠᠨ ᠬᠠᠷᠭᠤᠭᠤᠯᠤᠭᠠᠳ ᠵᠠᠰᠠᠭ ᠵᠠᠬᠢᠷᠭᠠᠨ ᠤ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠳᠤ ᠬᠦᠷᠭᠡᠭᠰᠡᠨ ᠵᠢᠴᠢ ᠬᠡᠷᠡᠭ ᠢ ᠡᠷᠡᠭᠦᠦ ᠶᠢᠨ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠳᠤ ᠬᠦᠷᠭᠡᠭᠰᠡᠨ ᠪᠠᠶᠢᠪᠠᠯ ᠱᠠᠩᠨᠠᠯ ᠣᠯᠭᠤᠨ᠎ᠠ       ︵ᠬᠤᠶᠠᠷ︶ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠮᠡᠳᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠣᠳᠠᠲᠤ ᠬᠡᠷᠡᠭ ᠢ ᠦᠨᠡᠨ ᠮᠥᠨ ᠢᠶᠠᠷ ᠨᠢ ᠥᠨᠡᠯᠡᠨ ᠲᠣᠭᠠᠴᠢᠵᠤ᠂ ᠬᠡᠷᠡᠭ ᠤᠨ ᠪᠠᠶᠢᠴᠠᠭᠠᠯᠲᠠ ᠳᠤ ᠢᠳᠡᠪᠬᠢᠲᠡᠶ ᠬᠠᠮᠵᠢᠯᠴᠠᠨ᠂ ᠨᠥᠬᠦᠵᠦ ᠳᠠᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠭᠤᠮᠠᠯ ᠤᠨ ᠬᠤᠴᠢᠯᠭ᠎ᠠ ᠶᠢ ᠢᠳᠡᠪᠬᠢᠲᠡᠶ ᠰᠡᠷᠭᠦᠭᠡᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠵᠦ᠂ ᠲᠣᠭᠲᠠᠭᠠᠯ ᠠᠴᠠ ᠵᠥᠷᠢᠴᠡᠭᠰᠡᠨ ᠲᠣᠷᠭᠠᠭᠤᠯᠢ ᠶᠢ ᠰᠠᠨᠠᠭᠠᠴᠢᠯᠠᠭ᠎ᠠ ᠠᠴᠠ ᠪᠠᠨ ᠮᠡᠳᠡᠷᠡᠵᠦ ᠂ ᠬᠠᠤᠯᠢ ᠶᠣᠰᠣᠭᠠᠷ ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠦᠨ ᠰᠢᠢᠳᠬᠡᠵᠦ ᠪᠣᠯᠤᠨ᠎ᠠ᠃      ︵ᠭᠤᠷᠪᠠ︶ ᠬᠡᠷᠡᠭ ᠢ ᠮᠡᠳᠡᠭᠦᠯᠬᠦ ᠶᠢ ᠲᠡᠪᠴᠢᠨ᠂ ᠬᠡᠷᠡᠭ ᠢ ᠰᠢᠢᠳᠪᠦᠷᠢᠯᠡᠬᠦ ᠳᠤ ᠬᠠᠮᠵᠢᠯᠴᠠᠬᠤ ᠶᠢ ᠲᠡᠪᠴᠢᠭᠰᠡᠨ ᠪᠤᠶᠤ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠢᠯᠡ ᠠᠵᠢᠯᠯᠠᠭ᠎ᠠ ᠶᠢ ᠦᠷᠭᠦᠯᠵᠢᠯᠡᠨ ᠭᠦᠢᠴᠡᠳᠬᠡᠵᠦ᠂ ᠪᠠᠶᠢᠳᠠᠯ ᠢ ᠨᠢ ᠦᠵᠡᠵᠦ ᠪᠠᠶᠢᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠲᠥᠷᠥ ᠶᠢᠨ ᠪᠠᠶᠢᠭᠤᠯᠭ᠎ᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠯᠪᠠᠨ ᠲᠤᠰᠢᠶᠠᠯᠲᠠᠨ ᠵᠢᠴᠢ ᠲᠡᠳᠡᠨ ᠤ ᠭᠡᠷ ᠪᠦᠯᠢ ᠶᠢᠨ ᠬᠢᠨ ᠣᠢ ᠰᠢᠭᠤᠶ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠬᠦ ᠳᠤ ᠣᠷᠣᠯᠴᠠᠪᠠᠯ᠂ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ ᠮᠡᠳᠡᠭᠦᠯᠬᠦ ᠶᠢ ᠲᠡᠪᠴᠢᠭᠰᠡᠨ ᠪᠤᠶᠤ ᠰᠢᠢᠳᠪᠦᠷᠢᠯᠡᠬᠦ ᠶᠢ ᠬᠦᠯᠢᠶᠡᠬᠦ ᠦᠭᠡᠢ ᠪᠣᠯ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠲᠤᠬᠠᠶ ᠶᠢᠨ ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃      ︵ᠲᠦᠷᠪᠡ︶ ᠶᠠᠮᠠᠷᠪᠠ ᠨᠢᠭᠡᠴᠢ ᠪᠠ ᠬᠤᠪᠢ ᠬᠥᠮᠦᠨ ᠬᠠᠤᠯᠢ ᠠᠴᠠ ᠵᠥᠷᠢᠴᠡᠭᠰᠡᠨ ᠶᠠᠯ᠎ᠠ ᠬᠢᠭᠰᠡᠨ ᠰᠡᠵᠢᠭᠳᠡᠨ ᠢ ᠨᠢᠭᠤᠨ ᠳᠠᠯᠳᠠᠯᠠᠵᠤ᠂ ᠬᠠᠮᠠᠭᠠᠯᠠᠵᠤ᠂ ᠴᠢᠮᠡᠭᠡ ᠵᠠᠳᠠᠷᠠᠭᠤᠯᠬᠤ᠂ ᠭᠡᠷᠡᠴᠢ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ᠂ ᠦᠭᠡᠶᠢᠰᠬᠡᠬᠦ᠂ ᠡᠰᠡᠬᠦᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ︵ᠲᠠᠪᠤ︶ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠵᠤ᠂ ᠴᠢᠨᠠᠭᠰᠢᠯᠠᠪᠠᠯ ᠬᠠᠤᠯᠢ ᠬᠡᠷᠡᠭᠵᠢᠭᠦᠯᠬᠦ ᠠᠵᠢᠯᠲᠠᠨ ᠢ ᠬᠦᠴᠦᠷᠬᠡᠭᠯᠡᠯ ᠢᠶᠠᠷ ᠡᠰᠡᠷᠭᠦᠴᠡᠭᠰᠡᠨ ᠪᠠᠶᠢᠪᠠᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ︵ᠵᠢᠷᠭᠤᠭ᠎ᠠ︶ ᠦᠨᠡᠨ ᠬᠦ ᠪᠦᠲᠦᠮᠵᠢᠲᠡᠶ ᠢᠯᠡᠴᠢᠯᠡᠨ ᠮᠡᠳᠡᠭᠦᠯᠦᠭᠰᠡᠨ ᠢᠶᠠᠷ ᠮᠠᠭᠠᠳᠯᠠᠨ ᠲᠣᠭᠲᠠᠭᠠᠭᠰᠠᠨ ᠪᠥᠭᠡᠳ ᠵᠠᠩᠭᠢᠯᠠᠭ᠎ᠠ ᠶᠢᠨ ᠭᠡᠷᠡᠴᠢ ᠪᠠᠷᠢᠮᠲᠠ ᠶᠢᠨ ᠮᠠᠲ᠋ᠧᠷᠢᠶᠠᠯ ︵ᠸᠢᠳᠢᠣ᠋ ᠵᠡᠷᠭᠡ ᠮᠡᠳᠡᠭᠡ ᠵᠠᠩᠭᠢ︶ ᠬᠠᠩᠭᠠᠬᠰᠠᠨ ᠪᠣᠯ 200 ᠲᠦᠭᠦᠷᠢᠭ ‍ᠦᠨ‌‍ᠱᠠᠩᠨᠠᠯ ᠥᠭᠭᠦᠨ᠎ᠡ᠃      ︵ᠳᠤᠯᠤᠭ᠎ᠠ︶ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ᠄      ᠨᠢᠭᠡ ᠳᠤ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠢᠯᠡᠴᠢᠯᠡᠨ ᠮᠡᠳᠡᠭᠦᠯᠬᠦ ᠤᠲᠠᠰᠤ ᠳᠤ ᠣᠳᠠᠰᠣᠳᠠᠨ᠎ᠠ᠂ ᠲᠤᠬᠠᠶ ᠶᠢᠨ ᠭᠠᠵᠠᠷ ᠤᠨ ᠰᠤᠮᠤ ᠰᠢᠶᠠᠩ ᠪᠠᠯᠭᠠᠰᠤ ᠳᠤ ᠰᠢᠭᠤᠳ ᠢᠯᠡᠴᠢᠯᠡᠨ ᠮᠡᠳᠡᠭᠦᠯᠦᠭᠰᠡᠨ ᠴᠦ ᠪᠣᠯᠤᠨ᠎ᠠ᠃      ᠬᠤᠶᠠᠷ ᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ  ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ ᠳᠤ ᠤᠲᠠᠰᠤᠳᠠᠨ᠎ᠠ᠃      ᠣᠯᠠᠨ ᠬᠥᠮᠥᠨ ᠲᠣᠰ ᠲᠣᠰ ᠢᠯᠡᠴᠢᠯᠡᠨ ᠮᠡᠳᠡᠭᠦᠯᠦᠭᠰᠡᠨ ᠪᠣᠯ᠂ ᠬᠠᠮᠤᠭ ᠲᠦᠷᠦᠭᠦᠨ ᠳᠤ ᠢᠯᠡᠴᠢᠯᠡᠨ ᠮᠡᠳᠡᠭᠦᠯᠦᠭᠴᠢ ᠳᠤ ᠱᠠᠩᠨᠠᠨ᠎ᠠ ︵ᠳᠠᠩᠰᠠᠯᠠᠬᠤ ᠴᠠᠭ ᠤᠨ ᠳᠡᠰ ᠳᠠᠷᠠᠭᠠᠯᠠᠯ ᠢᠶᠠᠷ ᠪᠠᠷᠢᠮᠵᠢᠶ᠎ᠠ ᠪᠣᠯᠭᠠᠨ᠎ᠠ︶      ᠬᠠᠮᠳᠤᠷᠠᠨ ᠢᠯᠡᠴᠢᠯᠡᠨ ᠮᠡᠳᠡᠬᠦᠯᠦᠭᠰᠡᠨ ᠪᠠᠶᠢᠪᠠᠯ᠂ ᠢᠯᠡᠴᠢᠯᠡᠨ ᠮᠡᠳᠡᠬᠦᠯᠦᠭᠴᠢ ᠠᠴᠠ ᠲᠡᠭᠰᠢᠳᠭᠡᠨ ᠱᠠᠩᠨᠠᠯ  ᠤᠨ ᠮᠦᠩᠬᠦ ᠬᠤᠪᠢᠶᠠᠷᠢᠯᠠᠨ᠎ᠠ      ᠢᠯᠡᠴᠢᠯᠡᠨ ᠮᠡᠳᠡᠭᠦᠯᠦᠭᠴᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠡᠭᠦᠰᠦᠭᠰᠡᠨ ᠴᠠᠭ᠂ ᠨᠠᠷᠢᠨ ᠲᠣᠳᠣᠷᠬᠠᠶ ᠬᠠᠶ᠋ᠢᠭ᠂ ᠬᠠᠤᠯᠢ ᠠᠴᠠ ᠵᠥᠷᠢᠴᠡᠭᠰᠡᠨ ᠭᠤᠤᠯ ᠴᠣᠭᠴᠠ᠂ ᠬᠠᠤᠯᠢ ᠠᠴᠠ ᠵᠥᠷᠢᠴᠡᠭᠰᠡᠨ ᠪᠠᠶᠢᠳᠠᠯ ᠵᠡᠷᠭᠡ ᠦᠨ᠎ᠡ ᠥᠷᠲᠡᠭ ᠲᠠᠢ ᠰᠦᠪᠡᠭᠴᠢ ᠶᠢᠨ ᠮᠠᠲ᠋ᠧᠷᠢᠶᠠᠯ ᠢ ᠣᠨᠣᠪᠴᠢᠲᠠᠶ ᠬᠠᠩᠭᠠᠬᠤ ᠬᠡᠷᠡᠭᠲᠡᠶ᠃      ᠬᠦᠯᠢᠶᠡᠨ ᠠᠪᠬᠤ ᠨᠢᠭᠡᠴᠢ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃      ᠢᠯᠡᠴᠢᠯᠡᠨ ᠮᠡᠳᠡᠭᠦᠯᠬᠦ ᠳᠤᠮᠳᠠ ᠬᠡᠷᠡᠭ ᠢ ᠬᠦᠯᠢᠶᠡᠬᠦ ᠥᠬᠡᠶ᠂ ᠬᠡᠷᠡᠭ ᠢ ᠪᠠᠶᠢᠭᠤᠯᠬᠤ ᠥᠬᠡᠶ᠂ ᠬᠡᠷᠡᠭ ᠢ ᠪᠠᠶᠢᠴᠠᠭᠠᠬᠤ ᠥᠬᠡᠶ᠂ ᠱᠠᠩᠨᠠᠯ ᠲᠠᠢ ᠪᠠᠶᠢᠲᠠᠯ᠎ᠠ ᠲᠠᠷᠬᠠᠭᠠᠬᠤ ᠥᠬᠡᠶ ᠵᠡᠷᠭᠡ ᠪᠠᠶᠢᠳᠠᠯ ᠢ ᠣᠯᠵᠤ ᠮᠡᠳᠡᠪᠡᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠢᠯᠡᠴᠢᠯᠡᠨ ᠮᠡᠳᠡᠭᠦᠯᠬᠦ ᠤᠲᠠᠰᠤ ᠳᠤ ᠰᠢᠭᠤᠳ ᠤᠲᠠᠰᠤᠳᠠᠵᠤ ᠪᠣᠯᠤᠨ᠎ᠠ᠃      ᠥᠷᠭᠡᠨ ᠣᠯᠠᠨ ᠠᠷᠠᠳ ᠲᠦᠮᠡᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠣᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢᠨ ᠬᠠᠮᠲᠤ ᠠᠰᠠᠭᠤᠳᠠᠯ ᠢ ᠦᠨᠡᠨ ᠪᠣᠳᠠᠲᠠᠢ ᠪᠠᠷ ᠲᠤᠰᠬᠠᠵᠤ᠂ ᠠᠯᠢ ᠴᠢᠳᠠᠬᠤ ᠪᠠᠷ ᠪᠣᠳᠠᠲᠠᠢ ᠠᠰᠠᠭᠤᠳᠠᠯ ᠤᠨ ᠪᠣᠳᠠᠲᠠᠢ ᠦᠢᠯᠡ ᠪᠠᠶᠢᠳᠠᠯ ᠪᠠ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠢ᠂ ᠵᠢᠱᠢᠶᠡᠯᠡᠪᠡᠯ ᠡᠭᠦᠰᠦᠭᠰᠡᠨ ᠴᠠᠭ᠂ ᠭᠠᠵᠠᠷ᠂ ᠬᠤᠯᠪᠣᠭᠳᠠᠭᠰᠠᠨ  ᠨᠢᠭᠡᠴᠢ ᠶᠢᠨ ᠬᠤᠪᠢ ᠬᠥᠮᠦᠨ᠂ ᠪᠠᠶᠢᠳᠠᠯ ᠢ ᠮᠡᠳᠡᠬᠦ ᠬᠥᠮᠥᠨ ᠵᠢᠴᠢ ᠪᠣᠳᠠᠰ ᠤᠨ ᠭᠡᠷᠡᠴᠢ ᠵᠡᠷᠭᠡ ᠶᠢ ᠪᠣᠳᠠᠲᠠᠢ ᠬᠠᠩᠭᠠᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠵᠤ᠂ ᠥᠰᠬᠡᠨ ᠶᠡᠬᠡᠳᠬᠡᠬᠦ ᠪᠤᠶᠤ ᠪᠣᠳᠠᠲᠤ ᠶᠠᠪᠤᠳᠠᠯ ᠢ ᠭᠠᠵᠢᠭᠤᠳᠠᠭᠤᠯᠵᠤ ᠪᠣᠯᠬᠤ ᠦᠭᠡᠶ᠂ ᠮᠠᠲ᠋ᠧᠷᠢᠶᠠᠯ ᠵᠣᠬᠢᠶᠠᠵᠤ ᠪᠤᠰᠤᠳ ᠢ ᠭᠦᠳᠬᠡᠨ ᠵᠠᠭᠠᠯᠳᠤᠵᠤ ᠪᠣᠯᠬᠤ ᠦᠭᠡᠶ᠃ ᠢᠯᠡᠴᠢᠯᠡᠨ ᠮᠡᠳᠡᠭᠦᠯᠬᠦ ᠪᠠᠷ ᠳᠠᠮᠵᠢᠨ ᠵᠣᠷᠢᠭᠤᠳᠠ ᠬᠡᠷᠡᠭ ᠵᠣᠬᠢᠶᠠᠵᠤ ᠪᠤᠰᠤᠳ ᠢ ᠭᠦᠳᠬᠡᠨ ᠵᠠᠭᠠᠯᠳᠤᠭᠰᠠᠨ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ      ᠢᠯᠡᠴᠢᠯᠡᠨ ᠮᠡᠳᠡᠭᠦᠯᠬᠦ ᠤᠲᠠᠰᠤ᠄      ᠪᠠᠲᠤᠬᠠᠭᠠᠯᠭ᠎ᠠ ᠪᠠᠯᠭᠠᠰᠤ 0472 - 8428394      ᠦᠬᠡᠷᠬᠤᠳᠳᠤᠭ ᠪᠠᠯᠭᠠᠰᠤ 0472 - 8312116      ᠰᠢᠪᠡᠷᠬᠦᠷᠢᠶ᠎ᠡ ᠪᠠᠯᠭᠠᠰᠤ 0472 - 8311651      ᠪᠠᠶᠠᠨᠬᠤᠸᠠ ᠪᠠᠯᠭᠠᠰᠤ 0472 - 8315274      ᠰᠢᠷᠠᠮᠦ᠋ᠷᠡᠨ ᠪᠠᠯᠭᠠᠰᠤ 0472 - 8313101      ᠮᠠᠨᠳᠤᠯ ᠪᠠᠯᠭᠠᠰᠤ 0472 - 8315630      ᠴᠠᠭᠠᠨᠬᠠᠳᠠ ᠰᠤᠮᠤ 0472 - 8315586      ᠳᠠᠷᠬᠠᠨ ᠰᠤᠮᠤ 0472 - 8315393      ᠪᠠᠭ᠎ᠠ ᠣᠩᠭᠤᠨ ᠰᠢᠶᠠᠩ 0472 - 8315850      ᠪᠠᠶ᠋ᠬᠠᠤᠪᠤᠭ᠎ᠠ ᠰᠤᠮᠤ 0472 - 8310006      ᠰᠢ ᠾᠧ ᠰᠢᠶᠠᠩ 0472 - 8315175      ᠳᠣᠲᠣᠭᠠᠳᠤ ᠶᠢ ᠬᠠᠮᠠᠭᠠᠯᠠᠬᠤ ᠲᠣᠪᠴᠢᠶ᠎ᠠ 110      ᠱᠠᠩᠨᠠᠯ ᠠᠪᠬᠤ ᠤᠲᠠᠰᠤ᠄                ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ                ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ                  0472-8423850    
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号