ᠬᠢᠯᠢ ᠶᠢᠨ ᠵᠠᠭᠠᠭ ᠤᠨ ᠮᠠᠯᠴᠢᠨ ᠤ ᠳᠠᠭᠤᠯᠠᠯ ᠳᠠᠬᠢ ᠴᠠᠭ ᠦᠶ᠎ᠡ ᠶᠢᠨ ᠨᠠᠶᠢᠷᠠᠯ
ᠨᠡᠶᠢᠲᠡᠯᠡᠭᠰᠡᠨ ᠴᠠᠭ᠄
2025/5/7
      ᠥᠷᠭᠡᠨ ᠠᠭᠤᠳᠠᠮ ᠲᠠᠷᠬᠠᠨ ᠮᠤᠤᠮᠢᠩᠭᠠᠨ ᠤ ᠲᠠᠯ᠎ᠠ ᠨᠤᠲᠤᠭ ᠲᠤ᠂ ᠠᠷᠢᠭᠤᠨ ᠴᠠᠭᠠᠨ ᠰᠠᠯᠬᠢᠨ ᠴᠠᠬᠢᠯᠭᠠᠨ ᠭᠠᠷᠭᠠᠬᠤ ᠮᠠᠰᠢᠨ ᠪᠣᠯᠤᠨ ᠬᠥᠬᠡ ᠬᠡᠷᠡᠯᠳᠦ ᠴᠠᠬᠢᠯᠭᠠᠨ ᠭᠠᠷᠭᠠᠬᠤ ᠬᠠᠪᠲᠠᠰᠤ ᠰᠣᠯᠪᠢᠴᠠᠨ ᠭᠡᠷᠡᠯᠳᠦᠵᠦ᠂ ᠴᠡᠪᠡᠷ ᠡᠨᠧᠷᠭᠢ ᠶᠢ ᠲᠠᠯ᠎ᠠ ᠨᠤᠲᠤᠭ ᠤᠨ ᠬᠠᠮᠤᠭ ᠤᠨ ᠭᠦᠨ ᠳᠤ ᠣᠷᠣᠭᠤᠯᠪᠠ︔ ᠷᠠᠳᠢᠣ᠋ ᠲᠧᠯᠸᠢᠰ ᠤᠨ ᠰᠦᠯᠵᠢᠶᠡᠨ ᠤ ᠭᠡᠷᠡᠯᠳᠦ ᠳᠡᠭᠡᠰᠦ ᠶᠢ ᠲᠠᠯ᠎ᠠ ᠨᠤᠲᠤᠭ ᠢᠶᠠᠷ ᠨᠡᠪᠳᠡᠯᠵᠦ᠂ ᠤᠳᠤ ᠦᠶ᠎ᠡ ᠶᠢᠨ ᠪᠣᠯᠪᠠᠰᠤᠨ ᠤ ᠪᠤᠶᠠᠨ ᠵᠢᠷᠭᠠᠯ ᠢ ᠡᠷᠦᠬᠡ ᠪᠦᠷᠢ ᠳᠤ ᠬᠦᠷᠭᠡᠪᠡ᠃ ᠥᠩᠭᠡᠷᠡᠭᠰᠡᠨ ᠳᠤ᠂ ᠠᠳᠡ ᠰᠠᠭᠤᠷᠢ ᠲᠥᠬᠦᠭᠡᠷᠦᠮᠵᠢ ᠶᠢᠨ ︽ᠥᠨᠥᠴᠢᠨ ᠠᠷᠠᠯ︾ ᠪᠠᠶᠢᠵᠤ᠂ ᠤᠯᠤᠰ ᠤᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠭᠦᠨᠵᠡᠭᠡᠢ ᠠᠬᠢᠬᠤ ᠶᠢ ᠲᠠᠭᠠᠯᠳᠤᠨ᠂ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠠᠳᠡ ᠪᠣᠯ ᠰᠢᠨ᠎ᠡ ᠴᠠᠭ ᠦᠶ᠎ᠡ ᠶᠢᠨ ᠮᠠᠯᠴᠢᠳ ᠤᠨ ᠰᠢᠨ᠎ᠡ ᠠᠮᠢᠳᠤᠷᠠᠯ ᠢ ᠢᠯᠡᠷᠡᠭᠦᠯᠬᠦ ᠴᠣᠩᠬᠤ ᠪᠣᠯᠤᠭᠰᠠᠨ ᠪᠠᠶᠢᠨ᠎ᠠ᠃ ᠪᠠᠶᠠᠨᠬᠤᠸᠠ ᠪᠠᠯᠭᠠᠰᠤᠨ ᠳᠤ ᠠᠮᠢᠳᠤᠷᠠᠵᠤ ᠪᠠᠶᠢᠭ᠎ᠠ ᠮᠠᠯᠴᠢᠨ ᠬᠤᠩ ᠬᠤᠩ ᠨᠢᠭᠡ ᠭᠡᠷ ᠪᠣᠯ ᠶᠠᠭ ᠡᠨᠡ ᠬᠦ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠪᠠ ᠭᠡᠷᠡᠴᠢᠯᠡᠭᠴᠢ ᠪᠣᠯᠤᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠠᠨᠬᠤᠸᠠ ᠪᠠᠯᠭᠠᠰᠤ ᠠᠴᠠ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠠᠴᠠ ᠲᠠᠪᠤᠨ ᠺᠢᠯᠣᠮᠧᠲᠷ ᠵᠠᠶᠢᠲᠠᠶ ᠲᠠᠯ᠎ᠠ ᠨᠤᠲᠤᠭ ᠤᠨ ᠭᠦᠨ ᠳᠤ ᠮᠠᠯᠴᠢᠨ ᠬᠤᠩ ᠬᠤᠩ ᠨᠢᠭᠡ ᠭᠡᠷ ᠢᠶᠠᠷ ᠢᠶᠠᠨ ᠦᠶ᠎ᠡ ᠤᠯᠠᠷᠢᠨ ᠠᠳᠡ ᠰᠠᠭᠤᠵᠤ ᠪᠠᠶᠢᠪᠠ᠃ ᠰᠤᠷᠪᠤᠯᠵᠢᠯᠠᠭᠴᠢ ᠲᠡᠳᠡᠨ ᠤ ᠭᠡᠷ ᠲᠤ ᠬᠦᠷᠬᠦ ᠦᠶ᠎ᠡ  ᠳᠤ᠂ ᠲᠡᠷᠡ ᠶᠠᠭ ᠳ᠋ᠧᠦ ᠶᠢᠨ ᠰᠢᠭᠤᠳ ᠨᠡᠪᠲᠡᠷᠡᠭᠦᠯᠭᠡ ᠪᠠᠷ ᠲᠠᠯ᠎ᠠ ᠨᠤᠲᠤᠭ ᠤᠨ ᠠᠮᠢᠳᠤᠷᠠᠯ ᠢᠶᠠᠨ ᠦᠵᠡᠭᠦᠯᠵᠦ ᠪᠠᠶᠢᠪᠠ᠃ ᠲᠣᠭᠲᠠᠭᠤᠨ ᠴᠠᠬᠢᠯᠭᠠᠨ ᠬᠦᠴᠦᠨ ᠤ ᠬᠠᠩᠭᠠᠯᠭ᠎ᠠ ᠪᠣᠯᠤᠨ ᠰᠠᠭᠠᠳ ᠦᠭᠡᠶ ᠰᠦᠯᠵᠢᠶᠡᠨ ᠤ ᠵᠠᠯᠭᠠᠯᠲᠠ ᠨᠢ ᠲᠡᠭᠦᠨ ᠢ ᠬᠠᠷᠠᠭᠠᠨ ᠳᠠᠪᠲᠠᠮᠵᠢ ᠵᠣᠬᠢᠶᠠᠨ ᠪᠦᠲᠦᠭᠡᠵᠦ ᠴᠢᠳᠠᠭᠤᠯᠬᠤ ᠪᠠᠷ ᠪᠠᠷᠠᠬᠤ ᠦᠭᠡᠶ ᠪᠠᠰᠠ ᠰᠢᠭᠤᠳ ᠨᠡᠪᠲᠡᠷᠡᠭᠦᠯᠵᠦ᠂ ᠬᠢᠯᠢ ᠶᠢᠨ ᠮᠠᠯᠵᠢᠬᠤ ᠣᠷᠣᠨ ᠤ ᠥᠩᠭᠡ ᠦᠵᠡᠮᠵᠢ ᠪᠣᠯᠤᠨ ᠰᠣᠶᠣᠯ ᠢ ᠪᠦᠬᠦ ᠤᠯᠤᠰ ᠤᠨ ᠰᠦᠯᠵᠢᠶᠡᠨ ᠨᠠᠶᠢᠵᠠ ᠨᠠᠷ ᠲᠤ ᠤᠯᠠᠮᠵᠢᠯᠠᠨ᠎ᠠ᠃ 11 ᠲᠦᠮᠡᠨ ᠪᠠᠭ᠋ᠠᠷᠣᠭᠰᠠᠳ ᠲᠠᠢ ︽ᠰᠢᠨ᠎ᠡ ᠮᠠᠯᠴᠢᠨ︾ ᠪᠣᠯᠤᠭᠰᠠᠨ ᠤ ᠬᠤᠪᠢ ᠳᠤ᠂ ᠲᠡᠭᠦᠨ ᠤ ᠦᠯᠢᠭᠡᠷ ᠨᠢ ᠤᠯᠤᠰ ᠤᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠠᠪᠴᠢᠷᠠᠭᠰᠠᠨ ᠭᠦᠨᠵᠡᠭᠡᠢ ᠬᠤᠪᠢᠰᠤᠯᠲᠠ ᠶᠢ ᠲᠤᠰᠬᠠᠵᠠᠢ᠃      ︽ᠥᠩᠭᠡᠷᠡᠭᠰᠡᠨ ᠳᠤ ᠠᠳᠡ ᠭᠠᠷ ᠤᠲᠠᠰᠤᠨ ᠤ ᠳᠤᠬᠢᠶ᠎ᠠ ᠴᠤ ᠪᠠᠶᠢᠬᠤ ᠦᠭᠡᠢ᠂ ᠰᠠᠯᠬᠢ ᠶᠡᠭᠡ ᠦᠶ᠎ᠡ ᠳᠤ ᠷᠠᠳᠢᠣ᠋ ᠴᠤ ᠰᠣᠨᠣᠰᠳᠠᠬᠤ ᠦᠭᠡᠢ ᠪᠠᠶᠢᠭᠰᠠᠨ︾ ᠭᠡᠵᠦ ᠬᠤᠩ ᠬᠤᠩ ᠬᠡᠯᠡᠭᠰᠡᠨ ᠤ ᠬᠠᠮᠲᠤ ᠭᠠᠷ ᠤᠲᠠᠰᠤᠨ ᠤ ᠳᠡᠯᠭᠡᠴᠡ ᠳᠡᠭᠡᠷ᠎ᠡ ᠬᠤᠷᠤᠭᠤ ᠪᠠᠷ ᠢᠶᠠᠨ ᠬᠥᠩᠭᠡᠨ ᠲᠦᠷᠭᠡᠨ ᠢᠶᠠᠷ ᠭᠤᠯᠭᠤᠨ ᠭᠠᠷᠴᠤ᠂ ᠰᠤᠷᠪᠤᠯᠵᠢᠯᠠᠭᠴᠢ ᠳᠤ ᠨᠢᠭᠡᠨᠲᠡ ᠨᠡᠶᠢᠲᠡᠯᠡᠭᠰᠡᠨ ᠬᠠᠷᠠᠭᠠᠨ ᠳᠠᠪᠲᠠᠮᠵᠢ ᠶᠢᠨ ᠠᠭᠤᠯᠭ᠎ᠠ ᠶᠢ ᠳᠡᠯᠭᠡᠨ ᠦᠵᠡᠭᠦᠯᠵᠡᠶ᠃ ︽ᠣᠳᠣᠬᠠᠨ ᠳᠤ ᠠᠳᠠᠯᠢ ᠦᠭᠡᠢ ᠪᠣᠯᠣᠭᠰᠠᠨ᠂ ᠸᠢᠳᠢᠤ᠋ ᠪᠠᠷ ᠤᠲᠠᠰᠤ ᠪᠠᠷ ᠶᠠᠷᠢᠯᠴᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠰᠢᠭᠤᠳ ᠨᠡᠪᠲᠡᠷᠡᠭᠦᠯᠭᠡ ᠬᠢᠵᠦ ᠳᠡᠶᠢᠯᠦᠨ᠎ᠡ᠂ ᠮᠢᠨᠦ ᠪᠠᠭ᠋ᠠᠷᠬᠠᠭᠴᠢ ᠨᠢᠭᠡᠨᠲᠡ 11 ᠲᠦᠮᠡ ᠶᠢ ᠳᠠᠪᠠᠪᠠ︾᠃ ᠲᠡᠭᠦᠨ ᠤ ᠨᠢᠳᠦᠨ ᠳᠤ ᠣᠮᠣᠭᠰᠢᠯ ᠤᠨ ᠭᠡᠷᠡᠯ ᠰᠠᠴᠤᠷᠠᠵᠤ᠂ ᠬᠠᠮᠤᠭ ᠤᠨ ᠰᠢᠨ᠎ᠡ ᠨᠡᠢᠲᠡᠯᠡᠭᠰᠡᠨ ᠳᠦᠷᠰᠦ ᠰᠢᠩᠭᠡᠭᠡᠯᠲᠡ ᠶᠢ ᠵᠢᠷᠤᠭᠯᠠᠬᠤᠯᠠᠷ ᠵᠢᠷᠤᠭ ᠳᠣᠲᠣᠷᠠᠬᠢ ᠴᠡᠯ ᠬᠥᠪᠦᠩ ᠬᠥᠬᠡ ᠣᠭᠲᠠᠷᠭᠤᠢ ᠳᠤ ᠬᠦᠪᠰᠦᠭᠡᠷ ᠰᠢᠬᠢᠷ ᠮᠡᠲᠦ ᠡᠭᠦᠯᠡ ᠲᠠᠢ᠂ ᠰᠦᠷᠯᠢᠭ ᠰᠠᠢᠬᠠᠨ ᠳᠠᠭᠤᠤ ᠨᠢ ᠰᠠᠯᠬᠢᠨ ᠤ ᠠᠶᠠᠰ ᠢᠶᠠᠷ ᠴᠠᠯᠭᠢᠯᠠᠵᠤ᠂ ᠡᠨᠡ ᠬᠦ ᠸᠢᠳᠢᠤ᠋ ᠨᠢᠭᠡᠨᠲᠡ ᠲᠦᠮᠡ ᠭᠠᠷᠣᠢ ᠮᠠᠭᠲᠠᠭᠠᠯ ᠢ ᠣᠯᠵᠠᠢ᠃      ᠬᠤᠩ ᠬᠤᠩ ᠤᠨ ᠭᠡᠷ ᠲᠤ᠂ ᠣᠳᠣᠬᠢᠴᠢᠯᠠᠭᠰᠠᠨ ᠭᠡᠷ ᠤᠨ ᠴᠠᠬᠢᠯᠭᠠᠨ ᠬᠡᠷᠡᠭᠰᠡᠯ ᠪᠦᠷᠢᠨ ᠪᠠᠶᠢᠨ᠎ᠠ᠃ ᠬᠦᠯᠳᠡᠭᠡᠭᠦᠷ ᠲᠤ ᠰᠢᠨ᠎ᠡ ᠰᠤᠷᠭᠤᠭ ᠴᠠᠭᠠᠨ ᠢᠳᠡᠭᠡ ᠬᠠᠳᠠᠭᠠᠯᠠᠵᠤ᠂ ᠴᠠᠬᠢᠯᠭᠠᠨ ᠲᠣᠭᠤᠭᠠᠨ ᠤ ︽ᠫᠣᠯ ᠫᠣᠯ︾ ᠭᠡᠵᠦ ᠬᠠᠯᠠᠭᠤᠨ ᠠᠭᠤᠷ ᠭᠠᠷᠭᠠᠵᠤ᠂ ᠮᠢᠬᠠᠨ ᠤ ᠠᠩᠬᠢᠯᠤᠮ᠎ᠠ ᠦᠨᠦᠷ ᠪᠦᠬᠦ ᠥᠷᠥᠭᠡᠨ ᠳᠤ ᠳᠦᠭᠦᠷᠡᠩ ᠬᠠᠩᠬᠤᠯᠤᠨ᠎ᠠ᠃ ᠬᠤᠩ ᠬᠤᠩ ᠢᠨᠢᠶᠡᠮᠰᠦᠭᠯᠡᠭᠰᠡᠭᠡᠷ᠄ ︽ᠤᠳᠤ ᠬᠤᠭᠤᠯᠠ ᠬᠢᠬᠦ ᠳᠤ ᠠᠷᠭᠠᠯ ᠰᠢᠲᠠᠭᠠᠬᠤ ᠬᠡᠷᠡᠭ ᠦᠭᠡᠢ ᠪᠣᠯᠵᠠᠶ᠂ ᠤᠰᠤ ᠨᠢ ᠪᠠᠰᠠ ᠲᠦᠭᠡᠭᠡᠯ ᠤᠰᠤ᠂ ᠴᠡᠪᠡᠷ ᠮᠥᠷᠲᠡᠭᠡᠨ ᠳᠥᠭᠦᠮ ᠶᠤᠮ︾ ᠭᠡᠵᠦ ᠬᠡᠯᠡᠪᠡ᠃ ᠬᠤᠲᠠ ᠶᠢᠨ ᠬᠥᠮᠦᠰ ᠤᠨ ᠦᠵᠡᠬᠦ ᠪᠠᠷ ᠬᠡᠳᠦᠢ ᠡᠩ ᠤᠨ ᠠᠮᠢᠳᠤᠷᠠᠯ ᠤᠨ ᠠᠷᠭ᠎ᠠ ᠮᠠᠶ᠋ᠢᠭ ᠨᠢ᠂ ᠬᠢᠯᠢ ᠶᠢᠨ ᠮᠠᠯᠴᠢᠳ ᠤᠨ ᠤᠶᠢᠷ᠎ᠠ ᠶᠢᠨ ᠵᠢᠯ ᠤᠳ ᠲᠤ ᠬᠠᠮᠤᠭ ᠤᠨ ᠦᠨᠡᠨ ᠪᠣᠳᠠᠲᠠᠢ ᠵᠣᠯ ᠵᠢᠷᠭᠠᠯ ᠪᠣᠯᠤᠨ᠎ᠠ᠃ ᠢᠯᠠᠩᠭᠤᠶ᠎ᠠ ᠳᠤᠷᠠᠳᠤᠭᠤᠰᠢᠲᠠᠶ ᠨᠢ ᠭᠡᠪᠡᠯ᠂ ᠲᠤᠬᠠᠶ ᠶᠢᠨ ᠭᠠᠵᠠᠷ ᠤᠨ ᠬᠢᠨ ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠵᠦ ᠴᠠᠬᠢᠯᠭᠠᠨ ᠭᠠᠷᠭᠠᠬᠤ ᠰᠢᠰᠲ᠋ᠧᠮ ᠢ ᠬᠡᠷᠡᠭᠯᠡᠵᠦ᠂ ᠪᠤᠶᠢᠳᠠ ᠪᠥᠭᠯᠡᠭᠦᠤ ᠮᠠᠯᠵᠢᠬᠤ ᠣᠷᠣᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠵᠤ᠂ ᠬᠢᠯᠢ ᠬᠢᠵᠠᠭᠠᠷ ᠣᠷᠣᠨ ᠤ ᠮᠠᠯᠵᠢᠬᠤ ᠣᠷᠣᠨ ᠤ ᠲᠠᠷᠠᠬᠠᠶ ᠪᠤᠲᠠᠷᠬᠠᠶ ᠬᠡᠯᠪᠡᠷᠢ ᠶᠢᠨ ᠤᠰᠤᠨ ᠰᠤᠷᠪᠤᠯᠵᠢ ᠶᠢᠨ ᠴᠡᠭ ᠤᠨ ᠢᠨᠵᠧᠨᠧᠷᠢᠩ ᠨᠢ ᠬᠢᠯᠢ ᠬᠢᠵᠠᠭᠠᠷ ᠣᠷᠣᠨ ᠤ ᠮᠠᠯᠴᠢᠳ ᠤᠨ ᠤᠰᠤ ᠤᠤᠭᠤᠬᠤ  ᠳᠤ ᠳᠥᠭᠦᠮ ᠦᠭᠡᠢ᠂ ᠤᠰᠤᠨ ᠤ ᠴᠢᠨᠠᠷ ᠬᠢᠷᠢ ᠲᠡᠩᠴᠡᠬᠦ ᠥᠬᠡᠶ ᠵᠡᠷᠭᠡ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠭᠰᠡᠨ ᠪᠠᠶᠢᠨ᠎ᠠ᠃      ᠬᠤᠩ ᠬᠤᠩ ᠤᠨ ᠭᠡᠷ ᠤᠨ ᠡᠭᠦᠳᠡ ᠶᠢ ᠨᠡᠭᠡᠭᠡᠬᠦ ᠳᠤ᠂ ᠲᠡᠭᠰᠢᠬᠡᠨ ᠨᠢᠭᠡ ᠡᠷᠦᠬᠡ ᠵᠠᠰᠠᠮᠠᠯ ᠵᠠᠮ ᠨᠡᠪᠲᠡᠷᠡᠭᠰᠡᠨ ᠨᠢ᠂ ᠶᠠᠭ ᠯᠠ ᠮᠥᠩᠭᠦᠨ ᠬᠠᠳᠠᠭ ᠮᠡᠲᠦ ᠪᠠᠷ ᠲᠠᠯ᠎ᠠ ᠨᠤᠲᠤᠭ ᠤᠨ ᠭᠦᠨ ᠳᠤ ᠬᠦᠷᠲᠡᠯ᠎ᠡ ᠥᠷᠭᠡᠳᠬᠡᠪᠡ ᠃ ︽ᠡᠨᠡ ᠵᠠᠮ ᠪᠣᠯ ᠮᠠᠨ ᠤ ︿ᠪᠠᠶᠠᠵᠢᠯ ᠤᠨ ᠯᠤᠭᠰᠢᠭᠤᠨ ᠱᠤᠭᠤᠮ﹀ ᠮᠥᠨ︕︾ ᠭᠡᠵᠦ ᠬᠤᠩ ᠬᠤᠩ ᠵᠠᠰᠠᠮᠠᠯ ᠵᠠᠮ ᠢ ᠵᠢᠭᠠᠵᠤ ᠲᠠᠨᠢᠯᠴᠠᠭᠤᠯᠪᠠ᠂ ︽ᠣᠲᠣ ᠵᠠᠮ ᠵᠠᠰᠠᠵᠤ ᠳᠠᠭᠤᠰᠴᠤ᠂ ᠭᠠᠳᠠᠭᠰᠢ ᠭᠠᠷᠴᠤ ᠶᠠᠭᠤᠮ᠎ᠠ ᠠᠪᠬᠤ ᠳᠤ ᠴᠥᠮ ᠠᠮᠠᠷᠬᠠᠨ᠂ ᠮᠠᠯ ᠵᠥᠭᠡᠭᠡᠪᠦᠷᠢᠯᠡᠬᠦ ᠳᠤ ᠴᠦ ᠰᠠᠨᠠᠭ᠎ᠠ ᠵᠣᠪᠠᠭ᠋ᠤ ᠥᠬᠡᠶ᠂ ᠪᠢᠳᠡ ᠪᠠᠰᠠ ᠬᠠᠮᠤᠭ ᠤᠨ ᠰᠠᠶᠢᠨ ᠴᠢᠨᠠᠷ ᠰᠠᠶᠢᠲᠠᠶ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠬᠡᠷ ᠬᠤᠨᠢᠨ ᠮᠢᠬ᠎ᠠ ᠶᠢ ᠲᠡᠷᠡ ᠳᠠᠷᠤᠶ ᠳᠤ ᠨᠢ ᠭᠠᠳᠠᠷ ᠣᠷᠣᠨ ᠤ ᠬᠡᠷᠡᠭᠯᠡᠭᠴᠢᠳ ᠲᠤ ᠲᠠᠷᠬᠠᠭᠠᠵᠤ ᠪᠣᠯᠤᠨ᠎ᠠ︾ ᠭᠡᠵᠡᠶ᠃ ᠡᠨᠡ ᠬᠦ 2023 ᠣᠨ ᠳᠤ ᠪᠠᠷᠢᠯᠭ᠎ᠠ ᠳᠠᠭᠤᠰᠤᠭᠰᠠᠨ ᠡᠷᠦᠬᠡ ᠵᠠᠰᠠᠮᠠᠯ ᠵᠠᠮ ᠪᠣᠯ ᠳᠥᠭᠦᠮ ᠵᠠᠮ ᠬᠠᠷᠢᠯᠴᠠᠭᠠᠨ ᠤ ᠱᠤᠭᠤᠮ ᠪᠣᠯᠬᠤ ᠪᠠᠷ ᠪᠠᠷᠠᠬᠤ ᠥᠬᠡᠶ᠂ ᠨᠠᠩ ᠴᠤ ᠠᠵᠤ ᠠᠬᠤᠶ ᠶᠢᠨ ᠨᠡᠭᠦᠳᠡᠯ ᠪᠦᠰᠡ ᠪᠣᠯᠤᠨ᠎ᠠ᠃      ᠡᠲᠡᠭᠡᠷ ᠬᠤᠪᠢᠷᠠᠯᠲᠠ ᠨᠢ ᠬᠢᠯᠢ ᠬᠢᠵᠠᠭᠠᠷ ᠣᠷᠣᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠥᠭᠡᠳ ᠬᠤᠩ ᠬᠤᠩ ᠮᠡᠲᠦ ᠶᠢᠨ ᠮᠠᠯᠴᠢᠳ ᠲᠤ ᠨᠠᠩ ᠥᠷᠭᠡᠨ ᠠᠭᠤᠳᠠᠮ ᠳᠡᠯᠡᠬᠡᠶ ᠶᠢᠨ ᠡᠭᠦᠳᠡ ᠶᠢ ᠨᠡᠭᠡᠭᠡᠵᠦ᠂ ᠴᠠᠬᠢᠯᠭᠠᠨ᠂ ᠰᠦᠯᠵᠢᠶ᠎ᠡ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠭᠰᠡᠨ ᠨᠢ ᠲᠣᠭᠠᠴᠢᠯᠠᠭᠰᠠᠨ ᠠᠵᠤ ᠠᠬᠤᠶ ᠶᠢ ᠲᠠᠯ᠎ᠠ ᠨᠤᠲᠤᠭ ᠲᠤ ᠦᠨᠳᠦᠰᠦᠯᠡᠭᠦᠯᠵᠦ ᠰᠣᠶᠣᠭᠠᠯᠠᠭᠤᠯᠤᠭᠰᠠᠨ ᠪᠠᠶᠢᠨ᠎ᠠ᠃ ᠨᠢᠳᠤᠨᠤᠨ ᠰᠢᠭᠤᠳ ᠨᠡᠪᠲᠡᠷᠡᠭᠦᠯᠭᠡ ᠪᠠᠷ ᠳᠠᠮᠵᠢᠨ ᠪᠠᠷᠠᠭ᠎ᠠ ᠬᠤᠳᠠᠯᠳᠣᠵᠣ᠂ ᠬᠤᠩ ᠬᠤᠩ ᠶᠢᠨ ᠭᠡᠷ ᠤᠨ ᠣᠷᠣᠯᠭ᠎ᠠ  ᠶᠢ 50 ᠭᠠᠷᠤᠢ ᠲᠦᠮᠡᠨ ᠲᠥᠭᠦᠷᠢᠭ ᠨᠡᠮᠡᠭᠳᠡᠭᠦᠯᠵᠦ᠂ ᠲᠡᠷᠡ᠄ ︽ᠡᠳᠡᠭᠡᠷ ᠬᠤᠪᠢᠷᠠᠯᠲᠠ ᠨᠢ ᠰᠢᠨ᠎ᠡ ᠴᠠᠭ ᠦᠶ᠎ᠡ ᠶᠢᠨ ᠨᠠᠮ ᠤᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠠᠴᠠ ᠪᠣᠯᠤᠭᠰᠠᠨ ᠶᠤᠮ᠂ ᠪᠢᠳᠡ ᠪᠠᠰᠠ ᠴᠢᠳᠠᠪᠤᠷᠢ ᠶᠢᠨ ᠬᠡᠪᠴᠢᠶᠡᠨ ᠳᠤ ᠥᠪᠡᠷ ᠤᠨ ᠠᠮᠢᠳᠤᠷᠠᠯ ᠢᠶᠠᠨ ᠰᠠᠶᠢᠵᠢᠷᠠᠭᠤᠯᠤᠭᠰᠠᠨ ᠤ ᠳᠠᠷᠠᠭ᠎ᠠ᠂ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠬᠠᠮᠳᠤ ᠪᠠᠷ ᠴᠢᠨᠡᠭᠡᠯᠢᠭᠵᠢᠨ᠎ᠡ︾ ᠭᠡᠵᠦ ᠡᠷᠡᠰ ᠪᠠᠲᠤ ᠬᠡᠯᠡᠪᠡ᠃      ᠬᠤᠩ ᠬᠤᠩ 2021 ᠣᠨ ᠠᠴᠠ ᠡᠬᠢᠯᠡᠨ ᠣᠬᠤᠷ ᠸᠢᠳᠢᠣ᠋ ᠰᠡᠭᠦᠳᠡᠷᠯᠡᠬᠦ ᠶᠢ ᠲᠤᠷᠰᠢᠵᠤ᠂ ᠲᠡᠭᠦᠨ ᠤ ᠸᠢᠳᠢᠣ᠋ ᠶᠢᠨ ᠠᠭᠤᠯᠭ᠎ᠠ ᠨᠢ ᠪᠠᠶᠠᠯᠢᠭ ᠰᠠᠶᠢᠬᠠᠨ᠂ ᠲᠠᠯ᠎ᠠ ᠨᠤᠲᠤᠭ ᠤᠨ ᠲᠦᠷᠪᠡᠨ ᠤᠯᠠᠷᠢᠯ ᠤᠨ ᠦᠵᠡᠰᠬᠦᠯᠡᠩᠲᠦ ᠰᠠᠶᠢᠬᠠᠨ ᠦᠵᠡᠮᠵᠢ ᠲᠠᠢ ᠪᠥᠭᠡᠳ ᠮᠠᠯᠴᠢᠳ ᠤᠨ ᠤᠯᠠᠮᠵᠢᠯᠠᠯᠲᠤ ᠤᠷ᠎ᠠ ᠮᠡᠷᠭᠡᠵᠢᠯ ᠤᠨ ᠦᠵᠡᠭᠦᠯᠭᠡ ᠪᠠᠶᠢᠵᠤ᠂ ᠪᠠᠰᠠ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠮᠢᠳᠤᠯᠢᠭ ᠲᠡᠮᠳᠡᠭᠯᠡᠯ ᠪᠤᠢ᠃ 2013 ᠣᠨ ᠳᠤ᠂ ᠬᠤᠩ ᠬᠤᠩ ᠶᠢᠨ ᠭᠡᠷ ᠤᠨ ᠨᠤᠲᠤᠭ ᠪᠡᠯᠴᠢᠭᠡᠷ ᠥᠪᠡᠷᠲᠡᠭᠡᠨ ᠵᠠᠰᠠᠬᠤ ᠣᠷᠣᠨ ᠤ ᠲᠡᠰ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠪᠠᠷ ᠦᠨᠡᠯᠡᠭᠳᠡᠵᠦ᠂ ᠡᠨᠡ ᠬᠦ ᠢᠷᠠᠭᠤ ᠠᠯᠳᠠᠷ ᠤᠨ ᠠᠷᠤ ᠳᠤ ᠨᠢᠭᠡ ᠭᠡᠷ ᠤᠨ ᠬᠢᠨ ᠠᠷᠪᠠᠭᠠᠳ ᠵᠢᠯ ᠢ ᠨᠢᠭᠡ ᠯᠡ ᠡᠳᠦᠷ ᠮᠡᠲᠦ ᠪᠠᠷ ᠪᠠᠲᠤ ᠰᠠᠬᠢᠭᠰᠠᠨ ᠤ ᠦᠷ᠎ᠡ ᠳ᠋ᠦᠩ ᠪᠣᠯᠣᠨ᠎ᠠ᠃ ︽ᠤᠳᠤ ᠮᠠᠯᠵᠢᠬᠤ ᠳᠤ ᠪᠠᠨ ᠰᠢᠨᠵᠢᠯᠡᠬᠦ ᠤᠬᠠᠭᠠᠨ ᠢ ᠡᠷᠬᠢᠮᠯᠡᠵᠦ᠂ ᠪᠢᠳᠡ ᠨᠢᠭᠡ ᠭᠡᠷ ᠢᠶᠠᠷ ᠢᠶᠠᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠵᠢᠷᠤᠮᠯᠠᠵᠤ᠂ ︿ᠴᠥᠭᠡᠨ ᠲᠡᠵᠢᠭᠡᠵᠦ ᠨᠠᠷᠢᠯᠢᠭ ᠲᠡᠵᠢᠭᠡᠬᠦ﹀ ᠶᠢ ᠵᠢᠷᠤᠮᠯᠠᠵᠤ᠂ ᠠᠮᠢ ᠠᠬᠤᠢ ᠪᠣᠯᠤᠨ ᠠᠵᠤ ᠠᠬᠤᠢ ᠶᠢᠨ ᠬᠤᠣᠰ ᠦᠷ᠎ᠡ ᠠᠰᠢᠭ ᠢ ᠪᠠᠲᠤᠯᠠᠵᠤ᠂ ᠠᠮᠢ ᠠᠬᠤᠢ ᠰᠠᠶᠢᠨ ᠪᠣᠯᠵᠤ᠂ ᠦᠬᠡᠷ ᠬᠤᠨᠢ ᠮᠠᠷᠢᠶ᠎ᠠ ᠲᠠᠢ ᠪᠣᠯᠪᠠᠯ ᠠᠮᠢᠳᠤᠷᠠᠯ ᠰᠠᠶ᠋ᠢ ᠤᠷᠳᠤ ᠤᠳᠠᠭᠠᠨ ᠪᠠᠶᠢᠵᠤ ᠴᠢᠳᠠᠨ᠎ᠠ ︾ ᠭᠡᠵᠦ ᠬᠤᠩ ᠬᠤᠩ ᠬᠡᠯᠡᠪᠡ᠃ ᠡᠨᠡ ᠬᠦ ᠦᠢᠯᠡᠳᠪᠦᠷᠢᠯᠡᠯ᠂ ᠠᠮᠢ ᠠᠬᠤᠢ᠂ ᠠᠮᠢᠳᠤᠷᠠᠯ ᠤᠨ ︽ᠭᠤᠷᠪᠠᠨ ᠲᠦᠷᠦᠯ ᠬᠠᠮᠲᠤ ᠪᠠᠷ ᠠᠰᠢᠭ ᠬᠦᠷᠳᠡᠬᠦ︾ ᠬᠥᠭᠵᠢᠯᠲᠡ ᠶᠢᠨ ᠮᠣᠳᠧᠯ ᠪᠣᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠠᠮᠢᠳᠤᠯᠢᠭ ᠵᠢᠷᠤᠭᠯᠠᠯ ᠪᠣᠯᠤᠨ᠎ᠠ᠃      ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠳᠠᠭᠠᠭᠤᠯᠭ᠎ᠠ ᠳᠣᠣᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠣᠷᠣᠨ ᠳᠤ ᠡᠨᠧᠷᠭᠢ ᠶᠢᠨ ᠪᠠᠲᠤᠯᠠᠭ᠎ᠠ᠂ ᠤᠰᠤᠨ ᠠᠰᠢᠭᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠣᠭᠠᠴᠢᠯᠠᠭᠰᠠᠨ ᠬᠦᠴᠦᠨ ᠨᠡᠮᠡᠷᠢᠯᠡᠬᠦ ᠬᠠᠮᠵᠢᠯᠴᠠᠨ ᠬᠥᠭᠵᠢᠬᠦ ᠪᠠᠶᠢᠷᠢᠰᠢᠯ ᠢ ᠪᠦᠷᠢᠯᠳᠦᠭᠦᠯᠵᠦ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠪᠣᠳᠠᠰ ᠤᠨ ᠰᠠᠭᠤᠷᠢ ᠶᠢ ᠲᠠᠯᠪᠢᠵᠤ ᠥᠭᠴᠡᠢ᠃ 2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 360 ᠲᠦᠮᠡᠨ ᠲᠥᠭᠦᠷᠢᠭ ᠤᠨ ᠭᠡᠷᠡᠯ ᠴᠡᠨᠡᠭ ᠤᠨ ᠡᠨᠧᠷᠭᠢ ᠬᠠᠳᠠᠭᠠᠯᠠᠬᠤ ᠰᠢᠰᠲ᠋ᠧᠮ ᠤᠨ ᠴᠠᠬᠢᠯᠭᠠᠨ ᠭᠠᠷᠭᠠᠬᠤ ᠲᠦᠷᠦᠯ ᠵᠦᠢᠯ ᠢ ᠬᠢᠯᠢ ᠶᠢᠨ ᠨᠢᠭᠡᠳᠦᠭᠡᠷ ᠹᠷᠣᠨᠲ ᠤᠨ 16 ᠡᠷᠦᠬᠡ ᠬᠢᠯᠢ ᠶᠢᠨ ᠬᠠᠮᠠᠭᠠᠯᠠᠯᠲᠠ ᠶᠢᠨ ᠮᠠᠯᠴᠢᠳ ᠢᠶᠠᠷ ᠲᠣᠭᠲᠠᠭᠤᠨ ᠴᠠᠬᠢᠯᠭᠠᠨ ᠡᠭᠦᠰᠭᠡᠭᠴᠢ ᠪᠣᠯᠭᠠᠵᠤ︔  ᠬᠢᠯᠢ  ᠶᠢᠨ ᠮᠠᠯᠵᠢᠬᠤ ᠣᠷᠣᠨ ᠤ ᠲᠠᠷᠠᠬᠠᠶ ᠮᠠᠶ᠋ᠢᠭ ᠤᠨ ᠤᠰᠤᠨ ᠤ ᠡᠬᠢ ᠰᠤᠷᠪᠤᠯᠵᠢ ᠶᠢᠨ ᠴᠡᠭ ᠤᠨ ᠢᠨᠵᠧᠨᠧᠷᠢᠩ ᠨᠢ ᠪᠠᠶᠠᠨᠬᠤᠸᠠ ᠪᠠᠯᠭᠠᠰᠤ᠂ ᠮᠠᠨᠳᠤᠯ ᠪᠠᠯᠭᠠᠰᠤ᠂ ᠴᠠᠭᠠᠨᠬᠠᠳᠠ ᠰᠤᠮᠤ ᠶᠢᠨ 3 ᠰᠤᠮᠤ ︵ᠪᠠᠯᠭᠠᠰᠤ︶ ᠶᠢᠨ 361 ᠡᠷᠦᠬᠡ ᠮᠠᠯᠴᠢᠳ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠬᠢᠷᠢ ᠲᠡᠩᠴᠡᠬᠦ ᠦᠭᠡᠢ ᠠᠰᠠᠭᠤᠳᠠᠯ ᠢ ᠰᠢᠢᠳᠪᠦᠷᠢᠯᠡᠪᠡ︔ 2020 ᠣᠨ ᠠᠴᠠ ᠡᠬᠢᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠢᠯᠢ ᠬᠢᠵᠠᠭᠠᠷ ᠮᠠᠯᠵᠢᠬᠤ ᠣᠷᠣᠨ ᠳᠤ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ ᠭᠤᠷᠪᠠᠨ ᠵᠢᠯ ᠤᠨ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠥᠷᠥᠯ ᠵᠦᠢᠯ ᠵᠢᠴᠢ ᠤᠶᠤᠨᠲᠤ ᠷᠠᠳᠢᠣ᠋ ᠲᠧᠯᠸᠢᠰ ᠤᠨ ᠥᠷᠭᠡᠨ ᠪᠦᠰᠡᠲᠦ ᠰᠦᠯᠵᠢᠶᠡᠨ ᠤ ᠪᠦᠷᠬᠦᠴᠡ ᠶᠢᠨ ᠢᠨᠵᠧᠨᠧᠷᠢᠩ ᠢ ᠬᠡᠷᠡᠭᠵᠢᠭᠦᠯᠵᠦ᠂ ︽ᠤᠲᠠᠰᠤᠲᠤ + ᠣᠲᠠᠰᠤ ᠦᠭᠡᠢ︾ ᠶᠢ ᠠᠭᠤᠰᠤᠯᠴᠠᠭᠤᠯᠤᠨ ᠲᠣᠣᠷ ᠪᠠᠶᠢᠭᠤᠯᠬᠤ ᠮᠣᠳᠧᠯ ᠢᠶᠠᠷ ᠳᠠᠮᠵᠢᠭᠤᠯᠤᠨ᠂ 3670 ᠡᠷᠦᠬᠡ ᠮᠠᠯᠴᠢᠳ ᠲᠤ ᠲᠣᠭᠠᠴᠢᠯᠠᠭᠰᠠᠨ ᠴᠠᠭ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠥᠭᠴᠡᠶ᠃ ᠬᠤᠩ ᠬᠤᠩ᠂ ᠲᠡᠷᠡ ᠶᠠᠭ ᠬᠢᠯᠢ ᠬᠠᠮᠠᠭᠠᠯᠠᠭᠴᠢ ᠶᠢᠨ ᠡᠩᠨᠡᠭᠡᠨ ᠳᠤ ᠣᠷᠣᠬᠤ ᠪᠠᠷ ᠭᠤᠶᠤᠴᠢᠯᠠᠵᠤ ᠪᠠᠶᠢᠨ᠎ᠠ᠂ ᠥᠪᠡᠷ ᠢᠶᠠᠨ ᠪᠠᠰᠠ ᠡᠬᠡ ᠤᠯᠤᠰ  ᠤᠨ ᠬᠢᠯᠢ ᠪᠠᠨ ᠰᠠᠬᠢᠨ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠰᠤᠷᠪᠤᠯᠵᠢᠯᠠᠭᠴᠢ ᠳᠤ ᠬᠡᠯᠡᠪᠡ᠃      ᠪᠤᠶᠢᠳᠠ ᠪᠥᠭᠯᠡᠭᠦᠤ ᠬᠢᠯᠢ ᠶᠢᠨ ᠮᠠᠯᠵᠢᠯ ᠲᠠᠯᠠᠪᠠᠢ ᠨᠢ᠂ ᠣᠳᠣ ᠨᠢᠭᠡᠨᠲᠡ ᠰᠢᠨ᠎ᠡ ᠴᠠᠭ ᠦᠶ᠎ᠡ ᠶᠢᠨ ︽ᠰᠢᠯᠦᠭ ᠪᠠ ᠠᠯᠤᠰ ᠬᠤᠯᠠ︾ ᠪᠣᠯᠵᠤ᠂ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠷᠢᠬᠠᠨ ᠰᠠᠯᠬᠢ ᠪᠣᠯᠵᠤ᠂ ᠡᠨᠡ ᠬᠦ ᠲᠠᠯ᠎ᠠ ᠨᠤᠲᠤᠭ ᠢ ᠤᠷᠢᠳ ᠡᠮᠦᠨ᠎ᠡ ᠪᠠᠶᠢᠭ᠎ᠠ ᠦᠭᠡᠢ ᠠᠮᠢᠵᠢᠷᠠᠯ ᠤᠨ ᠬᠦᠴᠦᠨ ᠲᠠᠢ ᠪᠣᠯᠭᠠᠪᠠ᠃ ᠬᠤᠩ ᠬᠤᠩ ᠨᠢᠭᠡ ᠭᠡᠷ ᠤᠨ ᠦᠯᠢᠭᠡᠷ ᠪᠣᠯ ᠲᠦᠭ ᠲᠦᠮᠡᠨ ᠬᠢᠯᠢ ᠶᠢᠨ ᠠᠷᠠᠳ ᠤᠨ ᠠᠮᠢᠳᠤᠷᠠᠯ ᠤᠨ ᠬᠤᠷᠢᠶᠠᠩᠭᠤᠢ ᠳᠦᠷᠰᠦ ᠪᠣᠯᠤᠨ᠎ᠠ᠂ ᠨᠠᠮ ᠤᠨ ᠲᠦᠷᠦ ᠶᠢᠨ ᠪᠤᠳᠤᠯᠭ᠎ᠠ ᠶᠢᠨ ᠲᠠᠭᠠᠭᠤᠯᠭ᠎ᠠ ᠳᠣᠣᠷ᠎ᠠ᠂ ᠬᠢᠯᠢ ᠶᠢᠨ ᠪᠣᠭᠤᠮᠲᠠ ᠶᠢᠨ ᠮᠠᠯᠴᠢᠨ ᠤ ᠳᠠᠭᠤᠤ ᠴᠠᠭ ᠦᠶ᠎ᠡ ᠶᠢᠨ ᠨᠠᠶᠢᠷᠠᠯ ᠲᠠᠢ ᠴᠤᠤᠷᠢᠶᠠᠲᠤᠵᠤ᠂ ᠠᠮᠢ ᠠᠬᠤᠢ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ᠂ ᠦᠨᠳᠦᠰᠦᠲᠡᠨ ᠪᠦᠯᠬᠦᠮᠳᠡᠭᠰᠡᠨ ᠵᠢᠷᠤᠭ ᠪᠠᠶᠢᠵᠤ᠂ ᠡᠬᠡ ᠤᠯᠤᠰ ᠤᠨ ᠤᠮᠠᠷᠠᠲᠤ ᠬᠢᠯᠢ ᠳᠤ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号